︽ᠨᠡᠶᠢᠭᠡᠮ ᠤᠨ ᠲᠤᠰᠠᠯᠠᠮᠵᠢ ᠶᠢᠨ 2024 ᠣᠨ ᠤ ᠪᠠᠷᠢᠮᠵᠢᠶ᠎ᠠ ᠶᠢᠨ ᠬᠤᠯᠪᠣᠭᠳᠠᠯ ᠪᠦᠬᠦᠢ ᠵᠦᠢᠯᠡᠰ ᠤᠨ ᠲᠤᠬᠠᠢ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ᠤᠨ | ᠲᠤᠬᠠᠢ ᠲᠠᠶᠢᠯᠤᠮᠵᠢ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠢᠨ ᠤᠷᠴᠢᠮ | ᠳᠤ ︽ᠨᠡᠶᠢᠭᠡᠮ ᠤᠨ ᠲᠤᠰᠠᠯᠠᠮᠵᠢ ᠶᠢᠨ 2024 ᠣᠨ ᠤ ᠪᠠᠷᠢᠮᠵᠢᠶ᠎ᠠ ᠶᠢᠨ ᠬᠤᠯᠪᠣᠭᠳᠠᠯ ᠪᠦᠬᠦᠢ ᠵᠦᠢᠯᠡᠰ ᠤᠨ | ᠲᠤᠬᠠᠢ ᠮᠡᠳᠡᠭᠳᠡᠯ︾ ︵ ︽ᠮᠡᠳᠡᠭᠳᠡᠯ︾ ᠭᠡᠵᠦ ᠲᠤᠪᠴᠢᠯᠠᠶ᠎ᠠ︶ ᠢ ᠳᠠᠷᠤᠮᠠᠯᠯᠠᠨ ᠲᠠᠷᠬᠠᠭᠠᠪᠠ᠂ ᠡᠬᠦᠨ ᠤ ᠲᠤᠬᠠᠢ | ᠭᠤᠷᠪᠠᠨ ᠲᠠᠯ᠎ᠠ ᠪᠠᠷ ᠲᠠᠶᠢᠯᠪᠤᠷᠢᠯᠠᠶ᠎ᠠ᠃ | ᠨᠢᠭᠡ᠂ ︽ᠮᠡᠳᠡᠭᠳᠡᠯ︾ ᠢ ᠲᠣᠭᠲᠠᠭᠠᠭᠰᠠᠨ ᠠᠬᠤᠢ ᠪᠠᠶᠢᠳᠠᠯ ᠪᠠ ᠴᠢᠬᠤᠯᠠ ᠴᠢᠨᠠᠷ | ︽ᠮᠡᠳᠡᠭᠳᠡᠯ︾ ᠤᠨ ᠵᠣᠷᠢᠯᠭ᠎ᠠ ᠨᠢ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ︽ᠦᠶᠦᠭ | ᠳᠤᠯᠠᠭᠠᠨ ᠤ ᠢᠨᠵᠧᠨᠧᠷᠢᠩ︾ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠪᠠ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠠᠷᠠᠳ ᠤᠨ ᠶᠠᠪᠤᠳᠠᠯ ᠤᠨ | ᠦᠢᠯᠡᠰ ᠤᠨ ᠬᠦᠭᠵᠢᠬᠦᠯᠤᠯᠳᠡ ᠶᠢᠨ ᠲᠥᠯᠦᠪᠵᠢᠭᠦᠯᠭᠡ︾ ᠶᠢᠨ ︽︿ᠠᠷᠪᠠᠨ ᠳᠥᠷᠪᠡᠳᠦᠭᠡᠷ ᠲᠠᠪᠤᠨ ᠵᠢᠯ﹀ ᠤᠨ | ᠰᠡᠭᠦᠯᠴᠢ ᠶᠢᠨ ᠮᠠᠯᠵᠢᠬᠤ ᠲᠠᠷᠢᠶᠠᠯᠠᠬᠤ ᠣᠷᠣᠨ ᠤ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠬᠤᠲᠠ ᠶᠢᠨ | ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ 