︽ᠲᠠᠪᠤᠨ ᠰᠠᠶᠢᠨ︾ ᠢ ᠠᠭᠤᠰᠤᠯᠴᠠᠭᠤᠯᠵᠤ᠂ ᠭᠠᠵᠠᠷ ᠰᠢᠷᠣᠢ ᠶᠢᠨ ᠭᠠᠷᠤᠯᠲᠠ ᠶᠢᠨ ᠨᠦᠬᠡᠴᠨ ᠬᠦᠴᠤᠨ  ᠢ ᠬᠦᠭᠵᠢᠬᠡᠶ᠎ᠡ      — ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠤᠨ ᠬᠤᠪᠢᠰᠤᠯᠲᠠ ᠠᠴᠠ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠦᠭᠰᠡᠨ ᠥᠪᠥᠷ ᠮᠣᠩᠭᠤᠯ ᠤᠨ ᠠᠮᠢᠵᠢᠷᠠᠯ ᠤᠨ ᠭ᠊
ᠨᠡᠶᠢᠲᠡᠯᠡᠭᠰᠡᠨ ᠴᠠᠭ᠄
2024/6/3
   ᠲᠠᠷᠢᠮᠠᠯ ᠢ ᠰᠢᠨ᠎ᠡ ᠦᠷ᠎ᠡ᠂ ᠲᠠᠷᠢᠶᠠᠨ ᠴᠢᠬᠢ ᠶᠢ ᠠᠩᠬ᠎ᠠ ᠰᠠᠭᠤᠯᠭᠠᠵᠤ ᠪᠠᠶᠢᠭ᠎ᠠ ᠮᠠᠰᠢᠨ ᠤ ᠨᠦᠷᠴᠢᠬᠢᠨᠡᠬᠦ ᠳᠠᠭᠤᠨ ᠪᠠ ᠬᠦᠮᠦᠰ ᠤᠨ ᠶᠠᠭᠠᠷᠠᠯᠲᠠᠢ ᠬᠦᠳᠡᠯᠮᠤᠷᠢᠯᠡᠬᠦ ᠪᠠᠷ᠎ᠠ ᠠᠴᠠ ᠥᠪᠥᠷ ᠮᠣᠩᠭᠤᠯ ᠤᠨ ᠡᠨᠡ ᠵᠢᠯ ᠤᠨ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ ᠮᠠᠰᠢ ᠤᠯᠠᠨ ᠰᠢᠨᠵᠢᠯᠡᠬᠦ ᠤᠬᠠᠭᠠᠨ ᠮᠡᠷᠭᠡᠵᠢᠯ ᠤᠨ ᠡᠯᠧᠮᠧᠨ᠋ᠲ ᠢ ᠨᠡᠮᠡᠭᠳᠡᠭᠦᠯᠵᠦ᠂ ︽ᠤᠮᠠᠷᠠᠲᠤ ᠶᠢᠨ ᠠᠮᠤ ᠪᠤᠳᠠᠭᠠᠨ ᠤ ᠬᠥᠮᠥᠷᠭᠡ︾ ᠶᠢᠨ ᠭᠠᠷᠤᠯᠲᠠ ᠶᠢ ᠨᠡᠮᠡᠭᠳᠡᠭᠦᠯᠦᠨ ᠣᠷᠣᠯᠭ᠎ᠠ ᠶᠢ ᠨᠡᠮᠡᠭᠳᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠶᠢ ᠤᠯᠵᠤ ᠬᠠᠷᠠᠨ᠎ᠠ᠃   ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ︽ᠰᠠᠭᠤᠷᠢ ᠴᠢᠯᠠᠭᠤ︾ ᠪᠣᠯᠤᠭᠰᠠᠨ ᠤ ᠬᠤᠪᠢ ᠳᠤ ᠥᠪᠥᠷ ᠮᠣᠩᠭᠤᠯ ᠤᠨ ᠬᠢᠨ ᠲᠠᠯᠠᠪᠠᠶ ᠶᠢ ᠲᠣᠭᠲᠠᠪᠤᠷᠢᠵᠢᠭᠤᠯᠵᠤ᠂ ᠲᠠᠩᠰᠠ ᠶᠢᠨ ᠤᠨᠠᠯᠲᠠ ᠶᠢ ᠭᠠᠷᠭᠠᠨ ᠠᠪᠴᠤ᠂ ᠦᠢᠯᠡᠴᠢᠯᠡᠭᠡ ᠶᠢ ᠰᠢᠯᠢᠳᠡᠭᠵᠢᠭᠦᠯᠵᠦ᠂ ᠲᠥᠷᠥ ᠶᠢᠨ ᠪᠣᠳᠣᠯᠭ᠎ᠠ ᠶᠢ ᠴᠢᠩᠭᠠᠳᠬᠠᠨ᠂  ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠢ ᠥᠨᠳᠥᠷ ᠪᠠᠷᠢᠮᠵᠢᠶ᠎ᠠ ᠪᠠᠷ ᠴᠢᠩᠭ᠎ᠠ ᠠᠳᠬᠤᠵᠤ᠂ ︽ᠰᠠᠶᠢᠨ ᠡᠭᠦᠯᠳᠡᠷ᠂ ᠰᠠᠶᠢᠨ ᠮᠡᠷᠭᠡᠵᠢᠯ᠂ ᠰᠠᠶᠢᠨ ᠲᠠᠷᠢᠶᠠᠨ ᠭᠠᠵᠠᠷ᠂ ᠰᠠᠶᠢᠨ ᠲᠣᠬᠢᠶᠠᠯ᠂ ᠰᠠᠶᠢᠨ ᠳᠦᠷᠢᠮ︾ ᠢ ᠭᠦᠨᠵᠡᠭᠡᠢ ᠠᠭᠤᠰᠤᠯᠴᠠᠭᠤᠯᠤᠨ ᠬᠥᠭᠵᠢᠭᠦᠯᠬᠦ ᠪᠠᠷ ᠬᠦᠴᠦᠯᠡᠨ ᠴᠢᠷᠮᠠᠶᠢᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠤᠪᠢᠰᠤᠯᠲᠠ ᠳᠤ ᠬᠠᠳᠠᠭᠠᠯᠠᠭᠳᠠᠵᠤ ᠪᠠᠶᠢᠭ᠎ᠠ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠡᠪᠡ᠃  ᠬᠥᠯᠥᠨ ᠪᠤᠶᠢᠷ ᠬᠤᠳᠠ ᠶᠢᠨ ᠮᠤᠷᠢᠨᠳᠠᠪᠠᠭ᠎ᠠ ᠲᠠᠭᠤᠷ ᠦᠨᠳᠤᠰᠤᠳᠡᠨ ᠤ ᠦᠪᠡᠷᠳᠡᠬᠡᠨ ᠵᠠᠰᠠᠬᠤ ᠬᠤᠰᠢᠭᠤᠨ ᠳᠤ ᠣᠷᠣᠬᠤ ᠳᠤ  ᠶᠠᠭ ᠰᠠᠶ᠋ᠢᠬᠠᠨ ᠰᠢᠷ᠎ᠠ ᠪᠤᠷᠴᠠᠭ ᠲᠠᠷᠢᠵᠤ ᠪᠠᠶᠢᠯ᠎ᠠ᠃ ᠥᠪᠥᠷ ᠮᠣᠩᠭᠤᠯ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠪᠣᠯᠣᠨ ᠲᠤᠮᠳᠠᠳᠤ ᠤᠯᠤᠰ ᠤᠨ ᠲᠠᠷᠢᠶᠠᠯᠠᠩ ᠤᠨ ᠦᠷ᠎ᠡ ᠶᠢᠨ ᠦᠢᠯᠡᠰ ᠤᠨ  ᠬᠢᠨ ᠬᠠᠮᠲᠤᠷᠠᠭᠰᠠᠨ ᠦᠷ᠎ᠡ ᠪᠣᠶᠢᠵᠢᠭᠤᠯᠬᠤ ᠰᠠᠭᠤᠷᠢᠨ ᠭᠠᠵᠠᠷ ᠤᠨ ᠲᠤᠷᠰᠢᠯᠲᠠ ᠶᠢᠨ ᠲᠠᠷᠢᠶᠠᠨ ᠳᠤ ᠥᠪᠥᠷ ᠮᠣᠩᠭᠤᠯ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠢᠷ᠎ᠠ ᠪᠤᠷᠴᠠᠭ ᠡᠷᠳᠡᠨᠢ ᠰᠢᠰᠢ ᠰᠤᠳᠤᠯᠬᠤ ᠭᠠᠵᠠᠷ ᠤᠨ ᠳᠡᠳ᠋ ᠳᠠᠷᠤᠭ᠎ᠠ ᠯᠢ ᠴᠢᠶᠠᠩ ᠪᠦᠯᠬᠦᠮ ᠨᠡᠶᠢᠲᠡ ᠪᠠᠨ ᠳᠠᠭᠠᠭᠤᠯᠤᠨ ᠲᠠᠷᠢᠶᠠᠨ ᠭᠠᠵᠠᠷ ᠤᠨ ᠲᠤᠷᠰᠢᠯᠲᠠ ᠶᠢᠨ ᠪᠠᠭ᠎ᠠ ᠲᠣᠭᠤᠷᠢᠭ ᠤᠨ ᠪᠠᠶᠢᠷᠢᠯᠠᠭᠤᠯᠤᠯᠲᠠ ᠪᠠ ᠲᠤᠷᠰᠢᠯᠲᠠ ᠶᠢᠨ ᠦᠷ᠎ᠡ ᠶᠢ ᠲᠤᠰ ᠲᠤ ᠨᠢ ᠲᠠᠷᠢᠵᠦ ᠪᠠᠶᠢᠯ᠎ᠠ᠃   ᠥᠪᠥᠷ ᠮᠣᠩᠭᠤᠯ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠢᠷ᠎ᠠ ᠪᠤᠷᠴᠠᠭ ᠤᠨ ᠪᠦᠯᠬᠦᠮ ᠤᠨ ᠬᠢᠨ  ᠤᠷᠴᠢᠮ ᠤᠨ ᠵᠢᠯ ᠬᠥᠯᠥᠨ ᠪᠤᠶᠢᠷ ᠬᠤᠲᠠ ᠶᠢᠨ ᠡᠷᠲᠡ ᠪᠣᠯᠪᠠᠰᠤᠷᠠᠬᠤ ᠲᠣᠭᠤᠷᠢᠭ ᠤᠨ ᠰᠢᠷ᠎ᠠ ᠪᠤᠷᠴᠠᠭ ᠤᠨ ᠦᠢᠯᠡᠳᠪᠦᠷᠢᠯᠡᠯ ᠳᠤ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠤ ᠪᠤᠷᠴᠠᠭ ᠤᠨ 9 ᠳ᠋ᠤᠬᠡᠷ ᠨᠣᠮᠧᠷ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠤ ᠪᠤᠷᠴᠠᠭ ᠤᠨ 13 ᠵᠡᠷᠭᠡ ᠥᠨᠳᠥᠷ ᠤᠨᠠᠯᠲᠠ ᠲᠠᠢ᠂ ᠴᠢᠨᠠᠷ ᠰᠠᠶᠢᠲᠠᠢ 6 ᠰᠢᠯᠢᠳᠡᠭ ᠰᠢᠷ᠎ᠠ ᠪᠤᠷᠴᠠᠭ ᠤᠨ ᠰᠢᠨ᠎ᠡ ᠡᠭᠦᠯᠳᠡᠷ ᠢ ᠪᠣᠶᠢᠵᠢᠭᠤᠯᠤᠭᠰᠠᠨ ᠤ ᠬᠠᠮᠲᠤ ᠢᠵᠢ ᠪᠦᠷᠢᠳᠦᠭᠦᠯᠦᠨ ᠳᠠᠷᠢᠬᠤ ᠮᠡᠷᠭᠡᠵᠢᠯ ᠤᠨ ᠬᠠᠮᠢᠶ᠎ᠠ ᠪᠦᠬᠦᠢ ᠰᠤᠳᠤᠯᠭᠠᠨ ᠬᠢᠵᠦ᠂ ᠡᠭᠦᠯᠳᠡᠷ ᠤᠨ ᠭᠠᠷᠤᠯᠲᠠ ᠶᠢᠨ ᠳᠠᠯᠳᠠ ᠬᠦᠴᠦᠨ ᠢ ᠭᠦᠢᠴᠡᠳ ᠪᠠᠳᠠᠷᠠᠭᠤᠯᠤᠭᠰᠠᠨ ᠪᠠᠶᠢᠨ᠎ᠠ᠃    ᠲᠠᠷᠢᠶᠠᠯᠠᠩ ᠤᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠳᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠣᠯ ᠵᠠᠩᠭᠢᠯᠠᠭ᠎ᠠ ᠶᠤᠮ᠃  ᠮᠠᠨ ᠤ ᠤᠷᠤᠨ ᠤ ᠬᠢᠨ ᠬᠠᠷᠢᠴᠠᠭᠤᠯᠤᠭᠰᠠᠨ ᠳᠠᠪᠠᠭᠤᠯᠢᠭ ᠲᠠᠢ ᠰᠢᠷ᠎ᠠ ᠪᠤᠷᠴᠠᠭ᠂ ᠨᠡᠷᠡᠨ ᠬᠤᠸᠠᠷ᠂ ᠴᠠᠷᠭᠠᠰᠤ ᠵᠡᠷᠭᠡ ᠲᠠᠷᠢᠮᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠭᠦᠯᠳᠡᠷ ᠪᠣᠶᠢᠵᠢᠭᠤᠯᠬᠤ ᠬᠠᠮᠲᠤᠷᠠᠭᠰᠠᠨ ᠪᠣᠭᠤᠮᠲᠠ ᠰᠢᠪᠲᠤᠯᠬᠤ ᠪᠠ ︽ᠰᠠᠮᠪᠠᠷᠠᠯᠠᠬᠤ︾ ᠢᠨᠵᠧᠨᠧᠷᠢᠩ ᠢ ᠬᠡᠷᠡᠭᠵᠢᠭᠦᠯᠵᠦ᠂ ᠵᠠᠩᠭᠢᠯᠠᠭ᠎ᠠ ᠶᠢᠨ ᠮᠡᠷᠭᠡᠵᠢᠯ᠂ ᠰᠢᠨ᠎ᠡ ᠡᠭᠦᠯᠳᠡᠷ ᠢ ᠰᠣᠩᠭᠤᠨ ᠪᠣᠶᠢᠵᠢᠭᠤᠯᠬᠤ ᠵᠡᠷᠭᠡ ᠲᠠᠯ᠎ᠠ ᠪᠠᠷ ᠰᠢᠨ᠎ᠡ ᠦᠷ᠎ᠡ ᠪᠦᠲᠦᠮᠵᠢ ᠣᠯᠵᠠᠢ᠃ ᠣᠳᠣᠬᠠᠨ ᠳᠤ ᠮᠠᠨ ᠤ ᠣᠷᠣᠨ ᠳᠤ ᠨᠢᠭᠡᠨᠲᠡ ᠤᠯᠤᠰ ᠤᠨ ᠲᠠᠰ ᠤᠨ 9 ᠰᠢᠶᠠᠨ᠂  ᠥᠪᠡᠷᠲᠡᠭᠡᠨ ᠵᠠᠰᠠᠬᠤ ᠣᠷᠣᠨ ᠤ ᠲᠠᠰ ᠤᠨ ᠦᠷ᠎ᠡ ᠦᠢᠯᠡᠳᠬᠦ ᠲᠣᠮᠣ ᠰᠢᠶᠠᠨ 2 ᠪᠣᠯᠵᠤ᠂ ᠡᠷᠳᠡᠨᠢ ᠰᠢᠰᠢ᠂ ᠲᠥᠮᠥᠰᠥ᠂ ᠢᠳᠡᠰᠢᠨ ᠨᠣᠭᠤᠭ᠎ᠠ ᠵᠡᠷᠭᠡ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠤᠨ ᠰᠢᠨ᠎ᠡ ᠶᠢ ᠡᠭᠦᠳᠬᠦ ᠲᠥᠪ 