ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ 2023 ᠣᠨ ᠤ ᠵᠠᠰᠠᠭ  ᠵᠠᠬᠢᠷᠭᠠᠨ  ᠠᠵᠢᠯ ᠦᠢᠯᠡᠰ ᠤᠨ ᠨᠢᠬᠡᠴᠢ ᠶᠢᠨ ᠳᠣᠲᠣᠭᠠᠳᠤ ᠡᠵᠡᠮᠳᠡᠯ ᠤᠨ ᠮᠡᠳᠡᠭᠦᠯᠦᠯᠲᠡ ᠶᠢ ᠨᠠᠶᠢᠷᠠᠭᠤᠯᠤᠨ ᠮᠡᠳᠡᠭᠦᠯᠬᠦ ᠠᠵᠢᠯ ᠢ  ᠪᠡᠶᠡᠯᠡᠭᠦᠯᠪᠡ
ᠨᠡᠶᠢᠲᠡᠯᠡᠭᠰᠡᠨ ᠴᠠᠭ᠄
2024/6/3
   ᠵᠠᠰᠠᠭ  ᠵᠠᠬᠢᠷᠭᠠᠨ ᠠᠵᠢᠯ ᠦᠢᠯᠡᠰ ᠤᠨ ᠨᠢᠬᠡᠴᠢ ᠶᠢᠨ ᠳᠣᠲᠣᠭᠠᠳᠤ ᠶᠢᠨ ᠡᠵᠡᠮᠳᠡᠬᠦ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠪᠣᠯ ᠵᠠᠰᠠᠭ ᠵᠠᠬᠢᠷᠭᠠᠨ ᠠᠵᠢᠯ ᠦᠢᠯᠡᠰ ᠤᠨ ᠨᠢᠬᠡᠴᠢ ᠶᠢᠨ ᠴᠢᠬᠤᠯᠠ ᠪᠦᠬᠦᠢ ᠬᠠᠮᠢᠶᠠᠷᠤᠯᠲᠠ ᠶᠢᠨ ᠠᠷᠭ᠎ᠠ ᠶᠢ ᠪᠠᠲᠤᠯᠠᠬᠤ᠂ ᠵᠠᠰᠠᠭ ᠵᠠᠬᠢᠷᠭᠠᠨ ᠠᠵᠢᠯ ᠦᠢᠯᠡᠰ ᠤᠨ ᠨᠢᠬᠡᠴᠢ ᠶᠢᠨ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠬᠦ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠣᠭᠲᠠᠴᠠ ᠶᠢᠨ ᠪᠠᠶᠢᠭᠤᠯᠤᠯᠲᠠ ᠶᠢᠨ ᠵᠠᠶᠢᠯᠠᠰᠢ ᠦᠬᠡᠢ ᠱᠠᠭᠠᠷᠳᠠᠯᠭ᠎ᠠ ᠪᠤᠯᠤᠨ᠎ᠠ᠃ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠢᠨ 2023 ᠣᠨ ᠤ ᠵᠠᠰᠠᠭ ᠵᠠᠬᠢᠷᠭᠠᠨ ᠤ ᠠᠵᠢᠯ ᠦᠢᠯᠡᠰ ᠤᠨ ᠨᠢᠬᠡᠴᠢ ᠶᠢᠨ ᠳᠣᠲᠣᠭᠠᠳᠤ ᠶᠢᠨ ᠡᠵᠡᠮᠳᠡᠯ ᠤᠨ ᠮᠡᠳᠡᠭᠦᠯᠦᠯᠲᠡ ᠶᠢ ᠨᠠᠶᠢᠷᠠᠭᠤᠯᠤᠨ ᠮᠡᠳᠡᠭᠦᠯᠬᠦ ᠠᠵᠢᠯ ᠢ ᠥᠷᠨᠢᠭᠦᠯᠬᠦ ᠱᠠᠭᠠᠷᠳᠠᠯᠭ᠎ᠠ ᠶᠣᠰᠣᠭᠠᠷ ᠰᠠᠯᠠᠭ᠎ᠠ ᠮᠥᠴᠢᠷ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠲᠥᠯᠦᠪᠵᠢᠭᠦᠯᠭᠡ ᠡᠳ᠋ ᠤᠨ ᠶᠠᠪᠤᠳᠠᠯ ᠤᠨ ᠭᠠᠵᠠᠷ ᠢᠶᠠᠷ ᠲᠦᠷᠦᠭᠦᠯᠡᠭᠦᠯᠦᠨ᠂ ᠡᠯ᠎ᠡ ᠭᠠᠵᠠᠷ ᠭᠡᠷ᠂ ᠰᠢᠭᠤᠳ ᠬᠠᠷᠢᠶ᠎ᠠ ᠨᠢᠬᠡᠴᠢ ᠨᠦᠭᠦᠳ ᠨᠢᠭᠲᠠ ᠬᠠᠮᠵᠢᠯᠴᠠᠵᠤ᠂ 2023 ᠣᠨ ᠤ ᠵᠠᠰᠠᠭ ᠵᠠᠬᠢᠷᠭᠠᠨ ᠤ ᠠᠵᠢᠯ ᠦᠢᠯᠡᠰ ᠤᠨ ᠨᠢᠬᠡᠴᠢ ᠶᠢᠨ ᠳᠣᠲᠣᠭᠠᠳᠤ ᠶᠢᠨ ᠡᠵᠡᠮᠳᠡᠯ ᠤᠨ ᠮᠡᠳᠡᠭᠦᠯᠦᠯᠲᠡ ᠶᠢ ᠨᠠᠶᠢᠷᠠᠭᠤᠯᠤᠨ ᠮᠡᠳᠡᠭᠦᠯᠬᠦ ᠠᠵᠢᠯ ᠢ ᠴᠠᠭ ᠲᠤᠬᠠᠢ ᠳᠤ ᠨᠢ ᠤᠨᠤᠪᠴᠢᠳᠠᠢ ᠪᠡᠶᠡᠯᠡᠭᠦᠯᠪᠡ᠃    ᠨᠢᠭᠡ ᠳᠤ᠂ ᠯᠠᠪᠳᠠᠭᠤᠨ ᠪᠠᠲᠤᠲᠠᠢ ᠡᠮᠬᠢ ᠵᠢᠷᠤᠮ ᠲᠠᠢ ᠥᠷᠨᠢᠭᠦᠯᠵᠦ᠂ ᠥᠨᠳᠥᠷ ᠪᠦᠲᠦᠮᠵᠢᠲᠡᠶ᠂ ᠴᠢᠨᠠᠷᠵᠢᠭᠤᠨ ᠲᠡᠪᠰᠢᠬᠦᠯᠪᠡ᠃  ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ  ᠬᠢᠨ ᠰᠠᠯᠠᠭ᠎ᠠ ᠮᠥᠴᠢᠷ ᠤᠨ ᠳᠣᠲᠣᠭᠠᠳᠤ ᠶᠢᠨ ᠡᠵᠡᠮᠳᠡᠯ ᠤᠨ ᠮᠡᠳᠡᠭᠦᠯᠦᠯᠲᠡ ᠶᠢ ᠨᠠᠶᠢᠷᠠᠭᠤᠯᠤᠨ ᠮᠡᠳᠡᠭᠦᠯᠬᠦ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠲᠤᠰᠬᠠᠢ ᠬᠥᠮᠥᠨ ᠲᠣᠬᠢᠷᠠᠭᠤᠯᠤᠨ ᠬᠠᠷᠢᠭᠤᠴᠠᠭᠤᠯᠵᠤ᠂ ᠴᠠᠭ ᠬᠤᠭᠤᠴᠠᠭ᠎ᠠ ᠶᠢᠨ ᠵᠠᠩᠭᠢᠶᠠᠰᠤ ᠶᠢ ᠲᠣᠳᠣᠷᠬᠠᠶᠢᠯᠠᠨ᠂ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠨᠠᠶᠢᠷᠠᠭᠤᠯᠤᠨ ᠮᠡᠳᠡᠭᠦᠯᠬᠦ ᠠᠵᠢᠯ ᠢ ᠴᠠᠭ ᠲᠤᠬᠠᠢ ᠳᠤ ᠨᠢ᠂ ᠵᠢᠷᠤᠮᠵᠢᠯ ᠲᠠᠢ ᠪᠠᠷ ᠪᠡᠶᠡᠯᠡᠭᠦᠯᠬᠦ ᠶᠢ  ᠪᠠᠳᠤᠯᠠᠯ᠎ᠠ᠃   ᠬᠤᠶᠠᠷ ᠲᠤ ᠨᠠᠶᠢᠷᠠᠭᠤᠯᠤᠨ ᠮᠡᠳᠡᠭᠦᠯᠬᠦ ᠶᠠᠰᠤ ᠴᠢᠨᠠᠷ ᠢ ᠳᠡᠭᠡᠭᠰᠢᠯᠡᠭᠦᠯᠵᠦ᠂ ᠬᠢᠨᠠᠨ ᠬᠠᠷᠭᠤᠭᠤᠯᠬᠤ ᠡᠷᠴᠢᠮ ᠢ  ᠴᠢᠩᠭᠠᠷᠠᠭᠤᠯᠪᠠ᠃ ᠰᠢᠭᠤᠳ ᠬᠠᠷᠢᠶ᠎ᠠ ᠨᠢᠬᠡᠴᠢ ᠶᠢᠨ ᠳᠣᠲᠣᠭᠠᠳᠤ ᠶᠢᠨ ᠡᠵᠡᠮᠳᠡᠯ ᠤᠨ ᠮᠡᠳᠡᠭᠦᠯᠦᠯᠲᠡ ᠶᠢ ᠨᠠᠶᠢᠷᠠᠭᠤᠯᠤᠨ ᠮᠡᠳᠡᠭᠦᠯᠬᠦ ᠶᠠᠰᠤ ᠴᠢᠨᠠᠷ ᠲᠤ ᠬᠢᠨᠠᠮᠠᠭᠠᠢ ᠪᠠᠶᠢᠴᠠᠭᠠᠯᠲᠠ ᠬᠢᠵᠦ᠂ ᠲᠡᠭᠦᠨ ᠤ ᠳᠣᠲᠣᠭᠠᠳᠤ ᠶᠢᠨ ᠡᠵᠡᠮᠳᠡᠯ ᠤᠨ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠭᠰᠡᠨ ᠪᠠᠶᠢᠳᠠᠯ ᠪᠠ ᠳᠣᠲᠣᠭᠠᠳᠤ ᠶᠢᠨ ᠡᠵᠡᠮᠳᠡᠯ ᠤᠨ ᠮᠡᠳᠡᠭᠦᠯᠦᠯᠲᠡ ᠶᠢᠨ ᠠᠭᠤᠯᠭ᠎ᠠ ᠶᠢᠨ ᠦᠨᠡᠨ ᠪᠣᠳᠠᠲᠤ ᠴᠢᠨᠠᠷ᠂ ᠪᠦᠷᠢᠨ ᠪᠦᠲᠦᠨ ᠴᠢᠨᠠᠷ᠂ ᠵᠢᠷᠤᠮᠵᠢᠯᠳᠤ ᠴᠢᠨᠠᠷ ᠢ ᠭᠤᠣᠯᠳᠠᠯᠭ᠎ᠠ ᠲᠠᠢ ᠠᠩᠬᠠᠷᠴᠤ᠂ ᠪᠥᠬᠦ ᠰᠢᠰᠲ᠋ᠧᠮ ᠤᠨ ᠮᠡᠳᠡᠭᠦᠯᠦᠯᠲᠡ ᠶᠢ ᠨᠠᠶᠢᠷᠠᠭᠤᠯᠤᠨ ᠮᠡᠳᠡᠭᠦᠯᠬᠦ ᠶᠠᠰᠤ ᠴᠢᠨᠠᠷ ᠢ  ᠲᠡᠭᠡᠭᠰᠢᠯᠡᠬᠦᠯᠪᠡ᠃     ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ ᠬᠤᠶᠢᠰᠢᠳᠠ ᠳᠣᠲᠣᠭᠠᠳᠤ ᠶᠢᠨ ᠡᠵᠡᠮᠳᠡᠯ ᠤᠨ ᠮᠡᠳᠡᠭᠦᠯᠦᠯᠲᠡ ᠶᠢ ᠵᠠᠳᠠᠯᠬᠤ ᠪᠠ  ᠦᠨᠡᠯᠡᠭᠰᠡᠨ ᠦᠷ᠎ᠡ ᠳ᠋ᠦᠩ ᠢ ᠬᠡᠷᠡᠭᠯᠡᠬᠦ ᠠᠵᠢᠯ ᠢ ᠢᠳᠡᠪᠬᠢᠲᠡᠢ ᠥᠷᠨᠢᠭᠦᠯᠵᠦ᠂ ᠨᠢᠬᠡᠴᠢ ᠶᠢᠨ ᠳᠣᠲᠣᠭᠠᠳᠤ ᠶᠢᠨ ᠡᠵᠡᠮᠳᠡᠯ ᠤᠨ ᠪᠠᠶᠢᠭᠤᠯᠤᠯᠲᠠ ᠶᠢᠨ ᠠᠵᠢᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠷᠠᠭᠤᠯᠤᠨ᠂ ᠳᠣᠲᠣᠭᠠᠳᠤ ᠶᠢᠨ ᠡᠵᠡᠮᠳᠡᠯ ᠤᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠵᠤ᠂ ᠨᠢᠬᠡᠴᠢ ᠶᠢᠨ ᠳᠣᠲᠣᠭᠠᠳᠤ ᠶᠢᠨ ᠡᠵᠡᠮᠳᠡᠯ ᠤᠨ ᠰᠢᠰᠲ᠋ᠧᠮ ᠤᠨ ᠲᠦᠪᠰᠢᠨ ᠢᠶᠠᠨ ᠤᠯᠠᠮ ᠳᠡᠭᠡᠭᠰᠢᠯᠡᠭᠦᠯᠦᠨ᠎ᠡ᠃    
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号