ᠮᠠᠨ ᠤ ᠣᠷᠣᠨ ︽ᠣᠲᠣ ᠦᠶ᠎ᠡ ᠶᠢᠨ ᠵᠠᠮ ᠬᠠᠷᠢᠯᠴᠠᠭ᠎ᠠ ᠡᠳ᠋ ᠪᠠᠷᠠᠭᠠᠨ ᠤ ᠭᠦᠢᠯᠭᠡᠭᠡᠨ ᠤ ᠳᠠᠭᠠᠭᠤᠯᠤᠭᠴᠢ ᠠᠵᠤ ᠠᠬᠤᠶᠢᠯᠠᠯ ᠢ  ᠪᠤᠵᠠᠭᠠᠶᠢᠷᠠᠭᠤᠯᠬᠤ ᠠᠵᠢᠯᠯᠠᠭᠠᠨ ᠤ ᠲᠥᠰᠥᠯ︾ ᠢ ᠨᠡᠶᠢᠲᠡᠯᠡᠵᠦ᠂ 2026 ᠣᠨ ᠪᠣᠯᠬᠤ ᠳᠤ ᠥᠪᠥᠷ ᠮᠣᠩᠭᠤᠯ ᠤᠨ ᠨᠢᠭᠡᠴᠢ ᠡᠳ᠋ ᠪᠠᠷᠠᠭᠠᠨ ᠤ ᠡᠷᠭᠢᠯᠲᠡ ᠶᠢᠨ ᠬᠡᠮᠵᠢᠶ᠎ᠡ ᠶᠢᠨ ᠡᠳ᠋ ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠢ 6% ᠪᠠᠷ ᠪᠠᠭᠤᠷᠠᠭᠤᠯᠬᠤ ᠪᠤᠯᠤᠨ᠎ᠠ
ᠨᠡᠶᠢᠲᠡᠯᠡᠭᠰᠡᠨ ᠴᠠᠭ᠄
2024/6/3
   ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠬᠢᠨ 5 ᠳ᠋ᠤᠭᠠᠷ ᠰᠠᠷ᠎ᠠ ᠶᠢᠨ 28 ᠤ ᠡᠳᠦᠷ ︽ᠣᠲᠣ ᠦᠶ᠎ᠡ ᠶᠢᠨ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡᠨ ᠤ ᠳᠠᠭᠠᠭᠤᠯᠤᠭᠴᠢ ᠠᠵᠤ ᠠᠬᠤᠶᠢᠯᠠᠯ ᠢ ᠪᠤᠵᠠᠭᠠᠶᠢᠷᠠᠭᠤᠯᠬᠤ ᠠᠵᠢᠯᠯᠠᠭᠠᠨ ᠤ ᠲᠥᠰᠥᠯ︾  ᠢ ᠳᠠᠷᠤᠮᠠᠯᠯᠠᠨ ᠲᠠᠷᠬᠠᠭᠠᠵᠤ᠂ 2026 ᠣᠨ ᠪᠣᠯᠬᠤ ᠳᠤ ᠥᠪᠥᠷ ᠮᠣᠩᠭᠤᠯ ᠤᠨ ᠣᠲᠣ ᠦᠶ᠎ᠡ ᠶᠢᠨ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡᠨ ᠤ ᠳᠠᠭᠠᠭᠤᠯᠤᠭᠴᠢ ᠠᠵᠤ ᠠᠬᠤᠶᠢᠯᠠᠯ ᠢ 50 ᠠᠴᠠ ᠳᠡᠭᠡᠭᠰᠢ ᠳᠤ ᠬᠦᠷᠦᠭᠦᠯᠵᠦ᠂ ᠨᠢᠭᠡᠴᠢ ᠪᠠᠷᠠᠭᠠᠨ ᠤ ᠡᠷᠭᠢᠯᠲᠡ ᠶᠢᠨ ᠬᠡᠮᠵᠢᠶ᠎ᠡ ᠶᠢᠨ ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠢ 6% ᠪᠠᠷ ᠪᠠᠭᠤᠷᠠᠭᠤᠯᠬᠤ ᠪᠠᠷ ᠲᠥᠯᠥᠪᠯᠡᠵᠦ ᠪᠣᠶ᠃     ︽ᠣᠲᠣ ᠦᠶ᠎ᠡ ᠶᠢᠨ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡᠨ ᠤ ᠳᠠᠭᠠᠭᠤᠯᠤᠭᠴᠢ ᠠᠵᠤ ᠠᠬᠤᠶᠢᠯᠠᠯ ᠢ ᠪᠤᠵᠠᠭᠠᠶᠢᠷᠠᠭᠤᠯᠬᠤ ᠠᠵᠢᠯᠯᠠᠭᠠᠨ ᠤ ᠲᠥᠰᠥᠯ︾ ᠳᠤ ᠳᠤᠷᠠᠳᠤᠭᠰᠠᠨ ᠨᠢ᠂ ᠨᠢᠭᠡᠨᠲᠡ ᠪᠠᠶᠢᠭ᠎ᠠ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠪᠠᠷ ᠳᠠᠮᠵᠢᠭᠤᠯᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠤ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠢ ᠲᠦᠷᠭᠡᠳᠬᠡᠨ ᠬᠥᠭᠵᠢᠭᠦᠯᠵᠦ᠂ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢᠨ ᠡᠵᠡᠩᠨᠡᠭᠴᠢ ᠶᠢ ᠢᠳᠡᠪᠬᠢᠲᠡᠢ ᠪᠠᠷ ᠵᠣᠬᠢᠶᠠᠨ ᠪᠠᠶᠢᠭᠤᠯᠵᠤ᠂ ᠬᠠᠩᠭᠠᠯᠭ᠎ᠠ ᠶᠢᠨ ᠬᠡᠯᠬᠢᠶᠡᠰᠦ ᠶᠢᠨ ᠳᠡᠭᠡᠳᠦ ᠳᠣᠣᠷᠠᠳᠤ ᠤᠷᠤᠰᠬᠠᠯ ᠤᠨ ᠠᠭᠤᠰᠤᠯᠴᠠᠭᠰᠠᠨ ᠬᠡᠯᠪᠡᠷᠢ ᠶᠢᠨ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠢ ᠶᠡᠭᠡ ᠪᠠᠷ ᠬᠥᠭᠵᠢᠭᠦᠯᠵᠦ᠂ ᠲᠡᠮᠦᠷ ᠵᠠᠮ᠂ ᠵᠠᠰᠠᠮᠠᠯ ᠵᠠᠮ᠂ ᠠᠷᠠᠳ ᠤᠨ ᠠᠭᠠᠷ ᠤᠨ ᠲᠡᠭᠡᠭᠡᠪᠦᠷᠢ᠂ ᠰᠢᠤᠳᠠᠨ ᠤ ᠲᠦᠷᠭᠡᠨ ᠬᠦᠷᠭᠡᠯᠲᠡ᠂ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠵᠡᠷᠭᠡ ᠲᠠᠯ᠎ᠠ ᠶᠢ ᠬᠠᠮᠤᠷᠤᠭᠰᠠᠨ ᠨᠢᠭᠡ ᠪᠦᠯᠦᠭ ᠣᠲᠣ ᠦᠶ᠎ᠡ ᠶᠢᠨ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡᠨ ᠤ ᠳᠠᠭᠠᠭᠤᠯᠤᠭᠴᠢ ᠠᠵᠤ ᠠᠬᠤᠶᠢᠯᠠᠯ ᠢ ᠪᠣᠶᠢᠵᠢᠭᠤᠯᠤᠨ᠎ᠠ᠃    ︽  ᠣᠲᠣ ᠦᠶ᠎ᠡ ᠶᠢᠨ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡᠨ ᠤ ᠳᠠᠭᠠᠭᠤᠯᠤᠭᠴᠢ ᠠᠵᠤ ᠠᠬᠤᠶᠢᠯᠠᠯ ᠢ ᠪᠤᠵᠠᠭᠠᠶᠢᠷᠠᠭᠤᠯᠬᠤ ᠠᠵᠢᠯᠯᠠᠭᠠᠨ ᠤ ᠲᠥᠰᠥᠯ︾ ᠳᠤ ᠬᠡᠪᠴᠢᠶᠡᠵᠢᠭᠦᠯᠬᠦ᠂ ᠡᠷᠴᠢᠮᠵᠢᠭᠦᠯᠬᠦ᠂ ᠲᠣᠭᠠᠵᠢᠭᠤᠯᠬᠤ᠂ ᠪᠣᠬᠢᠷᠲᠤᠯ ᠦᠭᠡᠢ ᠪᠣᠯᠭᠠᠬᠤ᠂ ᠰᠦᠯᠵᠢᠶᠡᠵᠢᠭᠦᠯᠬᠦ ᠬᠥᠭᠵᠢᠯᠲᠡ ᠶᠢ ᠪᠠᠷᠢᠮᠲᠠᠯᠠᠵᠤ᠂ 5 ᠲᠠᠯ᠎ᠠ ᠠᠴᠠ 30 ᠵᠦᠢᠯ ᠤᠨ ᠳᠡᠮᠵᠢᠬᠦ ᠲᠥᠷᠥ ᠶᠢᠨ ᠪᠣᠳᠣᠯᠭ᠎ᠠ ᠶᠢ ᠳᠤᠷᠠᠳᠴᠤ᠂ ᠪᠠᠷᠠᠭᠠᠨ ᠤ ᠢᠷᠡᠯᠲᠡ ᠶᠢ ᠡᠷᠢᠬᠦ᠂ ᠲᠤᠭ᠎ᠠ ᠪᠠᠷᠢᠮᠲᠠ ᠬᠠᠩᠭᠠᠬᠤ᠂ ᠠᠬᠤᠢ ᠪᠠᠶᠢᠳᠠᠯ ᠢ ᠪᠣᠶᠢᠵᠢᠭᠤᠯᠬᠤ᠂ ᠢᠵᠢ ᠪᠦᠷᠢᠳᠦᠭᠦᠯᠬᠦ᠂ ᠦᠢᠯᠡᠴᠢᠯᠡᠭᠡ ᠶᠢ ᠰᠢᠯᠢᠳᠡᠭᠵᠢᠭᠦᠯᠬᠦ᠂ ᠲᠥᠷᠥ ᠶᠢᠨ ᠪᠣᠳᠣᠯᠭ᠎ᠠ ᠶᠢ ᠬᠠᠩᠭᠠᠬᠤ ᠪᠠᠷ ᠳᠠᠮᠵᠢᠭᠤᠯᠤᠨ  ᠡᠵᠡᠩᠨᠡᠯᠲᠡ ᠶᠢᠨ ᠥᠪᠡᠷ ᠤᠨ ᠥᠷᠲᠡᠭ ᠪᠠᠭ᠎ᠠ᠂ ᠦᠷ᠎ᠡ ᠪᠦᠲᠦᠮᠵᠢ ᠥᠨᠳᠥᠷ᠂ ᠦᠢᠯᠡᠴᠢᠯᠡᠭᠡ ᠰᠠᠶᠢᠨ᠂ ᠶᠠᠰᠤ ᠴᠢᠨᠠᠷ ᠲᠠᠢ᠂ ᠲᠡᠷᠢᠭᠦᠨ ᠤ ᠮᠡᠷᠭᠡᠵᠢᠯ ᠤᠨ ᠵᠠᠭᠪᠤᠷ ᠲᠠᠢ ᠵᠡᠷᠭᠡ ᠭᠤᠣᠯᠯᠠᠬᠤ ᠥᠷᠢᠰᠦᠯᠳᠦᠬᠦ ᠬᠦᠴᠦᠨ ᠲᠠᠢ ᠪᠠ ᠨᠠᠷᠠᠲᠤ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠲᠠᠢ ᠣᠲᠣ ᠦᠶ᠎ᠡ ᠶᠢᠨ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡᠨ ᠤ ᠳᠠᠭᠠᠭᠤᠯᠤᠭᠴᠢ ᠠᠵᠤ ᠠᠬᠤᠶᠢᠯᠠᠯ ᠢ ᠪᠣᠶᠢᠵᠢᠭᠤᠯᠵᠤ᠂ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡᠨ ᠤ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠡᠵᠡᠩᠨᠡᠯᠲᠡ ᠶᠢᠨ ᠴᠢᠨᠠᠷᠲᠠᠢ ᠪᠠᠷ ᠥᠪᠡᠷ ᠤᠨ ᠥᠷᠲᠡᠭ ᠢ ᠪᠠᠭᠤᠷᠠᠭᠤᠯᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠳᠠᠶᠢᠴᠢᠯᠠᠨ ᠪᠦᠬᠦ ᠨᠡᠶᠢᠭᠡᠮ ᠤᠨ ᠪᠠᠷᠠᠭᠠᠨ ᠤ ᠭᠦᠢᠯᠭᠡᠭᠡᠨ ᠤ ᠥᠪᠡᠷ ᠤᠨ ᠦᠷᠳᠡᠭ ᠢ ᠪᠠᠭᠤᠷᠠᠭᠤᠯᠬᠤ ᠪᠤᠯᠤᠨ᠎ᠠ᠃        
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号