7 ᠶᠢ ᠪᠦᠲᠦᠭᠡᠨ ᠪᠠᠶᠢᠭᠤᠯᠵᠤ᠂ ᠵᠠᠰᠠᠭ᠂ ᠠᠵᠤ ᠦᠢᠯᠡᠰ᠂ ᠡᠷᠳᠡᠮ ᠰᠢᠨᠵᠢᠯᠡᠭᠡᠨ᠂ ᠰᠤᠳᠤᠯᠭᠠᠨ᠂ ᠬᠡᠷᠡᠭᠯᠡᠯᠲᠡ ᠶᠢ ᠤᠶᠠᠯᠳᠤᠭᠤᠯᠤᠭᠰᠠᠨ ᠦᠷ᠎ᠡ ᠶᠢᠨ ᠦᠢᠯᠡᠰ ᠤᠨ ᠬᠠᠮᠵᠢᠯᠴᠠᠨ ᠰᠢᠨ᠎ᠡ ᠶᠢ ᠡᠭᠦᠳᠬᠦ  ᠰᠢᠰᠲ᠋ᠧᠮ ᠢ ᠠᠯᠬᠤᠮ ᠠᠯᠬᠤᠮ ᠢᠶᠠᠷ ᠪᠦᠷᠢᠯᠳᠦᠭᠦᠯᠵᠦ᠂ ᠦᠷ᠎ᠡ ᠶᠢᠨ ᠦᠢᠯᠡᠰ ᠤᠨ ᠬᠦᠭᠵᠢᠬᠦᠯᠤᠯᠳᠡ ᠶᠢᠨ ᠠᠮᠢᠵᠢᠷᠠᠯ ᠤᠨ ᠬᠦᠴᠦᠨ ᠢ  ᠨᠡᠮᠡᠭᠳᠡᠬᠦᠯᠪᠡ᠃    ᠰᠢᠨ᠎ᠡ ᠡᠭᠦᠯᠳᠡᠷ ᠤᠨ ᠠᠵᠢᠯ ᠢ ᠲᠦᠷᠬᠡᠨ ᠨᠠᠶᠢᠳᠠᠪᠤᠷᠢᠵᠢᠭᠤᠯᠵᠤ᠂ ᠰᠢᠨ᠎ᠡ ᠮᠡᠷᠭᠡᠵᠢᠯ ᠢ ᠳᠡᠯᠭᠡᠷᠡᠭᠦᠯᠦᠨ᠂ ︽ᠰᠠᠶᠢᠨ ᠡᠭᠦᠯᠳᠡᠷ + ᠰᠠᠶᠢᠨ ᠮᠡᠷᠭᠡᠵᠢᠯ︾ ᠤᠨ ᠲᠠᠷᠢᠮᠠᠯ ᠤᠨ ᠤᠨᠠᠯᠲᠠ ᠶᠢᠨ ︽ᠰᠢᠨᠵᠢᠯᠡᠬᠦ ᠤᠬᠠᠭᠠᠨ ᠮᠡᠷᠭᠡᠵᠢᠯ ᠤᠨ ᠬᠡᠪ ᠳᠠᠭᠤᠷᠢᠶᠠᠯ︾ ᠢ  ᠨᠡᠮᠡᠭᠳᠡᠬᠦᠯᠤᠯ᠎ᠡ᠃ ᠪᠥᠬᠦ ᠣᠷᠣᠨ ᠤ ᠡᠯ᠎ᠡ ᠭᠠᠵᠠᠷ ᠨᠢ ᠲᠣᠰ ᠭᠠᠵᠠᠷ ᠣᠷᠣᠨ ᠤ ᠪᠣᠳᠠᠲᠤ ᠪᠠᠶᠢᠳᠠᠯ ᠪᠠ ᠲᠠᠷᠢᠶᠠᠯᠠᠩ ᠮᠠᠯ ᠠᠵᠤ ᠠᠬᠤᠢ ᠶᠢᠨ ᠬᠦᠭᠵᠢᠬᠦᠯᠤᠯᠳᠡ ᠶᠢᠨ ᠬᠡᠷᠡᠭᠴᠡᠭᠡ ᠲᠠᠢ ᠪᠠᠨ ᠤᠶᠠᠯᠳᠤᠭᠤᠯᠤᠨ᠂ ︽ᠲᠠᠷᠢᠶ᠎ᠠ ᠪᠠᠨ ᠦᠵᠡᠵᠦ ᠦᠷ᠎ᠡ ᠰᠣᠩᠭᠤᠬᠤ︾ ᠲᠠᠪᠴᠠᠩ ᠪᠠ ︽ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ︾ ᠲᠤ ᠲᠦᠰᠢᠭᠯᠡᠨ ᠭᠤᠣᠯᠯᠠᠬᠤ ᠲᠥᠷᠥᠯ ᠵᠦᠢᠯ ᠪᠠ ᠭᠤᠣᠯ ᠲᠡᠯᠬᠡᠷᠡᠬᠦᠯᠬᠦ ᠮᠡᠷᠭᠡᠵᠢᠯ ᠢ ᠲᠦᠬᠡᠮᠡᠯᠵᠢᠬᠦᠯᠤᠨ᠂ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠬᠢᠨ ᠢ ᠵᠢᠯᠤᠭᠤᠳᠴᠤ ᠪᠠᠶᠢᠭᠠᠳ ᠰᠢᠯᠢᠳᠡᠭ ᠡᠭᠦᠯᠳᠡᠷ ᠪᠠ ᠲᠡᠷᠢᠭᠦᠨ ᠤ ᠮᠡᠷᠭᠡᠵᠢᠯ ᠢ ᠰᠢᠨᠵᠢᠯᠡᠬᠦ ᠤᠬᠠᠭᠠᠨᠴᠢ ᠪᠠᠷ ᠰᠣᠩᠭᠤᠨ ᠬᠡᠷᠡᠭᠯᠡᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠨᠣᠷᠮ᠎ᠠ ᠶᠢ ᠲᠡᠭᠡᠭᠰᠢᠯᠡᠬᠦᠯᠤᠯ᠎ᠡ᠃   ᠮᠠᠨ ᠤ ᠤᠷᠤᠨ ᠤ ᠬᠢᠨ ᠦᠨᠤ ᠵᠢᠯ ︽ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ᠂ ᠮᠡᠷᠭᠡᠵᠢᠯ ᠤᠨ ᠬᠤᠷᠠᠮᠳᠤᠯ᠂ ᠪᠣᠬᠢᠷᠲᠤᠯ ᠦᠭᠡᠢ ᠪᠠᠷ ᠦᠷ᠎ᠡ ᠠᠰᠢᠭ ᠢ ᠨᠡᠮᠡᠭᠳᠡᠭᠦᠯᠬᠦ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ᠂ ᠣᠨᠴᠠᠯᠢᠭᠲᠤ ᠲᠠᠷᠢᠮᠠᠯ ᠳᠠᠷᠢᠬᠤ᠂ ᠥᠨᠳᠥᠷ ᠤᠨᠠᠯᠲᠠ ᠶᠢ ᠡᠭᠦᠳᠦᠨ ᠪᠠᠶᠢᠭᠤᠯᠬᠤ︾ ᠵᠢᠷᠭᠤᠭᠠᠨ ᠵᠦᠢᠯ ᠤᠨ ᠢᠨᠵᠧᠨᠧᠷᠢᠩ ᠢ ᠬᠡᠷᠡᠭᠵᠢᠭᠦᠯᠬᠦ ᠶᠢᠨ ᠲᠣᠭᠤᠷᠢᠨ ᠳᠤ ᠪᠥᠬᠦ ᠣᠷᠣᠨ ᠤ 600 ᠲᠦᠮᠡᠨ ᠮᠦ ᠪᠠᠷᠠᠭ᠎ᠠ ᠭᠠᠷᠭᠠᠵᠤ ᠠᠪᠬᠤ ᠬᠠᠭᠤᠳᠠᠰᠤ ᠶᠢᠨ ᠤᠨᠠᠯᠲᠠ ᠶᠢᠨ ᠵᠢᠱᠢᠶ᠎ᠡ ᠦᠵᠡᠭᠦᠯᠬᠦ ᠣᠷᠣᠨ ᠢ  ᠴᠢᠷᠮᠠᠶᠢᠨ ᠪᠦᠲᠦᠭᠡᠨ ᠪᠠᠶᠢᠭᠤᠯᠬᠤ ᠡᠭᠦᠷᠭᠡ ᠶᠢ ᠪᠡᠶᠡᠯᠡᠭᠦᠯᠵᠦ᠂ ᠨᠢᠭᠡᠨᠲᠡ ᠬᠤᠷᠠᠮᠳᠤᠭᠤᠯᠤᠭᠰᠠᠨ 27 ᠵᠦᠢᠯ ᠤᠨ ᠲᠠᠯᠠᠪᠠᠶ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠮᠡᠷᠭᠡᠵᠢᠯ ᠤᠨ ᠵᠠᠭᠪᠤᠷ ᠢ ᠪᠣᠳᠠᠲᠤ ᠭᠠᠷᠤᠯᠲᠠ ᠪᠣᠯᠭᠠᠨ ᠬᠤᠪᠢᠷᠠᠭᠤᠯᠵᠤ᠂ ᠪᠥᠬᠦ ᠣᠷᠣᠨ ᠢᠶᠠᠷ ᠢᠶᠠᠨ ᠤᠮᠠᠷᠠᠲᠤ ᠣᠷᠣᠨ ᠤ ᠮᠤᠵᠢ ᠣᠷᠣᠨ ᠤ ᠭᠠᠭᠴᠠ ᠤᠯᠠᠷᠢᠯ ᠤᠨ ᠲᠣᠨ ᠠᠮᠤ ᠶᠢᠨ ᠲᠠᠷᠢᠶᠠᠨ ᠤ ᠵᠢᠱᠢᠶ᠎ᠡ ᠦᠵᠡᠭᠦᠯᠬᠦ ᠣᠷᠣᠨ ᠢ  ᠴᠢᠷᠮᠠᠶᠢᠨ ᠪᠠᠶᠢᠭᠤᠯᠵᠤ᠂ ᠲᠣᠨ ᠠᠮᠤ ᠶᠢᠨ ᠲᠠᠷᠢᠶᠠᠨ ᠤ ᠲᠠᠯᠠᠪᠠᠶ ᠶᠢ 800 ᠲᠦᠮᠡᠨ ᠮᠦ ᠣᠷᠴᠢᠮ ᠳᠤ ᠬᠦᠷᠦᠭᠦᠯᠬᠦ ᠪᠠᠷ ᠴᠢᠷᠮᠠᠶᠢᠨ᠎ᠠ᠃    ᠬᠥᠬᠡᠬᠤᠲᠠ ᠶᠢᠨ ᠲᠦᠮᠡᠳ ᠵᠡᠭᠦᠨ ᠬᠤᠰᠢᠭᠤᠨ ᠤ ᠤᠯᠤᠰ ᠤᠨ ᠤᠳᠤ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠬᠦ ᠲᠣᠭᠤᠷᠢᠭ ᠲᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠵᠠᠯᠭᠠᠯᠳᠤᠨ ᠦᠷᠭᠦᠯᠵᠢᠯᠡᠵᠦ᠂ ᠵᠢᠵᠢᠭ ᠬᠡᠯᠪᠡᠷᠢ ᠶᠢᠨ ᠴᠠᠭ ᠠᠭᠤᠷ ᠤᠨ ᠦᠷᠳᠡᠭᠡ᠂ ᠬᠥᠷᠥᠰᠥᠨ ᠤ ᠴᠢᠭᠢᠭ ᠤᠨ ᠪᠠᠶᠢᠳᠠᠯ ᠤᠨ ᠬᠡᠮᠵᠢᠭᠦᠷᠯᠢᠭ᠂ ᠬᠤᠷᠣᠬᠠᠢ ᠶᠢᠨ ᠪᠠᠶᠢᠳᠠᠯ ᠢ ᠬᠡᠮᠵᠢᠨ ᠮᠡᠳᠡᠭᠦᠯᠬᠦ ᠳ᠋ᠧᠩ ᠵᠡᠷᠭᠡ ᠤᠯᠠᠨ ᠶᠠᠩᠵᠤ ᠶᠢᠨ ᠲᠠᠷᠢᠶᠠᠨ ᠭᠠᠵᠠᠷ ᠤᠨ ᠪᠣᠳᠠᠰᠯᠢᠭ ᠬᠤᠯᠪᠣᠭᠠᠲᠤ ᠰᠦᠯᠵᠢᠶ᠎ᠡ ᠶᠢᠨ ᠲᠥᠬᠦᠭᠡᠷᠦᠮᠵᠢ ᠨᠦᠭᠦᠳ ᠦᠪᠡᠷ ᠦᠪᠡᠷ ᠤᠨ ᠡᠭᠦᠷᠭᠡ  ᠪᠠᠨ ᠭᠦᠢᠴᠡᠳᠬᠡᠵᠦ᠂ ᠲᠠᠷᠢᠶᠠᠨ ᠭᠠᠵᠠᠷ ᠤᠨ ᠣᠶᠤᠨᠲᠤ ᠲᠠᠪᠴᠠᠩ ᠳᠤ ᠲᠠᠷᠢᠶᠠᠨ ᠭᠠᠵᠠᠷ ᠤᠨ ᠪᠣᠳᠠᠲᠤ ᠴᠠᠭ ᠤᠨ ᠲᠤᠭ᠎ᠠ ᠪᠠᠷᠢᠮᠲᠠ ᠶᠢ ᠬᠥᠳᠡᠯᠦᠩᠭᠦᠢ ᠪᠠᠷ ᠳᠠᠮᠵᠢᠭᠤᠯᠪᠠ᠃ ᠲᠣᠰ ᠤᠯᠤᠰ ᠤᠨ ᠣᠲᠣ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠬᠦ ᠣᠷᠣᠨ ᠤ ᠭᠤᠣᠯ ᠣᠷᠣᠨ 2021 ᠣᠨ ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠪᠦᠬᠦᠨ ᠢ ᠬᠡᠷᠡᠭᠵᠢᠭᠦᠯᠦᠭᠰᠡᠨ ᠪᠥᠭᠡᠳ ᠬᠦᠷᠢᠶᠡᠯᠡᠩ ᠲᠣᠭᠤᠷᠢᠭ ᠲᠤ ᠪᠥᠬᠦ ᠣᠷᠣᠨ ᠤ ᠠᠩᠬᠠᠳᠠᠭᠴᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠣᠶᠤᠨ ᠤ ᠡᠵᠡᠮᠳᠡᠯ᠂ ᠣᠶᠤᠨ ᠤ ᠬᠠᠮᠢᠶᠠᠷᠤᠯᠲᠠ᠂ ᠦᠷ᠎ᠡ ᠠᠰᠢᠭ ᠢ ᠠᠷᠪᠢᠯᠠᠬᠤ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠠᠪᠴᠠᠩ — ᠲᠦᠮᠡᠳ ᠵᠡᠭᠦᠨ ᠬᠤᠰᠢᠭᠤᠨ ᠤ ᠲᠠᠷᠢᠶᠠᠨ ᠭᠠᠵᠠᠷ ᠤᠨ ᠣᠶᠤᠨ ᠤ ᠲᠠᠪᠴᠠᠩ ᠢ ᠪᠠᠶᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠲᠠᠷᠢᠶᠠᠯᠠᠭ᠎ᠠ᠂ ᠠᠷᠠᠴᠢᠯᠠᠯᠲᠠ᠂ ᠬᠢᠨᠠᠯᠲᠠ ᠬᠠᠮᠢᠶᠠᠷᠤᠯᠲᠠ ᠳᠤ ᠲᠣᠭᠠᠴᠢᠯᠠᠭᠰᠠᠨ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃   ︽ᠬᠠᠷᠠᠭᠠᠴᠢ᠂ ᠣᠶᠤᠨᠲᠤ ᠲᠠᠪᠴᠠᠩ ᠢ ᠨᠡᠭᠡᠭᠡᠪᠡᠯ ᠲᠠᠷᠢᠶᠠᠨ ᠭᠠᠵᠠᠷ ᠤᠨ ᠣᠷᠴᠢᠨ ᠲᠣᠭᠤᠷᠢᠨ ᠤ ᠲᠤᠯᠠᠭᠠᠴᠨ᠂ ᠴᠢᠭᠢᠭ᠂ ᠬᠡᠷᠡᠯ ᠤᠨ ᠲᠤᠰᠤᠯᠲᠠ ᠶᠢᠨ ᠬᠦᠴᠦᠯᠡᠴᠡ ᠵᠡᠷᠭᠡ ᠬᠥᠷᠥᠰᠥᠨ ᠤ ᠴᠢᠭᠢᠭ ᠤᠨ ᠪᠠᠶᠢᠳᠠᠯ ᠤᠨ ᠭᠦᠢᠴᠡᠳᠬᠡᠯ ᠲᠤᠭ᠎ᠠ ᠶᠢ ᠪᠠᠶᠢᠴᠠᠭᠠᠨ ᠦᠵᠡᠵᠦ ᠪᠣᠯᠬᠤ ᠪᠥᠭᠡᠳ ᠪᠠᠰᠠ ᠬᠡᠷᠡᠭᠯᠡᠬᠦ ᠤᠰᠤᠨ ᠤ ᠬᠡᠮᠵᠢᠶ᠎ᠡ᠂ ᠴᠠᠬᠢᠯᠭᠠᠨ ᠬᠡᠷᠡᠭᠯᠡᠬᠦ ᠬᠡᠮᠵᠢᠶ᠎ᠡ ᠶᠢ ᠬᠤᠯᠨ ᠠᠴᠠ ᠪᠠᠶᠢᠴᠠᠭᠠᠨ ᠡᠵᠡᠮᠳᠡᠵᠦ ᠪᠣᠯᠣᠨ᠎ᠠ᠃ ᠲᠠᠷᠢᠶᠠᠨ ᠭᠠᠵᠠᠷ ᠤᠨ ᠣᠶᠤᠨᠲᠤ ᠲᠠᠪᠴᠠᠩ ᠨᠢ ᠪᠠᠰᠠ ᠲᠠᠷᠢᠮᠠᠯ ᠤᠨ ᠤᠷᠭᠤᠯᠲᠠ ᠶᠢᠨ ᠪᠠᠶᠢᠳᠠᠯ᠂ ᠨᠠᠪᠴᠢᠨ ᠤ ᠪᠠᠶᠢᠳᠠᠯ ᠪᠠ ᠬᠤᠷᠣᠬᠠᠢ ᠶᠢ ᠬᠢᠨᠠᠨ ᠬᠡᠮᠵᠢᠬᠦ ᠵᠡᠷᠭᠡ ᠲᠠᠷᠢᠶᠠᠯᠠᠩ ᠤᠨ ᠶᠠᠪᠤᠴᠠ ᠶᠢ ᠶᠡᠷᠦᠩᠬᠡᠶᠢᠯᠡᠨ ᠬᠢᠨᠠᠨ ᠬᠡᠮᠵᠢᠵᠦ᠂ ᠣᠨᠣᠪᠴᠢᠲᠠᠶ ᠲᠤᠭ᠎ᠠ ᠪᠠᠷᠢᠮᠲᠠ ᠶᠢᠨ ᠦᠷ᠎ᠡ ᠳ᠋ᠦᠩ ᠢ ᠦᠨᠳᠦᠰᠦᠯᠡᠨ ᠪᠣᠷᠳᠣᠭᠤᠷ ᠣᠷᠣᠭᠤᠯᠬᠤ ᠪᠠ ᠬᠠᠮᠢᠶᠠᠷᠤᠨ ᠡᠵᠡᠮᠳᠡᠬᠦ ᠰᠠᠨᠠᠭᠤᠯᠭ᠎ᠠ ᠬᠠᠩᠭᠠᠨ᠎ᠠ︾ ᠭᠡᠵᠦ ᠲᠦᠮᠡᠳ ᠵᠡᠭᠦᠨ ᠬᠤᠰᠢᠭᠤᠨ ᠤ ᠤᠯᠤᠰ ᠤᠨ ᠣᠲᠣ ᠦᠶ᠎ᠡ ᠶᠢᠨ ᠲᠠᠷᠢᠶᠠᠯᠠᠩ ᠤᠨ ᠵᠢᠱᠢᠶ᠎ᠡ ᠦᠵᠡᠭᠦᠯᠬᠦ ᠲᠣᠭᠤᠷᠢᠭ ᠤᠨ ᠮᠡᠷᠭᠡᠵᠢᠯᠲᠡᠨ ᠸᠠᠩ ᠬᠤᠩ ᠪᠢᠩ ᠭᠠᠷ ᠤᠲᠠᠰᠤ ᠪᠠᠨ ᠬᠡᠷᠡᠭᠯᠡᠬᠦ ᠶᠢᠨ ᠳᠠᠭᠠᠤ ᠲᠠᠨᠢᠯᠴᠠᠭᠤᠯᠪᠠ᠃    4 ᠳ᠋ᠤᠬᠡᠷ ᠰᠠᠷ᠎ᠠ ᠶᠢᠨ 24 ᠤ ᠡᠳᠦᠷ ᠮᠠᠨ ᠤ ᠣᠷᠣᠨ ︽ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ  ᠴᠢᠨᠠᠷᠯᠢᠭ ᠠᠬᠢᠭᠤᠯᠬᠤ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ ᠨᠥᠬᠦᠪᠦᠷᠢ ᠶᠢᠨ ᠪᠠᠷᠢᠮᠵᠢᠶ᠎ᠠ ᠶᠢ ᠵᠦᠢ ᠵᠣᠬᠢᠰᠲᠠᠢ ᠲᠣᠭᠲᠠᠭᠠᠬᠤ᠂ ᠭᠠᠵᠠᠷ ᠰᠢᠷᠣᠢ ᠶᠢ ᠨᠡᠮᠡᠭᠳᠡᠭᠦᠯᠬᠦ ᠨᠦᠬᠡᠴᠨ ᠬᠦᠴᠦᠨ ᠢ ᠠᠭᠤᠳᠠᠯᠬᠤ᠂ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠪᠠᠲᠤᠯᠠᠬᠤ ᠵᠡᠷᠭᠡ 11 ᠲᠠᠯ᠎ᠠ ᠪᠠᠷ ᠪᠣᠳᠠᠲᠠᠢ ᠳᠡᠮᠵᠢᠬᠦ ᠠᠷᠭ᠎ᠠ ᠬᠡᠮᠵᠢᠶ᠎ᠡ ᠳᠤᠷᠠᠳᠴᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠠᠷ ᠰᠠᠭᠤᠷᠢ ᠪᠣᠯᠭᠠᠵᠤ᠂ ︽ᠡᠷᠭᠢᠯᠲᠡ ᠳᠤ ᠣᠷᠣᠭᠤᠯᠬᠤ — ᠳᠠᠷᠢᠬᠤ — ᠡᠳ᠋ᠰᠢᠭᠦᠯᠬᠦ — ᠦᠢᠯᠡᠴᠢᠯᠡᠬᠦ — ᠡᠵᠡᠩᠨᠡᠨ ᠪᠣᠷᠣᠯᠠᠭᠤᠯᠬᠤ︾ ᠪᠥᠬᠦ ᠬᠡᠯᠬᠢᠶ᠎ᠡ ᠶᠢ ᠨᠠᠪᠲᠠᠷᠡᠭᠦᠯᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠠᠷᠭ᠎ᠠ ᠶᠢᠨ ᠬᠤᠪᠢᠰᠤᠯᠲᠠ ᠶᠢ ᠠᠬᠢᠭᠤᠯᠪᠠ᠃ ᠲᠥᠯᠥᠪᠯᠡᠭᠡ ᠶᠣᠰᠣᠭᠠᠷ 2032 ᠣᠨ ᠪᠣᠯᠬᠤ ᠳᠤ  ᠥᠪᠥᠷ ᠮᠣᠩᠭᠤᠯ ᠣᠷᠣᠨ ᠪᠦᠰᠡ ᠬᠤᠪᠢᠶᠠᠨ ᠬᠠᠭᠤᠷᠠᠢ ᠭᠠᠵᠠᠷ᠂ ᠬᠠᠷ᠎ᠠ ᠭᠠᠵᠠᠷ᠂ ᠬᠤᠵᠢᠷᠰᠢᠭᠰᠠᠨ ᠲᠠᠷᠢᠶᠠᠨ ᠭᠠᠵᠠᠷ᠂ ᠡᠯᠡᠰᠦᠷᠬᠡᠭᠵᠢᠭᠰᠡᠨ ᠲᠠᠷᠢᠶᠠᠨ ᠭᠠᠵᠠᠷ᠂ ᠤᠮᠠᠷᠠᠲᠤ ᠶᠢᠨ ᠤᠰᠤᠨ ᠲᠠᠷᠢᠶᠠᠨ ᠭᠠᠵᠠᠷ᠂ ︽ᠡᠷᠦᠬᠡ ᠪᠦᠷᠢ ᠬᠡᠰᠡᠭ ᠲᠠᠷᠢᠶᠠᠨ ᠭᠠᠵᠠᠷ ᠲᠠᠢ︾᠂ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ᠂ ᠪᠣᠬᠢᠷᠲᠤᠯ ᠦᠭᠡᠢ ᠲᠤᠭ᠎ᠠ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠭᠰᠠᠨ 9 ᠲᠥᠷᠥᠯ ᠤᠨ ᠮᠢᠩᠭᠠᠨ ᠲᠦᠮᠡᠨ ᠮᠦ ᠪᠠᠷᠢᠮᠵᠢᠶᠠᠲᠤ ᠥᠯᠢᠭᠡᠷ ᠶᠠᠩᠵᠤ ᠶᠢᠨ ᠲᠠᠷᠢᠶ᠎ᠠ ᠶᠢ ᠪᠦᠲᠦᠭᠡᠨ ᠪᠠᠶᠢᠭᠤᠯᠵᠤ᠂ ᠪᠥᠬᠦ ᠤᠯᠤᠰ ᠤᠨ ︽ᠲᠣᠮᠣ ᠲᠠᠷᠢᠶᠠᠨ ᠭᠠᠵᠠᠷ︾ ᠤᠨ ᠵᠢᠱᠢᠶ᠎ᠡ ᠦᠵᠡᠭᠦᠯᠬᠦ ᠥᠯᠢᠭᠡᠷ ᠳᠠᠭᠤᠷᠢᠶᠠᠯ ᠢ ᠪᠣᠶ ᠪᠣᠯᠭᠠᠨ᠎ᠠ᠃   ︽ᠰᠠᠶᠢᠨ ᠲᠠᠷᠢᠶ᠎ᠠ︾ ᠨᠢ ᠤᠨᠠᠯᠲᠠ ᠶᠢ ᠲᠣᠭᠲᠠᠪᠤᠷᠢᠵᠢᠭᠤᠯᠬᠤ ᠰᠠᠭᠤᠷᠢ ᠶᠢ ᠪᠠᠲᠤᠳᠬᠠᠵᠤ᠂ ︽ᠰᠠᠶᠢᠨ ᠲᠣᠬᠢᠶᠠᠯ ︾ ᠨᠢ ᠬᠠᠪᠤᠷ ᠤᠨ ᠲᠠᠷᠢᠶᠠᠯᠠᠭ᠎ᠠ ᠳᠤ ︽ᠤᠷᠤᠬᠰᠢᠯᠠᠯᠳᠠ ᠶᠢᠨ ᠪᠦᠷᠢᠶ᠎ᠡ︾ ᠶᠢ ᠦᠯᠢᠶᠡᠯ᠎ᠡ᠃  ᠤᠷᠴᠢᠮ ᠤᠨ ᠵᠢᠯ  ᠠᠴᠠ ᠮᠠᠨ ᠤ ᠤᠷᠤᠨ ᠳᠤ ᠲᠠᠷᠢᠶᠠᠯᠠᠩ ᠤᠨ ᠮᠠᠰᠢᠨ ᠲᠣᠨᠣᠭᠯᠠᠯ ᠦᠷᠭᠦᠯᠵᠢᠯᠡᠨ ᠨᠡᠮᠡᠭᠳᠡᠵᠦ᠂ ᠮᠧᠬᠠᠨᠢᠭᠵᠢᠭᠤᠯᠤᠨ ᠠᠵᠢᠯᠯᠠᠬᠤ ᠲᠦᠪᠰᠢᠨ ᠲᠠᠰᠤᠷᠠᠯᠲᠠ ᠦᠭᠡᠢ ᠳᠡᠭᠡᠭᠰᠢᠯᠡᠪᠡ᠃   ᠪᠥᠬᠦ ᠣᠷᠣᠨ ᠤ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ ᠬᠢᠨ ᠣᠷᠣᠨ ᠪᠦᠰᠡ᠂ ᠠᠵᠤ ᠦᠢᠯᠡᠰ᠂ ᠲᠥᠷᠥᠯ ᠵᠦᠢᠯ᠂ ᠭᠤᠭᠴᠤᠭ᠎ᠠ ᠬᠤᠪᠢᠶᠠᠨ ᠪᠥᠬᠦ ᠶᠠᠪᠤᠴᠠ ᠶᠢᠨ ᠮᠠᠰᠢᠨᠴᠢᠯᠠᠯᠲᠠ ᠶᠢᠨ ᠮᠡᠷᠭᠡᠵᠢᠯ ᠤᠨ ᠵᠠᠮ᠂ ᠮᠠᠰᠢᠨ ᠪᠠᠭᠠᠵᠢ ᠲᠣᠬᠢᠷᠠᠭᠤᠯᠬᠤ ᠲᠥᠰᠥᠯ᠂ ᠲᠠᠷᠢᠶᠠᠯᠠᠩ ᠤᠨ ᠮᠠᠰᠢᠨ ᠲᠠᠷᠢᠶᠠᠯᠠᠩ ᠤᠨ ᠮᠡᠷᠭᠡᠵᠢᠯ ᠪᠠ ᠳᠠᠷᠢᠵᠤ ᠲᠡᠵᠢᠭᠡᠬᠦ ᠠᠷᠭ᠎ᠠ ᠶᠢ ᠲᠥᠪᠯᠡᠷᠡᠭᠦᠯᠦᠨ ᠲᠥᠬᠦᠷᠵᠢᠭᠦᠯᠬᠦ ᠲᠥᠰᠥᠯ ᠢ ᠲᠣᠭᠲᠠᠭᠠᠵᠤ ᠲᠡᠬᠦᠯᠳᠡᠷᠵᠢᠬᠦᠯᠪᠡ᠃ ᠲᠤᠬᠠᠢ ᠶᠢᠨ ᠭᠠᠵᠠᠷ ᠲᠤ ᠲᠣᠬᠢᠷᠠᠭᠰᠠᠨ ᠮᠠᠰᠢᠨᠴᠢᠯᠠᠭᠰᠠᠨ ᠦᠢᠯᠡᠳᠪᠦᠷᠢᠯᠡᠯ ᠤᠨ ᠵᠠᠭᠪᠤᠷ᠂ ᠰᠤᠷᠤᠯᠴᠠᠵᠤ ᠪᠣᠯᠬᠤ ᠳᠡᠯᠭᠡᠷᠡᠭᠦᠯᠵᠦ ᠪᠣᠯᠬᠤ ᠵᠠᠭᠪᠤᠷ ᠢ ᠪᠣᠶ ᠪᠣᠯᠭᠠᠵᠤ᠂ ᠪᠣᠬᠢᠷᠲᠤᠯ ᠦᠭᠡᠢ ᠥᠨᠳᠥᠷ ᠦᠷ᠎ᠡ ᠪᠦᠲᠦᠮᠵᠢᠲᠡᠶ᠂ ᠬᠢᠮᠳᠠ ᠪᠥᠭᠡᠳ ᠶᠠᠪᠤᠭᠳᠠᠭᠤᠰᠢᠲᠠᠢ ᠪᠥᠬᠦ ᠶᠠᠪᠤᠴᠠ ᠶᠢᠨ ᠮᠠᠰᠢᠨᠴᠢᠯᠠᠭᠰᠠᠨ ᠦᠢᠯᠡᠳᠪᠦᠷᠢᠯᠡᠯ ᠤᠨ ᠵᠠᠭᠪᠤᠷ ᠢ ᠨᠡᠶᠢᠳᠡᠮ ᠬᠡᠷᠡᠭᠯᠡᠬᠦ ᠶᠢ ᠠᠬᠢᠭᠤᠯᠤᠯ᠎ᠠ᠃    ᠲᠠᠷᠢᠶᠠᠯᠠᠩ ᠤᠨ ᠡᠵᠡᠩᠨᠡᠯᠲᠡ ᠶᠢᠨ ᠴᠢᠬᠤᠯᠠ ᠠᠷᠭ᠎ᠠ ᠪᠣᠯᠤᠭᠰᠠᠨ ᠤ ᠬᠤᠪᠢ ᠳᠤ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡ ᠨᠢ ᠮᠡᠷᠭᠡᠵᠢᠯ ᠪᠣᠯᠣᠨ ᠥᠪᠡᠷ ᠤᠨ ᠦᠷᠳᠡᠭ ᠤᠨ ᠳᠠᠪᠠᠭᠤᠯᠢᠭ ᠲᠠᠢ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠲᠠᠷᠢᠶᠠᠯᠠᠩ ᠤᠨ ᠦᠢᠯᠡᠳᠪᠦᠷᠢᠯᠡᠯ ᠤᠨ ᠡᠯ᠎ᠡ ᠵᠠᠩᠭᠢᠯᠠᠭ᠎ᠠ ᠳᠤ ᠠᠭᠤᠰᠤᠯᠴᠠᠭᠤᠯᠵᠤ᠂ ᠲᠠᠷᠢᠶᠠᠯᠠᠩ ᠤᠨ ᠬᠦᠭᠵᠢᠬᠦᠯᠤᠯᠳᠡ ᠶᠢᠨ ᠠᠷᠭ᠎ᠠ ᠬᠡᠯᠪᠡᠷᠢ ᠶᠢ ᠬᠤᠪᠢᠷᠠᠭᠤᠯᠬᠤ᠂ ᠵᠢᠵᠢᠭ ᠲᠠᠷᠢᠶᠠᠴᠢᠨ ᠡᠷᠦᠭᠡ ᠪᠣᠯᠣᠨ ᠤᠳᠤ ᠦᠶ᠎ᠡ ᠶᠢᠨ ᠲᠠᠷᠢᠶᠠᠯᠠᠩ ᠢ ᠣᠷᠭᠠᠨᠢᠭ ᠢᠶᠠᠷ ᠵᠣᠯᠭᠠᠭᠤᠯᠬᠤ ᠶᠢ ᠪᠡᠶᠡᠯᠡᠭᠦᠯᠬᠦ ᠴᠢᠬᠤᠯᠠ ︽ᠰᠠᠶᠢᠨ ᠳᠦᠷᠢᠮ︾ ᠪᠣᠯᠭᠠᠭᠰᠠᠨ ᠪᠠᠶᠢᠨ᠎ᠠ᠃    ᠣᠷᠳᠣᠰ ᠬᠤᠳᠠ ᠶᠢᠨ ᠤᠳᠤᠭ ᠤᠨ ᠡᠮᠦᠨᠡᠲᠦ ᠬᠤᠰᠢᠭᠤᠨ ᠤ ᠴᠧᠩ ᠴᠤᠸᠠᠨ ᠪᠠᠯᠭᠠᠰᠤᠨ ᠤ ᠵᠡᠭᠡᠷᠭᠡᠨ᠎ᠡ ᠶᠢᠨ ᠲᠣᠬᠤᠢ ᠶᠢᠨ ᠲᠣᠰᠬᠤᠨ ᠳᠤ ᠨᠠᠮ ᠤᠨ ᠪᠠᠶᠢᠭᠤᠯᠤᠯᠲᠠ ᠪᠠᠷ ᠵᠢᠯᠣᠭᠤᠳᠤᠯᠭ᠎ᠠ ᠪᠣᠯᠭᠠᠵᠤ᠂ ᠲᠣᠰᠬᠤᠨ ᠤ ᠬᠠᠮᠲᠤ ᠶᠢᠨ ᠬᠤᠪᠢ ᠣᠷᠣᠭᠤᠯᠤᠭᠰᠠᠨ ᠠᠵᠤ ᠠᠬᠤᠢ ᠶᠢᠨ ᠬᠤᠷᠰᠢᠶ᠎ᠠ ᠶᠢ ᠵᠣᠬᠢᠶᠠᠨ ᠪᠠᠶᠢᠭᠤᠯᠤᠨ ᠪᠠᠶᠢᠭᠤᠯᠵᠤ᠂ ᠡᠷᠳᠡᠨᠢ ᠰᠢᠰᠢ᠂ ᠭᠤᠸᠠ ᠵᠢᠮᠢᠰ ᠢᠳᠡᠰᠢᠨ ᠨᠣᠭᠤᠭ᠎ᠠ ᠶᠢ ᠨᠢᠭᠡᠳᠦᠯᠲᠡᠢ ᠦᠢᠯᠡᠳᠪᠦᠷᠢᠯᠡᠬᠦ᠂ ᠬᠤᠳᠠᠯᠳᠤᠨ ᠠᠪᠴᠤ ᠪᠣᠷᠣᠯᠠᠭᠤᠯᠬᠤ᠂ ᠲᠠᠷᠢᠶᠠᠯᠠᠩ ᠤᠨ ᠮᠠᠰᠢᠨ ᠢ ᠦᠢᠯᠡᠳᠪᠦᠷᠢᠯᠡᠬᠦ ᠪᠦᠬᠦ ᠶᠠᠪᠤᠴᠠ ᠳᠤ ᠦᠢᠯᠡᠴᠢᠯᠡᠬᠦ᠂ ᠲᠦᠷᠦᠯ ᠲᠡᠮᠳᠡᠭ ᠤᠨ ᠡᠵᠡᠩᠨᠡᠯᠲᠡ ︽ᠳᠥᠷᠪᠡ ᠶᠢ ᠨᠢᠭᠡ ᠴᠣᠭᠴᠠᠵᠢᠭᠤᠯᠤᠭᠰᠠᠨ︾ ᠶᠡᠷᠦᠩᠬᠡᠶᠢᠯᠡᠭᠰᠡᠨ  ᠰᠢᠰᠲ᠋ᠧᠮ ᠢ ᠪᠠᠶᠢᠭᠤᠯᠵᠤ᠂ ᠲᠠᠷᠢᠶᠠᠴᠢᠳ ᠲᠤ ᠨᠡᠩ ᠤᠯᠠᠨ ᠠᠰᠢᠭ ᠬᠦᠷᠲᠡᠭᠡᠵᠡᠢ᠃    ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠪᠠᠶᠠᠨ ᠪᠠᠯᠭᠠᠰᠤᠨ ᠤ ᠰᠢᠨ ᠱᠢ ᠭᠤᠸᠠᠩ ᠲᠠᠷᠢᠶᠠᠯᠠᠩ ᠤᠨ ᠮᠠᠰᠢᠨ ᠤ ᠲᠤᠰᠬᠠᠢ ᠬᠤᠷᠰᠢᠶ᠎ᠠ ᠶᠢᠨ ᠬᠢᠨ ︽ᠪᠥᠬᠦ ᠶᠠᠪᠤᠴᠠ ᠶᠢᠨ ᠮᠠᠰᠢᠨᠴᠢᠯᠠᠯᠲᠠ + ᠶᠡᠷᠦᠩᠬᠡᠶᠢᠯᠡᠭᠰᠡᠨ ᠲᠠᠷᠢᠶᠠᠯᠠᠩ ᠤᠨ ᠶᠠᠪᠤᠳᠠᠯ ᠤᠨ ᠦᠢᠯᠡᠴᠢᠯᠡᠭᠡ︾ ᠶᠢᠨ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠤ᠂ ᠨᠡᠶᠢᠭᠡᠮᠴᠢᠯᠡᠭᠰᠡᠨ ᠦᠢᠯᠡᠴᠢᠯᠡᠭᠡᠨ ᠤ ᠬᠠᠩᠭᠠᠯᠭ᠎ᠠ ᠬᠡᠷᠡᠭᠴᠡᠭᠡᠨ ᠤ ᠬᠤᠶᠠᠷ ᠲᠠᠯ᠎ᠠ ᠶᠢᠨ ᠮᠡᠳᠡᠭᠡ ᠵᠠᠩᠭᠢ ᠶᠢ ᠳᠥᠭᠦᠮ ᠳᠥᠲᠡ ᠵᠣᠯᠭᠠᠭᠤᠯᠬᠤ ᠪᠠ ᠨᠡᠶᠢᠭᠡᠮ ᠳᠡᠭᠡᠷᠡᠬᠢ ᠰᠤᠯᠠ ᠲᠠᠷᠢᠶᠠᠯᠠᠩ ᠤᠨ ᠮᠠᠰᠢᠨ ᠪᠠᠭᠠᠵᠢ ᠶᠢ ᠪᠦᠲᠦᠮᠵᠢᠲᠡᠶ  ᠡᠮᠬᠢᠯᠡᠨ᠂ ᠦᠢᠯᠡᠴᠢᠯᠡᠭᠡᠨ ᠤ ᠶᠠᠰᠤ ᠴᠢᠨᠠᠷ ᠪᠠ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠪᠡ᠃   ᠯᠢᠨᠰᠢ ᠰᠢᠶᠠᠨ ᠤ ᠲᠦᠩ ᠪᠦ᠋ ᠪᠠᠯᠭᠠᠰᠤᠨ ᠤ ᠡᠯ ᠵᠢᠶᠠᠨ ᠹᠠᠩ ᠲᠣᠰᠬᠤᠨ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠳᠤ ᠲᠦᠰᠢᠭᠯᠡᠨ ᠲᠣᠰᠬᠤᠨ ᠤ ᠡᠷᠭᠢᠯᠡᠭᠰᠡᠨ ᠬᠤᠷᠰᠢᠶ᠎ᠠ ᠠᠴᠠ ᠲᠠᠷᠢᠶᠠᠯᠠᠩ ᠤᠨ ᠮᠠᠰᠢᠨ ᠬᠤᠳᠠᠯᠳᠤᠨ ᠠᠪᠴᠤ᠂ ᠲᠣᠰ ᠲᠣᠰᠬᠤᠨ ᠤ ᠲᠠᠷᠢᠶᠠᠯᠠᠩ ᠤᠨ ᠮᠠᠰᠢᠨ ᠲᠠᠢ ᠨᠡᠶᠢᠯᠡᠬᠦᠯᠤᠬᠡᠳ᠂ ᠲᠣᠰᠬᠤᠨ ᠤ ᠳᠣᠲᠣᠷᠠᠬᠢ ᠮᠧᠬᠠᠨᠢᠭ ᠢᠶᠠᠷ ᠠᠵᠢᠯᠯᠠᠬᠤ ᠳᠤ ᠲᠣᠬᠢᠷᠠᠬᠤ 8000 ᠭᠠᠷᠤᠢ ᠮᠦ ᠭᠠᠵᠠᠷ ᠰᠢᠷᠣᠢ ᠳᠤ ᠵᠠᠬ᠎ᠠ ᠳᠡᠯᠭᠡᠭᠦᠷ ᠤᠨ ᠦᠨ᠎ᠡ ᠠᠴᠠ ᠳᠣᠣᠷ᠎ᠠ ᠨᠡᠶᠢᠭᠡᠮᠴᠢᠯᠡᠭᠰᠡᠨ ᠦᠢᠯᠡᠴᠢᠯᠡᠭᠡ ᠬᠠᠩᠭᠠᠵᠤ᠂ ᠭᠠᠵᠠᠷ ᠰᠢᠷᠣᠢ ᠶᠢᠨ ᠠᠰᠢᠭ ᠣᠷᠣᠯᠭ᠎ᠠ ᠶᠢ ᠳᠡᠭᠡᠭᠰᠢᠯᠡᠭᠦᠯᠪᠡ᠃    ᠨᠡᠩ ᠰᠠᠶᠢᠨ ᠦᠢᠯᠡᠴᠢᠯᠡᠭᠡ ᠪᠠᠷ ᠲᠠᠷᠢᠶ᠎ᠠ ᠶᠢ ᠨᠡᠩ ᠦᠨᠳᠤᠷ ᠪᠦᠲᠦᠮᠵᠢᠲᠡᠶ ᠲᠠᠷᠢᠪᠠ᠃ ᠮᠠᠨ ᠤ ᠣᠷᠣᠨ ᠤ 5 ᠬᠤᠰᠢᠭᠤ ᠰᠢᠶᠠᠨ᠂ 20 ᠰᠢᠶᠠᠩ ᠪᠠᠯᠭᠠᠰᠤ᠂ 100 ᠲᠣᠰᠬᠤᠨ ᠳᠤ ᠲᠠᠷᠢᠶᠠᠯᠠᠩ ᠤᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠥᠪᠯᠡᠷᠡᠨ ᠵᠠᠯᠭᠠᠯᠳᠤᠭᠰᠠᠨ ᠵᠢᠱᠢᠶ᠎ᠡ ᠦᠵᠡᠭᠦᠯᠬᠦ ᠠᠵᠢᠯᠯᠠᠭ᠎ᠠ  ᠶᠢ ᠥᠷᠨᠢᠭᠦᠯᠵᠦ᠂ ᠲᠡᠷᠢᠭᠦᠨ ᠤ ᠮᠡᠷᠭᠡᠵᠢᠯ ᠲᠣᠨᠣᠭᠯᠠᠯ ᠢ ᠲᠥᠪᠯᠡᠷᠡᠭᠦᠯᠦᠨ ᠬᠡᠷᠡᠭᠯᠡᠵᠦ᠂ ᠮᠧᠬᠠᠨᠢᠭᠵᠢᠭᠤᠯᠬᠤ᠂ ᠡᠷᠴᠢᠮᠵᠢᠭᠦᠯᠬᠦ᠂ ᠪᠠᠷᠢᠮᠵᠢᠶᠠᠵᠢᠭᠤᠯᠬᠤ ᠦᠢᠯᠡᠳᠪᠦᠷᠢᠯᠡᠯ ᠤᠨ ᠠᠷᠭ᠎ᠠ ᠶᠢ ᠲᠥᠪᠯᠡᠷᠡᠭᠦᠯᠦᠨ ᠬᠡᠰᠡᠭ ᠬᠡᠰᠡᠭ ᠢᠶᠠᠷ ᠠᠬᠢᠭᠤᠯᠵᠤ᠂ ᠦᠢᠯᠡᠴᠢᠯᠡᠭᠡᠨ ᠤ ᠬᠡᠯᠪᠡᠷᠢ ᠶᠢ ᠲᠠᠷᠢᠶᠠᠯᠠᠵᠤ ᠬᠤᠷᠢᠶᠠᠬᠤ ᠶᠢ ᠰᠡᠷᠭᠡᠶᠢᠯᠡᠬᠦ ᠦᠢᠯᠡᠳᠪᠦᠷᠢᠯᠡᠯ ᠤᠨ ᠳᠤᠮᠳᠠᠬᠢ ᠦᠢᠯᠡᠴᠢᠯᠡᠭᠡ ᠠᠴᠠ ᠦᠢᠯᠡᠳᠪᠦᠷᠢᠯᠡᠬᠦ ᠠᠴᠠ ᠡᠮᠦᠨᠡᠬᠢ᠂ ᠦᠢᠯᠡᠳᠪᠦᠷᠢᠯᠡᠯ ᠤᠨ ᠳᠠᠷᠠᠭᠠᠬᠢ ᠲᠡᠶᠢᠰᠢ ᠥᠷᠭᠡᠳᠬᠡᠨ ᠂ ᠲᠠᠷᠢᠶᠠᠯᠠᠩ ᠤᠨ ᠥᠪᠡᠷ ᠤᠨ ᠦᠷᠲᠡᠭ ᠢ ᠠᠷᠪᠢᠯᠠᠨ ᠦᠷ᠎ᠡ ᠠᠰᠢᠭ ᠢ  ᠨᠡᠮᠡᠭᠳᠡᠬᠦᠯᠤᠨ ᠭᠠᠵᠠᠷ ᠰᠢᠷᠣᠢ ᠶᠢᠨ ᠭᠠᠷᠤᠯᠲᠠ ᠶᠢᠨ ᠳᠠᠯᠳᠠ ᠴᠢᠳᠠᠪᠤᠷᠢ ᠶᠢ ᠬᠦᠭᠵᠢᠬᠡᠪᠡ᠃    2023 ᠣᠨ ᠳᠤ ᠮᠠᠨ ᠤ ᠤᠷᠤᠨ ᠤ ᠬᠢᠨ 791.6 ᠳ᠋ᠦᠩᠰᠢᠭᠤᠷ ᠵᠢᠩ ᠤᠨ ᠠᠮᠤ ᠪᠤᠳᠠᠭᠠᠨ ᠤ ᠤᠨᠠᠯᠲᠠ ᠪᠠᠷ ︽20 ᠵᠢᠯ ᠳᠠᠷᠠᠭᠠᠯᠠᠨ ᠡᠯᠪᠡᠭ ᠬᠤᠷᠢᠶᠠᠯᠲᠠ︾ ᠤᠯᠪᠠ᠃ ᠠᠮᠤ ᠪᠤᠳᠠᠭ᠎ᠠ ᠲᠠᠷᠢᠬᠤ ᠲᠠᠯᠠᠪᠠᠢ᠂ ᠲᠠᠯᠠᠪᠠᠢ ᠨᠢᠭᠡᠴᠢ ᠶᠢᠨ ᠤᠨᠠᠯᠲᠠ᠂ ᠶᠡᠷᠦᠩᠬᠡᠢ ᠤᠨᠠᠯᠲᠠ ᠴᠦᠮ  ᠨᠡᠮᠡᠭᠳᠡᠵᠤ᠂ ᠠᠮᠤ ᠪᠤᠳᠠᠭᠠᠨ ᠤ ᠤᠨᠠᠯᠲᠠ ᠪᠦᠬᠦ ᠤᠯᠤᠰ ᠤᠨ ᠵᠢᠷᠭᠤᠳᠤᠭᠠᠷ ᠲᠤ ᠤᠷᠤᠯ᠎ᠠ᠃ ︽ᠨᠠᠷᠠᠲᠤ ᠣᠨᠴᠠ ᠰᠢᠯᠢᠳᠡᠭ ᠰᠢᠨ᠎ᠡ︾ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠡᠷᠦᠩᠬᠡᠢ ᠲᠤᠭ᠎ᠠ ᠪᠥᠬᠦ ᠤᠯᠤᠰ ᠤᠨ ᠲᠡᠷᠢᠭᠦᠨ ᠳᠤ ᠣᠷᠣᠵᠤ᠂ ︽ᠥᠪᠥᠷ ᠮᠣᠩᠭᠤᠯ ᠤᠨ ᠦᠨᠦᠷ ᠠᠮᠲᠠ︾ ᠲᠦᠮᠡᠨ ᠭᠠᠵᠠᠷ ᠤᠨ ᠠᠩᠬᠢᠯᠤᠮ᠎ᠠ ᠰᠠᠶᠢᠬᠠᠨ ᠦᠨᠦᠷ ᠠᠮᠲᠠ ᠲᠠᠢ ᠪᠠᠶᠢᠨ᠎ᠠ᠃    ᠦᠢᠯᠡᠳᠪᠦᠷᠢᠯᠡᠯ ᠤᠨ ᠦᠷ᠎ᠡ ᠠᠰᠢᠭ ᠳᠡᠭᠡᠭᠰᠢᠯᠡᠵᠦ᠂ ᠡᠨᠧᠷᠭᠢ ᠶᠢᠨ ᠬᠤᠷᠣᠭᠳᠠᠯ ᠪᠣᠳᠠᠰ ᠤᠨ ᠬᠤᠷᠣᠭᠳᠠᠯ ᠪᠠᠭᠤᠷᠠᠵᠤ᠂ ᠡᠬᠢ ᠪᠠᠶᠠᠯᠢᠭ ᠤᠨ ᠲᠣᠬᠢᠷᠠᠭᠤᠯᠤᠯᠲᠠ ᠰᠢᠯᠢᠳᠡᠭᠵᠢᠪᠡ ᠁ ᠬᠠᠷᠠᠭ᠎ᠠ ᠲᠠᠯᠪᠢᠨ ᠪᠠᠷᠠᠯᠠᠬᠤᠶ᠎ᠠ ᠲᠠᠷᠢᠶᠠᠨ ᠭᠠᠵᠠᠷ᠂ ᠥᠷᠭᠡᠨ ᠠᠭᠤᠳᠠᠮ ᠣᠷᠣᠨ ᠵᠠᠢ ᠳᠤ ᠤᠯᠠᠨ ᠲᠦᠷᠦᠯ ᠤᠨ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠲᠥᠬᠦᠭᠡᠷᠦᠮᠵᠢ᠂ ᠣᠶᠤᠨᠴᠢᠯᠠᠭᠰᠠᠨ ᠲᠠᠷᠢᠶᠠᠯᠠᠩ ᠤᠨ ᠮᠠᠰᠢᠨ ᠪᠠᠭᠠᠵᠢ ᠵᠠᠯᠭᠠᠭ᠎ᠠ ᠪᠠᠷ ︽ᠠᠵᠢᠯ ᠤᠨ ᠪᠠᠶᠢᠷᠢ ᠳᠤ ᠭᠠᠷᠴᠤ︾᠂ ᠰᠢᠨ᠎ᠡ ᠲᠦᠷᠦᠯ ᠵᠦᠢᠯ᠂ ᠰᠢᠨ᠎ᠡ ᠲᠠᠷᠢᠶᠠᠯᠠᠩ ᠤᠨ ᠮᠡᠷᠭᠡᠵᠢᠯ ᠴᠢᠳᠠᠪᠤᠷᠢ ᠪᠠᠨ ᠶᠡᠭᠡ ᠪᠠᠷ ᠢᠯᠡᠷᠡᠭᠦᠯᠵᠦ᠂ ᠬᠥᠳᠡᠭᠡ ᠠᠵᠤ ᠠᠬᠤᠢ ᠪᠣᠯᠣᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ᠵᠤᠯᠭᠠᠯᠴᠠᠭ᠎ᠠ ᠨᠢ ᠬᠥᠳᠡᠭᠡ ᠲᠣᠰᠬᠤᠨ ᠤ ᠰᠢᠨ᠎ᠡ ᠦᠵᠡᠮᠵᠢ ᠪᠤᠯᠵᠤ ᠪᠠᠶᠢᠨ᠎ᠠ᠃    
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号