ᠰᠦᠨ ᠱᠤᠤ ᠴᠧᠩ᠂ ᠸᠠᠩ ᠯᠢ ᠰᠢᠶᠠ ᠳᠤᠮᠳᠠᠳᠤ ᠤᠯᠤᠰ ᠤᠨ ᠠᠷᠠᠯᠵᠢᠶ᠎ᠠ ᠶᠢ ᠠᠬᠢᠭᠤᠯᠬᠤ ᠨᠡᠶᠢᠭᠡᠮᠯᠢᠭ ᠤᠨ ᠳᠠᠷᠤᠭ᠎ᠠ ᠷᠧᠨ ᠬᠤᠩ ᠪᠢᠨ ᠲᠠᠢ ᠠᠭᠤᠯᠵᠠᠪᠠ
ᠨᠡᠶᠢᠲᠡᠯᠡᠭᠰᠡᠨ ᠴᠠᠭ᠄
2024/6/5
    ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠸ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ 6 ᠳ᠋ᠤᠭᠠᠷ ᠰᠠᠷ᠎ᠠ ᠶᠢᠨ 4 ᠤ ᠡᠳᠦᠷ ᠬᠥᠬᠡᠬᠤᠲᠠ ᠳᠤ ᠳᠤᠮᠳᠠᠳᠤ ᠤᠯᠤᠰ ᠤᠨ ᠠᠷᠠᠯᠵᠢᠶ᠎ᠠ ᠶᠢ ᠠᠬᠢᠭᠤᠯᠬᠤ ᠨᠡᠶᠢᠬᠡᠮᠯᠢᠭ ᠤᠨ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠷᠧᠨ ᠬᠤᠩ ᠪᠢᠨ ᠲᠠᠢ ᠠᠭᠤᠯᠵᠠᠪᠠ᠃
      ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠸ ᠴᠧᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ 6 ᠳ᠋ᠤᠭᠠᠷ ᠰᠠᠷ᠎ᠠ ᠶᠢᠨ 4 ᠤ ᠡᠳᠦᠷ ᠬᠥᠬᠡᠬᠤᠲᠠ ᠳᠤ ᠳᠤᠮᠳᠠᠳᠤ ᠤᠯᠤᠰ ᠤᠨ ᠠᠷᠠᠯᠵᠢᠶ᠎ᠠ ᠶᠢ ᠠᠬᠢᠭᠤᠯᠬᠤ  ᠨᠡᠶᠢᠬᠡᠮᠯᠢᠭ ᠤᠨ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠷᠧᠨ ᠬᠤᠩ ᠪᠢᠨ ᠲᠠᠢ ᠠᠭᠤᠯᠵᠠᠵᠤ ᠪᠠᠶᠢᠭ᠎ᠠ ᠨᠢ   ᠰᠦᠨ ᠱᠤᠤ ᠴᠧᠩ ᠷᠧᠨ ᠬᠤᠩ ᠪᠢᠨ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠳᠤᠮᠳᠠᠳᠤ ᠤᠯᠤᠰ ᠤᠨ ᠠᠷᠠᠯᠵᠢᠶ᠎ᠠ ᠶᠢ ᠠᠬᠢᠭᠤᠯᠬᠤ ᠨᠡᠶᠢᠭᠡᠮᠯᠢᠭ ᠤᠨ ᠥᠪᠥᠷ ᠮᠣᠩᠭᠤᠯ ᠳᠤ ᠦᠵᠡᠭᠦᠯᠦᠭᠰᠡᠨ ᠬᠦᠴᠦᠲᠡᠢ ᠳᠡᠮᠵᠢᠯᠭᠡ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠰᠦᠨ ᠱᠤᠤ ᠴᠸᠡᠭ᠄ ︽ᠥᠪᠥᠷ ᠮᠣᠩᠭᠤᠯ ᠪᠣᠯ ᠲᠡᠦᠬᠡᠨ ᠠᠴᠠ ᠪᠠᠨ ︿ᠲᠠᠯ᠎ᠠ ᠨᠤᠲᠤᠭ ᠤᠨ ᠲᠣᠷᠭᠠᠨ ᠤ ᠵᠠᠮ﹀ ᠪᠣᠯᠣᠨ ︿ᠲᠦᠮᠡᠨ ᠭᠠᠵᠠᠷ ᠤᠨ ᠴᠠᠢ ᠶᠢᠨ ᠵᠠᠮ﹀ ᠤᠨ ᠴᠢᠬᠤᠯᠠ ᠬᠦᠢᠰᠦ ᠪᠠ ᠵᠠᠮ ᠪᠠᠶᠢᠵᠤ᠂ ᠨᠡᠬᠡᠭᠡᠯᠳᠡᠯᠢᠭ ᠭᠧᠨ ᠪᠠ ᠳᠠᠪᠠᠭᠤᠯᠢᠭ ᠲᠠᠢ ᠶᠤᠮ᠃ ᠰᠢ ᠶᠢᠨ ᠫᠢᠩ ᠶᠡᠷᠦᠩᠬᠡᠢ ᠱᠦᠵᠢ ᠶᠢᠨ ᠪᠢᠳᠡᠨ ᠳᠤ ᠲᠤᠰᠢᠶᠠᠭᠰᠠᠨ  ︿ᠲᠠᠪᠤᠨ ᠶᠡᠭᠡ ᠡᠭᠦᠷᠭᠡ﹀ ᠶᠢᠨ ᠨᠢᠭᠡ ᠨᠢ ᠥᠪᠥᠷ ᠮᠣᠩᠭᠤᠯ ᠢ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠪᠣᠯᠭᠠᠨ ᠪᠦᠲᠦᠭᠡᠨ ᠪᠠᠶᠢᠭᠤᠯᠬᠤ ᠶᠠᠪᠤᠳᠠᠯ ᠪᠣᠯᠣᠨ᠎ᠠ᠃ ᠪᠢᠳᠡ ᠤᠳᠤ ᠶᠠᠭ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠳᠣᠲᠣᠭᠠᠳᠤ ᠭᠠᠳᠠᠭᠠᠳᠤ ᠲᠠᠢ ᠴᠢᠯᠦᠭᠡᠲᠡᠢ ᠶᠠᠪᠤᠯᠴᠠᠬᠤ ᠵᠠᠮ ᠢ ᠥᠷᠭᠡᠳᠬᠡᠵᠦ ᠪᠠᠶᠢᠨ᠎ᠠ᠂ ᠤᠳᠤ ᠭᠠᠳᠠᠭᠠᠳᠤ ᠠᠷᠠᠯᠵᠢᠶᠠᠨ ᠤ ᠨᠡᠮᠡᠭᠳᠡᠯ ᠤᠨ ᠬᠤᠷᠳᠤᠴᠠ ᠮᠠᠰᠢ ᠲᠦᠷᠭᠡᠨ ᠪᠠᠶᠢᠨ᠎ᠠ᠂ ᠭᠡᠪᠡᠴᠦ ᠪᠠᠭᠲᠠᠭᠠᠮᠵᠢ ᠨᠢ ᠪᠠᠭ᠎ᠠ᠂ ᠴᠢᠯᠦᠭᠡᠲᠡᠢ ᠶᠠᠪᠤᠯᠴᠠᠬᠤ  ᠲᠦᠪᠰᠢᠨ ᠪᠠᠰᠠ ᠥᠨᠳᠥᠷ ᠪᠢᠰᠢ ᠪᠠᠶᠢᠨ᠎ᠠ᠃ ᠳᠤᠮᠳᠠᠳᠤ ᠤᠯᠤᠰ ᠤᠨ ᠠᠷᠠᠯᠵᠢᠶ᠎ᠠ ᠶᠢ ᠠᠬᠢᠭᠤᠯᠬᠤ ᠨᠡᠶᠢᠬᠡᠮᠯᠢᠭ ᠤᠨ ᠬᠢᠨ ᠲᠠᠪᠴᠠᠩ᠂ ᠴᠢᠳᠠᠪᠤᠷᠢᠲᠠᠨ ᠵᠡᠷᠭᠡ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠪᠢᠳᠡᠨ ᠳᠤ ᠢᠯᠡᠭᠦᠬᠡᠨ ᠠᠷᠭ᠎ᠠ ᠤᠬᠠᠭᠠᠨ ᠭᠠᠷᠭᠠᠵᠤ᠂ ᠪᠢᠳᠡᠨ ᠳᠤ ᠢᠯᠡᠭᠦᠬᠡᠨ ᠬᠥᠭᠦᠷᠭᠡ ᠬᠤᠯᠪᠣᠭᠠᠰᠤ ᠪᠣᠯᠵᠤ᠂ ᠪᠢᠳᠡᠨ ᠢ ᠬᠠᠪᠰᠤᠷᠤᠨ ᠨᠡᠩ ᠤᠯᠠᠨ ᠠᠵᠤ ᠠᠬᠤᠶᠢᠯᠠᠯ ᠢ ᠲᠠᠲᠠᠵᠤ᠂ ᠨᠡᠩ ᠤᠯᠠᠨ ᠬᠥᠮᠥᠰ ᠤᠨ ᠬᠦᠷᠢᠶᠡᠯᠡᠯ ᠢ ᠣᠯᠵᠤ᠂ ᠨᠡᠭᠡᠭᠡᠯᠲᠡᠲᠤ ᠬᠦᠭᠵᠢᠬᠦᠯᠤᠯᠳᠡ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ︾ ᠬᠡᠵᠡᠢ᠃   ᠷᠧᠨ ᠬᠤᠩ ᠪᠢᠨ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠳᠤ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠳᠤᠮᠳᠠᠳᠤ ᠤᠯᠤᠰ ᠤᠨ ᠠᠷᠠᠯᠵᠢᠶ᠎ᠠ ᠶᠢ ᠠᠬᠢᠭᠤᠯᠬᠤ ᠬᠤᠷᠠᠯ ᠤᠨ ᠬᠠᠮᠢᠶ᠎ᠠ ᠪᠦᠬᠦᠢ ᠪᠠᠶᠢᠳᠠᠯ ᠢ ᠲᠠᠨᠢᠯᠴᠠᠭᠤᠯᠪᠠ᠃ ᠷᠧᠨ ᠬᠤᠨᠭ᠌ ᠪᠢᠨ᠄ ︽ᠲᠣᠰ ᠤᠳᠠᠭᠠᠨ ᠤ ᠪᠠᠶᠢᠴᠠᠭᠠᠨ ᠰᠤᠳᠤᠯᠤᠯᠲᠠ ᠪᠠᠷ ᠳᠡᠮᠵᠢᠨ ᠪᠢᠳᠡ ᠥᠪᠥᠷ ᠮᠣᠩᠭᠤᠯ ᠤᠨ ᠣᠳᠣᠬᠠᠨ ᠤ ᠬᠥᠭᠵᠢᠯᠲᠡ ᠶᠢᠨ ᠪᠠᠶᠢᠳᠠᠯ ᠮᠠᠰᠢ ᠰᠠᠶᠢᠨ ᠪᠠᠶᠢᠬᠤ ᠶᠢ ᠦᠨᠡᠨ ᠬᠦ ᠰᠡᠷᠡᠵᠦ ᠮᠡᠳᠡᠪᠡ᠃ ᠳᠤᠮᠳᠠᠳᠤ ᠤᠯᠤᠰ ᠤᠨ ᠠᠷᠠᠯᠵᠢᠶ᠎ᠠ ᠶᠢ ᠠᠬᠢᠭᠤᠯᠬᠤ ᠨᠡᠶᠢᠬᠡᠮᠯᠢᠭ ᠤᠨ ᠬᠢᠨ ᠨᠢ ᠵᠠᠰᠠᠭ ᠠᠵᠤ ᠠᠬᠤᠶᠢᠯᠠᠯ ᠢ ᠬᠤᠯᠪᠣᠯᠳᠤᠭᠤᠯᠤᠨ ᠨᠡᠪᠲᠡᠷᠡᠭᠦᠯᠬᠦ᠂ ᠳᠣᠲᠣᠭᠠᠳᠤ ᠭᠠᠳᠠᠭᠠᠳᠤ ᠶᠢ ᠵᠣᠬᠢᠴᠠᠭᠤᠯᠬᠤ᠂ ᠬᠠᠩᠭᠠᠯᠭ᠎ᠠ ᠬᠡᠷᠡᠭᠴᠡᠭᠡ ᠶᠢ ᠰᠠᠭᠠᠳ ᠦᠭᠡᠢ ᠨᠡᠪᠲᠡᠷᠡᠭᠦᠯᠬᠦ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠡᠯᠬᠢᠶᠡᠵᠢᠯ ᠤᠨ ᠦᠵᠡᠰᠬᠦᠯᠡᠩ ᠤᠨ ᠴᠤᠭᠯᠠᠭᠠᠨ ᠵᠡᠷᠭᠡ ᠴᠢᠬᠤᠯᠠ ᠲᠠᠪᠴᠠᠩ ᠳᠤ ᠲᠦᠰᠢᠭᠯᠡᠨ᠂ ᠥᠪᠥᠷ ᠮᠣᠩᠭᠤᠯ ᠤᠨ ᠰᠣᠶᠣᠯ ᠤᠨ ᠪᠠᠶᠢᠭᠤᠯᠤᠯᠲᠠ ᠪᠠ ᠠᠵᠤ ᠠᠬᠤᠢ ᠠᠷᠠᠯᠵᠢᠶ᠎ᠠ ᠶᠢᠨ ᠬᠥᠭᠵᠢᠯᠲᠡ ᠶᠢᠨ ᠦᠷ᠎ᠡ ᠪᠦᠲᠦᠭᠡᠯ ᠢ ᠭᠦᠢᠴᠡᠳ ᠦᠵᠡᠭᠦᠯᠵᠦ᠂ ᠥᠪᠥᠷ ᠮᠣᠩᠭᠤᠯ ᠤᠨ  ᠴᠢᠨᠠᠷᠯᠢᠭ ᠠᠵᠤ ᠠᠬᠤᠶᠢᠯᠠᠯ ᠢ ᠢᠳᠡᠪᠬᠢᠲᠡᠢ ᠪᠠᠷ ᠤᠬᠠᠭᠤᠯᠤᠨ ᠲᠠᠨᠢᠯᠴᠠᠭᠤᠯᠵᠤ᠂ ᠲᠡᠳᠡᠨ ᠢ ᠪᠥᠬᠦ ᠪᠥᠮᠪᠥᠷᠴᠡᠭ ᠤᠨ ᠠᠵᠤ ᠦᠢᠯᠡᠰ ᠤᠨ ᠬᠡᠯᠬᠢᠶᠡᠵᠢᠯ ᠤᠨ ᠬᠠᠩᠭᠠᠯᠭ᠎ᠠ ᠶᠢᠨ ᠬᠡᠯᠬᠢᠶᠡᠵᠢᠯ ᠤᠨ ᠰᠢᠨ᠎ᠡ ᠶᠢ ᠡᠭᠦᠳᠬᠦ ᠬᠡᠯᠬᠢᠶᠡᠨ ᠳᠤ ᠨᠠᠩ ᠰᠠᠶᠢᠲᠤᠷ ᠠᠭᠤᠰᠤᠯᠴᠠᠭᠤᠯᠵᠤ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ︿ᠭᠠᠳᠠᠭᠰᠢ ᠭᠠᠷᠬᠤ﹀ ᠪᠠ ︿ᠣᠷᠣᠭᠤᠯᠵᠤ ᠠᠪᠴᠢᠷᠠᠬᠤ ﹀ ᠳᠤ ᠨᠠᠩ ᠰᠠᠶᠢᠲᠤᠷ ᠬᠦᠴᠦᠨ ᠨᠡᠮᠡᠷᠢᠯᠡᠨ᠎ᠡ︾ ᠬᠡᠵᠡᠢ᠃    ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠢᠦᠢ ᠯᠢ ᠰᠢᠨ᠂ ᠶᠠᠩ ᠶᠢᠨ ᠠᠭᠤᠯᠵᠠᠯᠲᠠ ᠳᠤ ᠣᠷᠣᠯᠴᠠᠪᠠ ᠃    
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号