ᠰᠦᠨ ᠱᠣᠸ ᠴᠧᠩ᠂ ᠵᠠᠩ ᠶᠠᠨ ᠺᠦᠨ ᠨᠠᠷ ᠬᠥᠬᠡᠬᠤᠲᠠ ᠳᠤ ᠪᠡᠭᠡᠵᠢᠩ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠧᠢ ᠰᠢᠶᠣᠣ ᠳ᠋ᠦᠩ ᠲᠠᠢ ᠠᠭᠤᠯᠵᠠᠪᠠ
ᠨᠡᠶᠢᠲᠡᠯᠡᠭᠰᠡᠨ ᠴᠠᠭ᠄
2024/6/28
   ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠸ ᠴᠧᠩ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ ᠨᠠᠷ 6 ᠳ᠋ᠤᠭᠠᠷ ᠰᠠᠷ᠎ᠠ ᠶᠢᠨ 27 ᠤ ᠡᠳᠦᠷ ᠬᠥᠬᠡᠬᠤᠲᠠ ᠳᠤ ᠪᠡᠭᠡᠵᠢᠩ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠧᠢ ᠰᠢᠶᠣᠣ ᠳ᠋ᠦᠩ ᠲᠠᠢ ᠠᠭᠤᠯᠵᠠᠪᠠ᠃
W020240628262067455887_ORIGIN.jpg
    ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠸ ᠴᠧᠩ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ ᠨᠠᠷ 6 ᠳ᠋ᠤᠭᠠᠷ ᠰᠠᠷ᠎ᠠ ᠶᠢᠨ 27 ᠤ ᠡᠳᠦᠷ᠂  ᠬᠥᠬᠡᠬᠤᠲᠠ ᠳᠤ ᠪᠡᠭᠡᠵᠢᠩ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠧᠢ ᠰᠢᠶᠣᠣ ᠳ᠋ᠦᠩ ᠲᠠᠢ ᠠᠭᠤᠯᠵᠠᠵᠤ ᠪᠠᠶᠢᠭ᠎ᠠ ᠨᠢ   ᠰᠦᠨ ᠱᠤᠤ ᠴᠧᠩ ᠸᠧᠢ ᠰᠢᠶᠣᠣ ᠳ᠋ᠦᠩ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠬᠦ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠪᠠᠶᠢᠳᠠᠯ ᠢ ᠲᠠᠨᠢᠯᠴᠠᠭᠤᠯᠪᠠ᠃ ᠰᠦᠨ ᠱᠤᠤ ᠴᠸᠡᠭ᠄ ︽ᠣᠯᠠᠨ ᠵᠢᠯ ᠤᠨ ᠲᠤᠷᠰᠢ ᠪᠡᠭᠡᠵᠢᠩ ᠬᠤᠲᠠ ᠶᠢᠨ ᠬᠢᠨ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠥᠪᠥᠷ ᠮᠣᠩᠭᠤᠯ ᠢ ᠶᠡᠭᠡ ᠪᠠᠷ ᠳᠡᠮᠵᠢᠭᠰᠡᠭᠡᠷ ᠢᠷᠡᠵᠡᠶ᠂ ᠡᠭᠦᠨ ᠳᠤ ᠪᠢᠳᠡ ᠶᠡᠬᠡᠳᠡ ᠲᠠᠯᠠᠷᠬᠠᠵᠤ ᠪᠠᠶᠢᠨ᠎ᠠ᠃ ᠡᠨᠡ ᠬᠤᠶᠠᠷ ᠵᠢᠯ ᠬᠤᠶᠠᠷ ᠭᠠᠵᠠᠷ ᠤᠨ ᠬᠢᠨ ︿ᠵᠢᠷᠭᠤᠭ᠎ᠠ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ﹀ ᠶᠢ ᠬᠡᠷᠡᠭᠵᠢᠭᠦᠯᠬᠦ ᠪᠠᠷ ᠪᠠᠷᠢᠴᠨ ᠪᠣᠯᠭᠠᠵᠤ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢᠨ ᠰᠢᠨ᠎ᠡ ᠦᠷ᠎ᠡ ᠪᠦᠲᠦᠭᠡᠯ ᠣᠯᠬᠤ ᠶᠢ ᠠᠬᠢᠭᠤᠯᠪᠠ᠃ ᠪᠢᠳᠡ ᠳᠤᠷᠠᠲᠠᠶ᠎ᠠ ᠪᠡᠭᠡᠵᠢᠩ ᠬᠤᠳᠠ ᠶᠢᠨ ᠦᠢᠯᠡᠴᠢᠯᠡᠭᠡᠨ ᠤ ᠪᠠᠲᠤᠯᠠᠭ᠎ᠠ ᠶᠢ ᠴᠢᠳᠠᠯ ᠤᠨ ᠬᠢᠷᠢ ᠪᠠᠷ ᠢᠶᠠᠨ ᠰᠠᠶᠢᠲᠤᠷ ᠬᠢᠵᠦ᠂ ᠪᠡᠭᠡᠵᠢᠩ ᠬᠤᠳᠠ ᠯᠤᠭ᠎ᠠ ᠶᠢᠨ ᠡᠯ᠎ᠡ ᠬᠦᠷᠢᠶ᠎ᠡ ᠴᠠᠷᠠᠭ᠎ᠠ ᠳᠤ ᠬᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ ᠥᠷᠭᠡᠳᠬᠡᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠶᠢ ᠪᠦᠬᠦ ᠲᠠᠯ᠎ᠠ ᠶᠢᠨ ᠬᠠᠮᠲᠤᠷᠠᠯᠴᠠᠭ᠎ᠠ ᠲᠡᠶᠢᠰᠢ ᠬᠤᠪᠢᠷᠠᠭᠤᠯᠬᠤ ᠶᠢ ᠠᠬᠢᠭᠤᠯᠤᠨ᠎ᠠ᠃ ᠪᠡᠭᠡᠵᠢᠩ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠰᠢᠰᠲ᠋ᠧᠮ ᠤᠨ  ᠬᠢᠨ ᠴᠢᠳᠠᠪᠤᠷᠢᠲᠠᠨ ᠤᠯᠠᠨ᠂ ᠰᠢᠨᠵᠢᠯᠡᠬᠦ ᠮᠡᠷᠭᠡᠵᠢᠯ᠂ ᠰᠤᠷᠭᠠᠨ ᠬᠥᠮᠦᠵᠢᠯ᠂ ᠡᠮ ᠡᠮᠨᠡᠯᠭᠡ᠂ ᠵᠤᠭᠠᠴᠠᠯ ᠵᠡᠷᠭᠡ  ᠬᠦᠷᠢᠶ᠎ᠡ ᠴᠠᠷᠠᠭ᠎ᠠ ᠳᠤ ᠪᠢᠳᠡᠨ ᠳᠤ ᠢᠯᠡᠭᠦᠬᠡᠨ ᠠᠷᠭ᠎ᠠ ᠤᠬᠠᠭᠠᠨ ᠭᠠᠷᠭᠠᠵᠤ᠂ ᠪᠢᠳᠡᠨ ᠢ ᠬᠠᠪᠰᠤᠷᠤᠨ ᠳᠤᠲᠠᠭᠤᠳᠠᠯ ᠢ ᠨᠡᠩ ᠰᠠᠶᠢᠲᠤᠷ ᠨᠥᠬᠦᠪᠦᠷᠢᠯᠡᠵᠦ᠂ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ︾ ᠬᠡᠵᠡᠢ᠃
W020240628262068487639_ORIGIN.jpg   ᠸᠧᠢ ᠰᠢᠶᠣᠣ ᠳ᠋ᠦᠩ᠄ ︽ᠡᠨᠡ ᠤᠳᠠᠭ᠎ᠠ ᠶᠢᠨ ᠪᠠᠶᠢᠴᠠᠭᠠᠨ ᠰᠤᠳᠤᠯᠤᠯᠲᠠ ᠪᠠᠷ ᠳᠠᠮᠵᠢᠨ ᠪᠢᠳᠡ ᠥᠪᠥᠷ
ᠮᠣᠩᠭᠤᠯ ᠤᠨ ᠰᠠᠶᠢᠨ ᠰᠠᠶᠢᠬᠠᠨ ᠬᠥᠭᠵᠢᠯᠲᠡ ᠶᠢᠨ ᠬᠠᠨᠳᠤᠰᠢ ᠶᠢ ᠪᠡᠶ᠎ᠡ ᠪᠠᠷ ᠢᠶᠠᠨ ᠣᠶᠢᠯᠠᠭᠠᠪᠠ᠃ ᠪᠡᠭᠡᠵᠢᠩ ᠥᠪᠥᠷ ᠮᠣᠩᠭᠤᠯ ᠬᠤᠶᠠᠷ ᠭᠠᠵᠠᠷ ᠤᠨ ᠬᠢᠨ ᠤᠯᠠᠨ ᠬᠦᠷᠢᠶ᠎ᠡ ᠴᠠᠷᠠᠭ᠎ᠠ ᠳᠤ ᠬᠠᠷᠢᠯᠴᠠᠨ ᠬᠡᠷᠡᠭᠴᠡᠭᠡ ᠱᠠᠭᠠᠷᠳᠠᠯᠭ᠎ᠠ ᠲᠠᠢ ᠪᠤᠯᠬᠤᠷ ᠬᠠᠮᠲᠤᠷᠠᠯᠴᠠᠭᠠᠨ ᠤ ᠴᠡᠭ ᠮᠠᠰᠢ ᠤᠯᠠᠨ ᠪᠠᠶᠢᠨ᠎ᠠ᠃ ᠪᠡᠭᠡᠵᠢᠩ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠬᠢᠨ ᠤᠷᠴᠢᠮ ᠤᠨ ᠵᠢᠯ ︿ᠪᠡᠭᠡᠵᠢᠩ ᠥᠪᠥᠷ ᠮᠣᠩᠭᠤᠯ ᠤᠨ ᠤᠯᠤᠰ ᠲᠥᠷᠥ ᠶᠢᠨ ᠵᠥᠪᠯᠡᠯᠭᠡᠨ ᠤ ᠬᠠᠮᠵᠢᠯᠴᠠᠭᠠᠨ ᠤ ᠬᠦᠴᠦᠨ ᠨᠡᠮᠡᠷᠢᠯᠡᠬᠦ﹀ ᠠᠵᠢᠯ ᠤᠨ ᠲᠣᠭᠤᠷᠢᠨ ᠳᠤ ᠶᠡᠭᠡ ᠬᠡᠮᠵᠢᠶᠡᠨ ᠤ ᠦᠷ᠎ᠡ ᠪᠦᠲᠦᠮᠵᠢ ᠰᠠᠶᠢᠲᠠᠢ ᠠᠵᠢᠯ ᠢ ᠥᠷᠨᠢᠭᠦᠯᠵᠦ᠂ ︿ᠵᠢᠷᠭᠤᠭ᠎ᠠ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ﹀ ᠶᠢᠨ ᠢᠯᠡᠳᠲᠡ ᠦᠷ᠎ᠡ ᠪᠦᠲᠦᠮᠵᠢ ᠣᠯᠬᠤ ᠶᠢ ᠠᠬᠢᠭᠤᠯᠪᠠ᠃ ᠪᠡᠭᠡᠵᠢᠩ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠬᠢᠨ ᠲᠠᠷᠠᠭᠠᠴᠢ  ᠪᠠᠷ ︿ᠵᠢᠷᠭᠤᠭ᠎ᠠ ᠶᠢ ᠳᠠᠬᠢᠨ ᠢᠶᠠᠷ ᠨᠡᠮᠡᠭᠳᠡᠭᠦᠯᠬᠦ ᠲᠥᠯᠥᠪᠯᠡᠭᠡ﹀ ᠶᠢᠨ ᠰᠠᠭᠤᠷᠢᠨ ᠳᠡᠭᠡᠷ᠎ᠡ ᠪᠡᠭᠡᠵᠢᠩ ᠥᠪᠥᠷ ᠮᠣᠩᠭᠤᠯ ᠤᠨ ᠬᠠᠮᠲᠤᠷᠠᠯᠴᠠᠭᠠᠨ ᠤ ᠨᠦᠬᠡᠴᠨ ᠬᠦᠴᠦᠨ ᠢ ᠢᠳᠡᠪᠬᠢᠲᠡᠢ ᠪᠠᠷ ᠭᠦᠨ ᠠᠭᠤᠳᠠᠯᠵᠤ᠂ ᠬᠠᠮᠲᠤᠷᠠᠯᠴᠠᠭᠠᠨ ᠤ ᠬᠦᠷᠢᠶ᠎ᠡ ᠴᠠᠷᠠᠭ᠎ᠠ ᠪᠠᠨ ᠥᠷᠭᠡᠳᠬᠡᠨ᠂ ᠪᠡᠭᠡᠵᠢᠩ ᠥᠪᠥᠷ ᠮᠣᠩᠭᠤᠯ ᠤᠨ ᠪᠥᠬᠦ ᠲᠠᠯ᠎ᠠ ᠶᠢᠨ ᠬᠠᠮᠲᠤᠷᠠᠯᠴᠠᠭ᠎ᠠ ᠶᠢ ᠠᠬᠢᠭᠤᠯᠵᠤ᠂ ᠪᠡᠭᠡᠵᠢᠩ ᠥᠪᠥᠷ ᠮᠣᠩᠭᠤᠯ ᠤᠨ ᠴᠢᠨᠠᠷᠯᠢᠭ ᠬᠥᠭᠵᠢᠯᠲᠡ ᠶᠢ ᠴᠢᠷᠮᠠᠶᠢᠨ ᠠᠬᠢᠭᠤᠯᠤᠨ᠎ᠠ︾ ᠬᠡᠯ᠎ᠡ᠃   ᠸᠧᠢ ᠰᠢᠶᠣᠣ ᠳ᠋ᠦᠩ ᠨᠠᠷ ᠪᠠᠰᠠ ᠪᠠᠶᠠᠨᠨᠠᠭᠤᠷ ᠬᠤᠳᠠ᠂ ᠪᠤᠭᠤᠲᠤ ᠬᠤᠳᠠ᠂ ᠬᠥᠬᠡᠬᠤᠲᠠ ᠳᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠠᠵᠢᠯ ᠤᠨ ᠬᠤᠯᠪᠣᠭᠳᠠᠯ ᠪᠦᠬᠦᠢ ᠪᠠᠶᠢᠳᠠᠯ ᠢ ᠰᠢᠨᠵᠢᠯᠡᠨ ᠪᠠᠶᠢᠴᠠᠭᠠᠵᠠᠢ᠃    ᠪᠡᠭᠡᠵᠢᠩ ᠬᠤᠳᠠ ᠶᠢᠨ ᠤᠳᠤᠷᠢᠳᠤᠯᠭ᠎ᠠ ᠼᠦᠢ ᠱᠤ᠋ ᠴᠢᠶᠠᠩ᠂ ᠯᠦ ᠶᠠᠨ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠢᠦᠢ ᠯᠢ ᠰᠢᠨ᠂ ᠯᠥᠸᠧ ᡁᠢ ᠬᠤ᠋ ᠨᠠᠷ ᠠᠭᠤᠯᠵᠠᠯᠲᠠ ᠳᠤ ᠣᠷᠣᠯᠴᠠᠪᠠ᠃    
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号