ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯᠵᠢᠯ ᠤᠨ ᠲᠤᠰᠠᠯᠠᠬᠤ ᠪᠠᠭᠠᠵᠢ ᠶᠢᠨ ᠲᠥᠪ  ᠤᠨ ᠬᠢᠨ ᠬᠥᠯᠥᠨ ᠪᠤᠶᠢᠷ ᠬᠤᠲᠠ ᠳᠤ ︽ᠡᠷᠡᠭᠦᠯᠵᠢᠯ ᠳᠤ ᠲᠤᠰᠠᠯᠠᠬᠤ ᠢᠨᠵᠧᠨᠧᠷᠢᠩ︾ ᠤᠨ ᠲᠥᠷᠥᠯ ᠵᠦᠢᠯ ᠢ ᠰᠢᠭᠰᠢᠨ ᠪᠠᠶᠢᠴᠠᠭᠠᠬᠤ ᠠᠵᠢᠯᠯᠠᠭ᠎ᠠ  ᠥᠷᠨᠢᠭᠦᠯᠪᠡ
ᠨᠡᠶᠢᠲᠡᠯᠡᠭᠰᠡᠨ ᠴᠠᠭ᠄
2024/6/3
   ᠵᠡᠮᠳᠡᠭᠴᠦᠳ ᠢ ᠬᠠᠪᠰᠤᠷᠬᠤ ᠠᠵᠢᠯ ᠢ ᠨᠡᠩ ᠪᠦᠲᠦᠮᠵᠢᠲᠡᠢ ᠠᠬᠢᠭᠤᠯᠵᠤ᠂ ᠶᠠᠳᠠᠭᠤ ᠬᠦᠴᠢᠷᠳᠡᠯᠲᠡᠢ ᠵᠡᠮᠳᠡᠭᠴᠦᠳ ᠤᠨ ᠠᠮᠢᠳᠤᠷᠠᠯ ᠤᠨ ᠴᠢᠨᠰᠠᠭ᠎ᠠ ᠶᠢ ᠳᠡᠭᠡᠭᠰᠢᠯᠡᠭᠦᠯᠬᠦ ᠶᠢᠨ ᠲᠥᠯᠥᠭᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯᠵᠢᠯ ᠤᠨ ᠲᠤᠰᠠᠯᠠᠬᠤ ᠪᠠᠭᠠᠵᠢ ᠶᠢᠨ ᠲᠥᠪ ᠤᠨ ᠮᠡᠷᠭᠡᠵᠢᠯ ᠤᠨ ᠠᠵᠢᠯᠲᠠᠳ 2024 ᠣᠨ ᠤ 5 ᠳ᠋ᠤᠭᠠᠷ ᠰᠠᠷ᠎ᠠ ᠶᠢᠨ 13 ᠠᠴᠠ 22 ᠪᠣᠯᠲᠠᠯ᠎ᠠ ᠬᠥᠯᠥᠨ ᠪᠤᠶᠢᠷ ᠬᠤᠳᠠ ᠳᠤ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ︽ᠡᠷᠡᠭᠦᠯᠵᠢᠯ ᠳᠤ ᠲᠤᠰᠠᠯᠠᠬᠤ ᠢᠨᠵᠧᠨᠧᠷᠢᠩ︾  ᠤᠨ ᠲᠦᠷᠦᠯ ᠵᠦᠢᠯ ᠤᠨ ᠬᠠᠮᠢᠶ᠎ᠠ ᠪᠦᠬᠦᠢ ᠬᠢᠮᠡᠯ ᠮᠥᠴᠢ᠂ ᠵᠦᠭᠰᠢᠷᠡᠬᠦᠯᠬᠦ ᠪᠠᠭᠠᠵᠢ᠂ ᠬᠢᠮᠡᠯ ᠨᠢᠳᠦ ᠶᠢ ᠰᠢᠭᠰᠢᠨ ᠪᠠᠶᠢᠴᠠᠭᠠᠵᠤ  ᠦᠨᠡᠯᠡᠬᠡᠳ ᠦᠯᠢᠬᠡᠷ ᠠᠪᠬᠤ ᠠᠵᠢᠯ ᠢ ᠥᠷᠨᠢᠭᠦᠯᠵᠡᠢ᠃、
    ︽  ᠡᠷᠡᠬᠦᠯᠵᠢᠯ ᠳᠤ ᠲᠤᠰᠠᠯᠠᠬᠤ ᠢᠨᠵᠧᠨᠧᠷᠢᠩ︾ ᠤᠨ ᠲᠥᠷᠥᠯ ᠵᠦᠢᠯ ᠪᠣᠯ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ ᠤ ᠬᠦᠴᠢᠷᠳᠡᠯᠲᠡᠢ ᠵᠡᠮᠳᠡᠭᠴᠦᠳ ᠤᠨ ᠬᠠᠮᠲᠤᠯᠢᠭ ᠲᠤ ᠵᠣᠷᠢᠭᠤᠯᠤᠨ ᠬᠡᠷᠡᠭᠵᠢᠭᠦᠯᠦᠭᠰᠡᠨ ᠨᠢᠭᠡ ᠵᠦᠢᠯ ᠤᠨ ᠬᠠᠷᠠᠭᠠᠯᠵᠠᠯ ᠤᠨ ᠴᠢᠨᠠᠷᠲᠠᠢ ᠵᠡᠮᠳᠡᠭᠴᠦᠳ ᠢ ᠲᠤᠰᠠᠯᠠᠬᠤ ᠠᠷᠭ᠎ᠠ ᠬᠡᠮᠵᠢᠶ᠎ᠡ ᠪᠤᠯᠬᠤ ᠶᠤᠮ᠂  ᠡᠬᠦᠨ ᠳᠤ ᠭᠤᠣᠯᠳᠠᠭᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠳᠡᠭᠰᠡᠳ᠂ ᠣᠨᠴᠠ ᠬᠦᠴᠢᠷᠳᠡᠯᠲᠡᠢ ᠬᠥᠮᠥᠰ᠂ ᠥᠨᠥᠴᠢᠨ ᠬᠡᠦᠬᠡᠳ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠪᠤᠯᠤᠨ ᠪᠤᠰᠤᠳ ᠣᠷᠣᠯᠭ᠎ᠠ ᠪᠠᠭᠠᠲᠠᠢ ᠭᠡᠷ ᠪᠦᠯᠢ ᠶᠢᠨ ᠵᠡᠮᠳᠡᠭᠴᠦᠳ ᠲᠤ ᠬᠠᠨᠳᠤᠭᠤᠯᠤᠨ᠂ ᠲᠡᠳᠡᠨ ᠳᠤ ᠬᠢᠮᠡᠯ ᠮᠥᠴᠢ᠂ ᠵᠦᠭᠰᠢᠷᠡᠬᠦᠯᠬᠦ ᠪᠠᠭᠠᠵᠢ᠂ ᠬᠢᠮᠡᠯ ᠨᠢᠳᠦ᠂ ᠡᠷᠡᠭᠦᠯᠵᠢᠭᠦᠯᠬᠦ ᠳᠤ ᠲᠤᠰᠠᠯᠠᠬᠤ ᠪᠠᠭᠠᠵᠢ ᠬᠡᠷᠡᠭᠰᠡᠯ ᠲᠣᠬᠢᠷᠠᠭᠤᠯᠵᠤ ᠥᠭᠬᠦ ᠪᠠ ᠮᠡᠰᠡ ᠵᠠᠰᠠᠯ ᠢᠶᠠᠷ ᠵᠠᠰᠠᠬᠤ ᠵᠡᠷᠭᠡ ᠶᠢ ᠠᠵᠢᠯᠯᠠᠭ᠋ ᠦᠷᠨᠢᠬᠦᠯᠬᠦ ᠪᠤᠯᠤᠨ᠎ᠠ᠃ ᠨᠠᠷᠢᠯᠢᠭ ᠣᠨᠣᠴᠠᠲᠠᠢ ᠪᠠᠷ ᠰᠢᠭᠰᠢᠨ ᠪᠠᠶᠢᠴᠠᠭᠠᠬᠤ ᠶᠢ ᠬᠡᠷᠡᠭᠵᠢᠭᠦᠯᠬᠦ ᠪᠣᠯ ᠬᠦᠴᠢᠷᠳᠡᠯᠲᠡᠢ ᠣᠯᠠᠨ ᠲᠦᠮᠡᠨ ᠳᠤ ᠨᠠᠷᠢᠯᠢᠭ ᠣᠨᠣᠴᠠᠲᠠᠢ ᠪᠠᠷ ᠡᠷᠡᠭᠦᠯᠵᠢᠭᠦᠯᠬᠦ ᠦᠢᠯᠡᠴᠢᠯᠡᠭᠡ ᠬᠠᠩᠭᠠᠬᠤ ᠶᠢᠨ ᠤᠷᠢᠲᠠᠯ ᠪᠠ ᠰᠠᠭᠤᠷᠢ ᠴᠢᠨᠠᠷᠲᠠᠢ ᠠᠵᠢᠯ ᠪᠤᠯᠬᠤ ᠨᠢ ᠭᠠᠷᠴᠠᠭ᠎ᠠ ᠦᠬᠡᠢ᠃    ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 59 ᠬᠦᠴᠢᠷᠳᠡᠯ ᠲᠠᠢ ᠵᠡᠮᠳᠡᠭᠴᠦᠳ ᠢ ᠰᠢᠭᠰᠢᠨ ᠪᠠᠶᠢᠴᠠᠭᠠᠬᠰᠠᠨ  ᠤ ᠲᠤᠳᠤᠷ᠎ᠠ ᠡᠭᠦᠨ ᠳᠤ ᠲᠣᠬᠢᠷᠠᠬᠤ ᠨᠥᠬᠦᠴᠡᠯ ᠳᠤ ᠨᠡᠶᠢᠴᠡᠬᠦ ᠨᠢ 48 ᠬᠥᠮᠥᠨ ᠪᠠᠶᠢᠵᠤ᠂ ᠲᠤᠬᠠᠢ ᠶᠢᠨ ᠲᠠᠯᠠᠪᠤᠷ ᠲᠤ ᠬᠢᠮᠡᠯ ᠮᠥᠴᠢ᠂  ᠵᠦᠭᠰᠢᠷᠡᠬᠦᠯᠬᠦ ᠪᠠᠭᠠᠵᠢ ᠪᠠᠷ ᠦᠯᠢᠬᠡᠷ  ᠠᠪᠤᠭᠰᠠᠨ ᠨᠢ 24 ᠬᠥᠮᠥᠨ ᠪᠠᠶᠢᠵᠤ᠂ ᠬᠢᠮᠡᠯ ᠨᠢᠳᠦ ᠪᠠᠷ ᠬᠡᠯᠪᠡᠷᠢ ᠠᠪᠤᠭᠰᠠᠨ ᠨᠢ 10 ᠬᠥᠮᠥᠨ ᠪᠠᠶᠢᠨ᠎ᠠ᠃      
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号