75% ᠳᠤ ᠬᠦᠷᠦᠭᠦᠯᠬᠦ︾ ᠵᠢᠱᠢᠯᠲᠡ ᠶᠢᠨ ᠴᠢᠨᠠᠷᠲᠠᠢ | ᠭᠦᠢᠴᠡᠳᠬᠡᠯ ᠲᠤᠭ᠎ᠠ ᠶᠢᠨ ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠪᠥᠬᠦ ᠣᠷᠣᠨ ᠤ ᠨᠡᠶᠢᠭᠡᠮ ᠤᠨ | ᠲᠤᠰᠠᠯᠠᠮᠵᠢ ᠶᠢᠨ ᠪᠠᠷᠢᠮᠵᠢᠶ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠦᠨ᠂ ᠬᠤᠲᠠ ᠬᠥᠳᠡᠭᠡ᠂ ᠣᠷᠣᠨ ᠪᠦᠰᠡ ᠶᠢᠨ | ᠵᠥᠷᠢᠶ᠎ᠡ ᠶᠢ ᠪᠠᠭᠠᠰᠬᠠᠬᠤ ᠶᠢᠨ ᠲᠥᠯᠥᠭᠡ ᠶᠤᠮ᠃ | ᠬᠤᠶᠠᠷ᠂︽ᠮᠡᠳᠡᠭᠳᠡᠯ︾ ᠢ ᠲᠤᠭᠤᠷᠪᠢᠭᠰᠠᠨ ᠦᠨᠳᠦᠰᠦᠯᠡᠯ | ︽ᠨᠡᠶᠢᠭᠡᠮ ᠤᠨ ᠲᠤᠰᠠᠯᠠᠮᠵᠢ ᠶᠢᠨ ᠲᠤᠬᠠᠢ ᠲᠦᠷ ᠬᠡᠷᠡᠭᠵᠢᠭᠦᠯᠬᠦ ᠠᠷᠭ᠎ᠠ︾ ︵ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠵᠠᠷᠯᠢᠭ 649 ᠳ᠋ᠦᠭᠡᠷ ᠲᠣᠭᠠᠲᠤ︶᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ︽ᠨᠡᠶᠢᠭᠡᠮ ᠤᠨ | ᠲᠤᠰᠠᠯᠠᠮᠵᠢ ᠶᠢᠨ ᠳᠦᠷᠢᠮ ᠢ ᠥᠭᠡᠷᠡᠴᠢᠯᠡᠨ ᠲᠡᠭᠦᠯᠳᠡᠷᠵᠢᠭᠦᠯᠬᠦ ᠲᠤᠬᠠᠢ ᠰᠠᠨᠠᠯ︾ ︵ᠲᠥᠪ ᠠᠯᠪᠠᠨ ᠲᠠᠷᠬᠠᠭᠠᠭᠰᠠᠨ ﹇ | 2020﹈ 18 ᠳ᠋ᠤᠭᠠᠷ ᠲᠣᠭᠠᠲᠤ︶᠂ ︽ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ | ᠲᠤᠰᠠᠯᠠᠮᠵᠢ ᠶᠢᠨ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ | ᠲᠠᠷᠬᠠᠭᠠᠭᠰᠠᠨ ﹇2015﹈ 94 ᠳ᠋ᠤᠬᠡᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ | ᠦᠨᠳᠦᠰᠦᠯᠡᠨ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2024 ᠣᠨ ᠤ ᠨᠡᠶᠢᠭᠡᠮ ᠦᠨᠲ᠋ᠤᠰᠠᠯᠠᠮᠵᠢ ᠶᠢᠨ ᠪᠠᠷᠢᠮᠵᠢᠶ᠎ᠠ ᠶᠢᠨ | ᠬᠤᠯᠪᠣᠭᠳᠠᠯ ᠪᠦᠬᠦᠢ ᠵᠦᠢᠯᠡᠰ ᠤᠨ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠪᠠ᠃ | ᠭᠤᠷᠪᠠ᠂ ︽ᠮᠡᠳᠡᠭᠳᠡᠯ︾ ᠤᠨ ᠪᠤᠷᠤ ᠲᠥᠯᠥᠪ ᠪᠠ ᠭᠤᠣᠯ ᠠᠭᠤᠯᠭ᠎ᠠ | | ︽ᠮᠡᠳᠡᠭᠳᠡᠯ︾ ᠨᠢ ᠨᠠᠶᠢᠳᠠ ᠲᠦᠷᠪᠡᠨ ᠬᠡᠰᠡᠭ ᠲᠤ ᠬᠤᠪᠢᠶᠠᠵᠠᠢ᠃ | ᠨᠢᠭᠡ ᠳᠤ᠂ ᠬᠢᠨᠠᠨ ᠬᠠᠷᠭᠤᠭᠤᠯᠵᠤ ᠲᠣᠭᠲᠠᠭᠠᠭᠰᠠᠨ ᠲᠤᠰᠠᠯᠠᠮᠵᠢ ᠶᠢᠨ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠬᠦ | ᠬᠡᠷᠡᠭᠲᠡᠢ᠃ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠲᠣᠭᠲᠠᠭᠠᠭᠰᠠᠨ 2024 ᠣᠨ ᠤ ᠨᠡᠶᠢᠭᠡᠮ ᠤᠨ ᠲᠤᠰᠠᠯᠠᠮᠵᠢ ᠶᠢᠨ ᠪᠠᠷᠢᠮᠵᠢᠶ᠎ᠠ ᠶᠢ 2024 ᠣᠨ ᠤ 7 ᠳ᠋ᠤᠭᠠᠷ | ᠰᠠᠷ᠎ᠠ ᠠᠴᠠ ᠡᠬᠢᠯᠡᠨ ᠬᠡᠷᠡᠭᠵᠢᠭᠦᠯᠬᠦ ᠶᠢ ᠲᠣᠳᠣᠷᠬᠠᠶᠢᠯᠠᠵᠤ᠂ ᠬᠤᠯᠪᠣᠭᠳᠠᠯ ᠪᠦᠬᠦᠢ ᠭᠠᠵᠠᠷ ᠣᠷᠣᠨ ᠤ ᠬᠢᠨ | ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠭᠰᠡᠨ ᠤ ᠳᠠᠷᠠᠭ᠎ᠠ ᠰᠢᠨ᠎ᠡ ᠪᠠᠷ ᠭᠤᠶᠤᠴᠢᠯᠠᠭᠰᠠᠨ ᠬᠤᠲᠠ | ᠬᠥᠳᠡᠭᠡ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯᠲᠡᠢ ᠡᠲᠡᠭᠡᠳ ᠤᠨ ᠭᠡᠷ | ᠪᠦᠯᠢ ᠶᠢᠨ ᠣᠷᠣᠯᠭ᠎ᠠ ᠶᠢ ᠲᠥᠰᠥᠭᠡᠯᠡᠨ ᠪᠤᠳᠤᠬᠤ ᠪᠠ ᠤᠤᠯ ᠤᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ | ᠣᠨᠴᠠ ᠬᠦᠴᠢᠷᠳᠡᠯᠲᠡᠢ ᠬᠦᠮᠦᠰ ᠲᠤ ᠨᠥᠬᠦᠪᠦᠷᠢ ᠥᠭᠬᠦ ᠪᠠᠷᠢᠮᠵᠢᠶ᠎ᠠ ᠶᠢ ᠳᠡᠭᠡᠭᠰᠢᠯᠡᠭᠦᠯᠬᠦ ᠵᠡᠷᠭᠡ ᠠᠵᠢᠯ ᠢ ᠰᠠᠶᠢᠲᠤᠷ | ᠬᠢᠵᠦ᠂ ᠪᠠᠲᠤᠯᠠᠬᠤ ᠶᠣᠰᠣᠲᠠᠢ ᠶᠢ ᠨᠢ ᠴᠥᠮ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ | ᠬᠤᠶᠠᠷ ᠲᠤ᠂ ᠲᠤᠰᠠᠯᠠᠮᠵᠢ ᠶᠢᠨ ᠪᠠᠷᠢᠮᠵᠢᠶ᠎ᠠ ᠶᠢ ᠬᠥᠳᠡᠯᠦᠩᠭᠦᠢ ᠪᠠᠷ ᠲᠣᠬᠢᠷᠠᠭᠤᠯᠬᠤ ᠲᠣᠭᠲᠠᠴᠠ ᠶᠢ | ᠲᠡᠭᠦᠯᠳᠡᠷᠵᠢᠭᠦᠯᠦᠨ᠎ᠡ᠃ ᠲᠤᠰ ᠲᠣᠬᠢᠷᠠᠭᠤᠯᠤᠯᠲᠠ ᠲᠠᠢ ᠤᠶᠠᠯᠳᠤᠭᠤᠯᠤᠨ ᠦᠪᠤᠷ ᠮᠤᠩᠭᠤᠯ ᠤᠨ ᠥᠪᠡᠷᠲᠡᠭᠡᠨ | ᠵᠠᠰᠠᠬᠤ ᠣᠷᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠡᠯ᠎ᠡ ᠭᠠᠵᠠᠷ ᠣᠷᠣᠨ ᠤ ᠠᠮᠢᠳᠤᠷᠠᠯ ᠤᠨ ᠨᠠᠭᠠᠲᠤ | ᠵᠠᠬ᠎ᠠ ᠶᠢᠨ ᠪᠠᠲᠤᠯᠠᠭ᠎ᠠ ᠶᠢ ᠲᠣᠭᠲᠠᠭᠠᠬᠤ ᠪᠠ ᠲᠣᠬᠢᠷᠠᠭᠤᠯᠬᠤ ᠠᠵᠢᠯ ᠢ ᠤᠯᠠᠮ ᠵᠢᠷᠤᠮᠵᠢᠭᠤᠯᠬᠤ ᠲᠤᠬᠠᠢ ᠲᠣᠭᠲᠠᠭᠠᠯ | ᠭᠠᠷᠭᠠᠵᠤ᠂ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠲᠤᠬᠠᠢ ᠶᠢᠨ ᠭᠠᠵᠠᠷ ᠤᠨ ᠲᠦᠷᠦᠭᠦᠸ ᠵᠢᠯ ᠤᠨ | ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠬᠡᠷᠡᠭᠯᠡᠭᠡᠨ ᠤ ᠵᠠᠷᠤᠯᠭ᠎ᠠ ᠯᠤᠭ᠎ᠠ ᠬᠤᠯᠪᠣᠭᠳᠠᠭᠤᠯᠤᠭᠰᠠᠨ | ᠬᠠᠷᠢᠴᠠᠯ ᠢ ᠲᠣᠳᠣᠷᠬᠠᠶᠢᠯᠠᠵᠤ᠂ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠨᠠᠭᠠᠲᠤ ᠵᠠᠬ᠎ᠠ ᠶᠢᠨ | ᠴᠠᠯᠢᠩ ᠤᠨ ᠪᠠᠷᠢᠮᠵᠢᠶ᠎ᠠ᠂ ᠠᠵᠢᠯ ᠠᠯᠳᠠᠯᠲᠠ ᠶᠢᠨ ᠳᠠᠭᠠᠳᠬᠠᠯ ᠯᠤᠭ᠎ᠠ ᠵᠦᠢ ᠵᠣᠬᠢᠰᠲᠠᠢ ᠵᠣᠯᠭᠠᠭᠤᠯᠬᠤ ᠠᠵᠢᠯ ᠢ | ᠴᠢᠩᠭᠠᠳᠬᠠᠵᠤ᠂ ᠨᠠᠭᠠᠲᠤ ᠵᠠᠬ᠎ᠠ ᠶᠢᠨ ᠪᠠᠲᠤᠯᠠᠭ᠎ᠠ ᠵᠡᠷᠭᠡ ᠨᠡᠶᠢᠭᠡᠮ ᠤᠨ ᠲᠤᠰᠠᠯᠠᠮᠵᠢ ᠶᠢᠨ ᠪᠠᠲᠤᠯᠠᠭ᠎ᠠ ᠶᠢᠨ | ᠪᠠᠷᠢᠮᠵᠢᠶ᠎ᠠ ᠶᠢ ᠬᠥᠳᠡᠯᠦᠩᠭᠦᠢ ᠪᠠᠷ ᠲᠣᠬᠢᠷᠠᠭᠤᠯᠬᠤ ᠲᠣᠭᠲᠠᠴᠠ ᠶᠢ ᠲᠡᠬᠦᠯᠳᠡᠷᠵᠢᠬᠦᠯᠤᠨ᠎ᠡ᠃ | ᠭᠤᠷᠪᠠ ᠳᠤ ᠬᠦᠴᠢᠷᠳᠡᠯ ᠲᠠᠢ ᠤᠯᠠᠨ ᠲᠦᠮᠡᠨ ᠤ ᠲᠤᠰᠠᠯᠠᠮᠵᠢ ᠶᠢᠨ ᠨᠥᠬᠦᠪᠦᠷᠢ ᠶᠢ ᠲᠠᠷᠬᠠᠭᠠᠬᠤ ᠠᠵᠢᠯ ᠢ | ᠵᠢᠷᠤᠮᠵᠢᠭᠤᠯᠤᠨ᠎ᠠ᠃ ᠡᠯ᠎ᠡ ᠭᠠᠵᠠᠷ ᠤᠨ ᠬᠢᠨ ᠦᠯᠡᠳᠡᠪᠦᠷᠢ ᠪᠡᠯᠡ ᠮᠥᠩᠭᠦ ᠶᠢ ᠰᠢᠩᠭᠡᠭᠡᠬᠦ ᠡᠷᠴᠢᠮ ᠢᠶᠠᠨ | ᠴᠢᠩᠭᠠᠷᠠᠭᠤᠯᠵᠤ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠦᠨᠡᠨ ᠬᠦ ᠳᠡᠭᠡᠭᠰᠢᠯᠡᠭᠦᠯᠬᠦ ᠲᠤᠬᠠᠢ | ᠲᠣᠳᠣᠷᠬᠠᠢ ᠱᠠᠭᠠᠷᠳᠠᠯᠭ᠎ᠠ ᠳᠤᠷᠠᠳᠴᠤ᠂ ᠡᠯ᠎ᠡ ᠭᠠᠵᠠᠷ ᠤᠨ ᠬᠢᠨ ᠲᠤᠰᠠᠯᠠᠮᠵᠢ ᠶᠢᠨ ᠮᠥᠩᠭᠦ ᠶᠢᠨ | ᠣᠷᠣᠭᠤᠯᠤᠯᠲᠠ ᠶᠢᠨ ᠡᠷᠴᠢᠮ ᠢᠶᠠᠨ ᠤᠯᠠᠮ ᠴᠢᠩᠭᠠᠷᠠᠭᠤᠯᠵᠤ᠂ ᠪᠡᠯᠡ ᠮᠥᠩᠭᠦ ᠶᠢᠨ ᠦᠨᠳᠦᠰᠦᠨ ᠵᠦᠢᠯ ᠢ ᠪᠠᠲᠤᠯᠠᠬᠤ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠳᠥᠷᠪᠡ ᠳᠤ᠂ ᠣᠷᠣᠯᠭ᠎ᠠ ᠪᠠᠭ᠎ᠠ ᠬᠦᠮᠦᠰ ᠤᠨ ᠬᠥᠳᠡᠯᠦᠩᠭᠦᠢ ᠪᠠᠶᠢᠳᠠᠯ ᠢ ᠬᠡᠮᠵᠢᠬᠦ ᠪᠠ ᠪᠠᠶᠢᠩᠭᠤ ᠶᠢᠨ | ᠲᠤᠰᠠᠯᠠᠮᠵᠢ ᠶᠢ ᠴᠢᠩᠭᠠᠳᠬᠠᠨ᠎ᠠ᠃ ᠡᠯ᠎ᠡ ᠭᠠᠵᠠᠷ ᠤᠨ ᠤᠷᠤᠯᠭ᠎ᠠ ᠪᠠᠭ᠎ᠠ ᠬᠦᠮᠦᠰ ᠢ ᠮᠠᠭᠠᠳᠯᠠᠨ ᠲᠣᠭᠲᠠᠭᠠᠬᠤ | ᠠᠵᠢᠯ ᠢ ᠥᠷᠨᠢᠭᠦᠯᠬᠦ᠂ ᠬᠥᠳᠡᠯᠦᠩᠭᠦᠢ ᠪᠠᠶᠢᠳᠠᠯ ᠢ ᠬᠡᠮᠵᠢᠵᠦ ᠰᠡᠷᠡᠮᠵᠢᠯᠡᠭᠦᠯᠬᠦ ᠭᠦᠢᠴᠡᠳᠬᠡᠯ ᠲᠣᠭᠠᠨ ᠤ ᠰᠢᠰᠲ᠋ᠧᠮ ᠢ | ᠲᠡᠭᠦᠯᠳᠡᠷᠵᠢᠭᠦᠯᠬᠦ᠂ ᠪᠠᠶᠢᠩᠭᠤ ᠶᠢᠨ ᠲᠤᠰᠠᠯᠠᠮᠵᠢ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠵᠡᠷᠭᠡ | ᠠᠵᠢᠯ ᠳᠤ ᠱᠠᠭᠠᠷᠳᠠᠯᠭ᠎ᠠ ᠳᠤᠷᠠᠳᠪᠠ᠃ | | | | |