ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠮᠤᠵᠢ ᠶᠢᠨ ᠱᠠᠲᠤᠨ ᠤ ᠨᠠᠮ ᠤᠨ ᠭᠡᠰᠢᠭᠦᠨ ᠤᠳᠤᠷᠢᠳᠬᠤ ᠨᠥᠬᠦᠳ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠳᠤ ᠣᠷᠣᠯᠴᠠᠵᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠵᠡᠬᠦᠯᠤᠯᠬᠡ ᠶᠢ ᠬᠠᠮᠳᠤ ᠪᠠᠷ ᠲᠤᠭᠤᠷᠢᠨ ᠦᠵᠡᠪᠡ
ᠨᠡᠶᠢᠲᠡᠯᠡᠭᠰᠡᠨ ᠴᠠᠭ᠄
2024/6/5
ᠰᠦᠨ ᠱᠤᠤ ᠴᠧᠩ᠂ ᠸᠠᠩ ᠯᠢ ᠰᠢᠶᠠ ᠨᠠᠷ ᠣᠷᠣᠯᠴᠠᠵᠠᠢ
W020240605271978777112_ORIGIN.jpg
   ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠣᠬᠢᠷᠠᠭᠤᠯᠤᠯᠲᠠ ᠶᠢ ᠦᠨᠳᠦᠰᠦᠯᠡᠨ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠸ ᠴᠧᠩ᠂  ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠵᠡᠷᠭᠡ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠮᠤᠵᠢ ᠶᠢᠨ ᠱᠠᠲᠤᠨ ᠤ ᠨᠠᠮ ᠤᠨ ᠭᠡᠰᠢᠭᠦᠨ ᠤᠳᠤᠷᠢᠳᠬᠤ ᠨᠥᠬᠦᠳ 6 ᠳ᠋ᠤᠭᠠᠷ ᠰᠠᠷ᠎ᠠ ᠶᠢᠨ 4 ᠤ ᠡᠳᠦᠷ ᠥᠪᠥᠷ ᠮᠣᠩᠭᠤᠯ ᠤᠨ ᠮᠦᠽᠧᠢ ᠶᠢᠨ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠳᠤ ᠣᠷᠣᠯᠴᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠵᠡᠭᠦᠯᠦᠯᠭᠡ ᠶᠢ ᠬᠠᠮᠲᠤ ᠪᠠᠷ ᠲᠣᠭᠤᠷᠢᠨ ᠦᠵᠡᠭᠰᠡᠨ ᠪᠥᠭᠡᠳ ᠨᠠᠮ ᠳᠤ ᠣᠷᠣᠬᠤ ᠲᠠᠩᠭᠠᠷᠢᠭ ᠢ ᠤᠩᠰᠢᠪᠠ᠃
W020240605271979066355_ORIGIN.jpg
      ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠸ ᠴᠧᠩ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠵᠡᠷᠭᠡ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠮᠤᠵᠢ ᠶᠢᠨ ᠱᠠᠲᠤᠨ ᠤ ᠨᠠᠮ ᠤᠨ ᠭᠡᠰᠢᠭᠦᠨ ᠤᠳᠤᠷᠢᠳᠬᠤ ᠨᠥᠬᠦᠳ 6 ᠳ᠋ᠤᠭᠠᠷ ᠰᠠᠷ᠎ᠠ ᠶᠢᠨ 4 ᠤ ᠡᠳᠦᠷ ᠥᠪᠥᠷ ᠮᠣᠩᠭᠤᠯ ᠤᠨ ᠮᠦᠽᠧᠢ ᠶᠢᠨ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠳᠤ ᠣᠷᠣᠯᠴᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠵᠡᠭᠦᠯᠦᠯᠭᠡ ᠶᠢ ᠬᠠᠮᠲᠤ ᠪᠠᠷ ᠲᠣᠭᠤᠷᠢᠨ ᠦᠵᠡᠭᠰᠡᠨ ᠪᠥᠭᠡᠳ ᠨᠠᠮ ᠳᠤ ᠣᠷᠣᠬᠤ ᠲᠠᠩᠭᠠᠷᠢᠭ ᠢ  ᠤᠯᠠᠭᠤᠯᠨ ᠪᠠᠨ ᠤᠡᠭᠰᠢᠵᠤ ᠪᠠᠶᠢᠭ᠎ᠠ ᠨᠢ      ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠦᠵᠡᠭᠦᠯᠦᠯᠭᠡ ᠨᠢ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠦᠬᠦ ᠲᠠᠯ᠎ᠠ  ᠪᠠᠷ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ  ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾  ᠢᠶᠠᠷ ᠭᠤᠣᠯ ᠰᠡᠳᠦᠪ ᠪᠣᠯᠭᠠᠬᠤ ᠶᠢ ᠰᠤᠷᠤᠯᠴᠠᠨ ᠤᠬᠠᠭᠤᠯᠵᠤ᠂ ᠰᠠᠬᠢᠯᠭ᠎ᠠ ᠪᠠᠲᠤ ᠶᠢ ᠰᠤᠷᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠲᠣᠳᠣᠷᠬᠠᠢ ᠪᠣᠯᠭᠠᠬᠤ᠂ ᠰᠠᠬᠢᠯᠭ᠎ᠠ ᠪᠠᠲᠤ ᠶᠢ ᠰᠠᠬᠢᠬᠤ ᠲᠡᠬᠡᠷ᠎ᠡ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠭᠡᠰᠢᠭᠦᠨ ᠺᠠᠳ᠋ᠷᠴᠤᠳ ᠢ ᠬᠥᠮᠥᠵᠢᠭᠦᠯᠦᠨ ᠵᠢᠯᠤᠭᠤᠳᠴᠤ ᠪᠠᠶᠢᠭᠠᠳ ᠦᠵᠡᠯ ᠰᠠᠨᠠᠭᠠᠨ ᠤ ᠲᠠᠯ᠎ᠠ ᠪᠠᠷ ᠦᠨᠳᠦᠰᠦᠨ ᠠᠴᠠ ᠨᠢ ᠴᠡᠭᠴᠡᠯᠡᠨ ᠦᠨᠳᠦᠰᠦ ᠰᠤᠷᠪᠤᠯᠵᠢ ᠶᠢ ᠨᠢ ᠪᠠᠬᠢᠵᠢᠭᠦᠯᠵᠦ᠂ ᠵᠥᠪ ᠣᠨᠣᠪᠴᠢᠲᠠᠢ ᠡᠷᠬᠡ ᠶᠢᠨ ᠦᠵᠡᠯᠲᠡ᠂ ᠪᠠᠶᠢᠷᠢ ᠰᠠᠭᠤᠷᠢ ᠶᠢᠨ ᠦᠵᠡᠯᠲᠡ᠂ ᠠᠰᠢᠭ ᠲᠤᠰᠠ ᠶᠢᠨ ᠦᠵᠡᠯᠲᠡ ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠠᠵᠢᠯ ᠬᠢᠵᠦ ᠦᠢᠯᠡᠰ ᠪᠣᠰᠬᠠᠵᠤ᠂ ᠪᠢᠰᠢᠷᠡᠨ ᠵᠢᠷᠦᠬᠡᠰᠢᠶᠡᠬᠦ᠂ ᠬᠤᠷᠢᠭ᠎ᠠ ᠶᠢ ᠪᠠᠷᠢᠬᠤ ᠶᠢ ᠦᠨᠡᠨ ᠬᠦ ᠡᠳᠦᠷ ᠲᠤᠳᠤᠮ ᠤᠨ ᠤᠬᠠᠮᠰᠠᠷ ᠪᠣᠯᠭᠠᠬᠤ ᠬᠡᠷᠡᠭᠲᠡᠢ᠃ ᠦᠵᠡᠭᠦᠯᠦᠯᠭᠡ ᠨᠢ ︽︿ᠰᠠᠬᠢᠯᠭ᠎ᠠ ᠪᠠᠲᠤ﹀ ᠶᠢ ᠬᠠᠶᠢᠵᠤ᠂ ᠰᠤᠩᠭᠤᠳᠠᠭ ᠠᠴᠠ ᠰᠤᠷᠠᠵᠤ᠂ ᠡᠷᠲᠡᠨ ᠤ ᠬᠢ ᠪᠠᠷ ᠲᠣᠯᠢ ᠪᠣᠯᠭᠠᠬᠤ︾ ︽ᠵᠠᠭᠤᠨ ᠵᠢᠯ ᠤᠨ ᠲᠣᠮᠣ ᠨᠠᠮ ᠤᠨ ᠲᠡᠮᠦᠷ ᠮᠡᠲᠦ ᠰᠠᠬᠢᠯᠭ᠎ᠠ ᠪᠠᠲᠤ ᠪᠠᠷ ᠠᠶᠠᠯᠠᠯ ᠢ ᠬᠠᠮᠠᠭᠠᠯᠠᠬᠤ︾ ︽ᠨᠠᠮ ᠤᠨ ᠰᠠᠬᠢᠯᠭ᠎ᠠ ᠪᠠᠲᠤ ᠶᠢ ᠴᠢᠩᠳᠠᠯᠠᠨ ᠵᠠᠰᠠᠪᠤᠷᠢ ᠤᠷᠤᠭᠤᠯᠤᠬᠰᠠᠨ ︿ᠳᠦᠷᠢᠮ﹀︾ ︽ᠬᠡᠷᠡᠭ ᠢᠶᠠᠷ ᠰᠠᠬᠢᠯᠭ᠎ᠠ ᠪᠠᠲᠤ ᠶᠢ ᠲᠤᠳᠤᠷᠬᠠᠶᠢᠯᠠᠵᠤ᠂ ᠰᠡᠷᠡᠮᠵᠢ ᠶᠢᠨ ᠬᠤᠩᠬᠤ ᠶᠢ ᠡᠭᠦᠷᠢᠳᠡ ᠬᠠᠩᠭᠢᠨᠠᠭᠤᠯᠬᠤ︾ ︽ᠬᠥᠮᠥᠨ ᠤ ᠠᠮᠢᠳᠤᠷᠠᠯ ᠤᠨ ᠭᠤᠨᠢᠭᠲᠤ ᠵᠦᠴᠦᠭᠡ︾ ︽ᠠᠷᠠᠳ ᠲᠦᠮᠡᠨ ᠤ ᠠᠯᠪᠠᠨ ᠵᠠᠷᠤᠴᠠ᠂ ᠨᠠᠮ ᠤᠨ ᠭᠡᠰᠢᠭᠦᠨ ᠤ ᠦᠯᠢᠬᠡᠷ ᠵᠢᠱᠢᠶ᠎ᠡ︾ ︽ᠰᠠᠬᠢᠯᠭ᠎ᠠ ᠶᠢ ᠰᠠᠬᠢᠨ ᠡᠬᠦᠷᠬᠡ ᠬᠠᠷᠢᠭᠤᠴᠠᠯᠭ᠎ᠠ ᠪᠠᠨ ᠭᠦᠢᠴᠡᠳᠬᠡᠬᠦ︾ ᠵᠡᠷᠭᠡ ᠲᠤᠯᠤᠭᠠᠨ ᠠᠭᠤᠯᠭ᠎ᠠ ᠪᠠᠷ  ᠪᠦᠷᠢᠯᠳᠦᠵᠦ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠴᠢᠬᠤᠯᠠ ᠲᠠᠪᠴᠠᠩ ᠪᠣᠯᠤᠭᠰᠠᠨ ᠪᠠᠶᠢᠨ᠎ᠠ᠃  ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠨ ᠱᠤᠤ ᠴᠸᠡᠭ ᠵᠡᠷᠭᠡ ᠮᠤᠵᠢ ᠶᠢᠨ ᠲᠡᠰ ᠤᠨ ᠨᠠᠮ ᠤᠨ ᠭᠡᠰᠢᠭᠦᠨ ᠤᠳᠤᠷᠢᠳᠬᠤ ᠨᠥᠬᠦᠳ ᠡᠯ᠎ᠡ ᠦᠵᠡᠭᠦᠯᠦᠯᠭᠡ ᠶᠢᠨ ᠲᠣᠭᠤᠷᠢᠭ ᠢ ᠨᠢᠭᠡᠳ ᠨᠢᠭᠡ ᠪᠠᠷ ᠲᠣᠭᠤᠷᠢᠨ ᠦᠵᠡᠵᠦ᠂ ᠲᠠᠶᠢᠯᠪᠤᠷᠢᠯᠠᠭᠴᠢ ᠶᠢᠨ ᠶᠠᠷᠢᠬᠤ ᠶᠢ ᠨᠢᠮᠪᠠᠢ ᠰᠤᠨᠤᠰᠬᠤ ᠶᠢᠨ ᠲᠠᠭᠠᠤ ᠬᠡᠷᠡᠭ ᠤᠨ ᠵᠠᠳᠠᠯᠤᠯᠲᠠ ᠶᠢ ᠨᠠᠷᠢᠨ ᠠᠵᠢᠭᠯᠠᠵᠤ᠂ ᠪᠠᠶᠢᠨ ᠪᠠᠶᠢᠨ ᠰᠡᠳᠬᠢᠯ ᠲᠠᠯᠪᠢᠨ ᠪᠣᠳᠣᠯᠬᠢᠯᠠᠵᠤ ᠪᠠᠶᠢᠯ᠎ᠠ᠃     ᠠᠯᠢ ᠤᠯᠠᠨ ᠦᠨᠡᠨ ᠪᠣᠳᠠᠲᠠᠢ ᠰᠢᠨ᠎ᠡ ᠰᠣᠷᠭᠤᠭ ᠬᠡᠷᠡᠭ ᠂ ᠰᠡᠳᠬᠢᠯ ᠢ ᠳᠣᠭᠳᠣᠯᠤᠭᠤᠯᠤᠮ᠎ᠠ ᠲᠤᠭ᠎ᠠ ᠪᠠᠷᠢᠮᠲᠠ ᠨᠤᠭᠤᠳ᠂  ᠠᠯᠢ ᠤᠯᠠᠨ ᠨᠢᠯᠪᠤᠰᠤ ᠪᠦᠮᠪᠦᠷᠢᠬᠦᠯᠦᠭᠰᠡᠨ ᠬᠡᠮᠰᠢᠯ ᠪᠦᠬᠦᠢ ᠲᠤᠰ ᠦᠵᠡᠰᠬᠦᠯᠡᠩ ᠪᠣᠯ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠮᠢᠳᠤᠯᠢᠭ ᠬᠢᠴᠢᠶᠡᠯ ᠪᠣᠯᠣᠨ᠎ᠠ᠃ ᠤᠯᠠᠨ ᠢᠶᠠᠷ ᠢᠶᠠᠨ ᠄ ︽ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢᠶᠠᠷ ᠠᠵᠠ ᠲᠣᠬᠢᠶᠠᠯ ᠪᠣᠯᠭᠠᠵᠤ᠂ ᠤᠯᠤᠰ ᠲᠦᠷᠦ ᠶᠢᠨ ᠲᠣᠭᠲᠠᠯ ᠬᠦᠴᠦᠨ᠂ ᠰᠠᠬᠢᠯᠭ᠎ᠠ ᠪᠠᠲᠤ ᠶᠢᠨ ᠲᠣᠭᠲᠠᠯ ᠬᠦᠴᠦᠨ᠂ ᠶᠣᠰᠣ ᠰᠤᠷᠲᠠᠬᠤᠨ ᠤ ᠲᠣᠭᠲᠠᠯ ᠬᠦᠴᠦᠨ ᠪᠣᠯᠣᠨ ᠢᠯᠵᠢᠷᠡᠯ ᠢ ᠡᠰᠡᠷᠭᠦᠴᠡᠬᠦ ᠲᠣᠭᠲᠠᠯ ᠬᠦᠴᠦᠨ ᠢ ᠦᠨᠡᠨ ᠬᠦ ᠴᠢᠩᠭᠠᠳᠬᠠᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠡᠯ᠎ᠡ ᠵᠦᠢᠯ ᠤᠨ ᠦᠢᠯᠡᠰ ᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠤᠨ᠎ᠠ︾ ᠬᠡᠵᠡᠬᠡᠪᠡ᠃     ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠮᠤᠵᠢ ᠶᠢᠨ ᠲᠡᠰ ᠤᠨ ᠨᠠᠮ ᠤᠨ ᠭᠡᠰᠢᠭᠦᠨ ᠤᠳᠤᠷᠢᠳᠬᠤ ᠨᠥᠬᠦᠳ ᠲᠣᠭᠤᠷᠢᠨ ᠦᠵᠡᠵᠦ ᠪᠠᠷᠠᠭᠰᠠᠨ ᠤ ᠲᠠᠷᠠᠭ᠎ᠠ ᠲᠠᠩᠭᠠᠷᠢᠭᠯᠠᠬᠤ ᠲᠢᠩᠬᠢᠮ ᠳᠤ ᠬᠦᠷᠴᠡᠬᠡᠨ ᠭᠠᠯ ᠤᠯᠠᠭᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠤᠭ ᠤᠨ ᠡᠮᠦᠨ᠎ᠡ ᠰᠦᠨ ᠱᠤᠤ ᠴᠧᠩ ᠲᠥᠪ ᠬᠢᠴᠢᠶᠡᠩᠭᠦᠢ ᠪᠠᠷ ᠪᠠᠷᠠᠭᠤᠨ ᠤ ᠨᠢᠳᠤᠷᠭ᠎ᠠ ᠪᠠᠨ ᠡᠷᠭᠦᠵᠦ᠂ ᠤᠯᠠᠨ ᠢ ᠳᠠᠭᠠᠭᠤᠯᠤᠨ ᠨᠠᠮ ᠳᠤ ᠣᠷᠣᠬᠤ ᠲᠠᠩᠭᠠᠷᠢᠭ  ᠢ  ᠤᠡᠭᠰᠢᠬᠤ ᠳᠤ ᠡᠷᠡᠰ ᠪᠠᠲᠤ ᠲᠠᠩᠭᠠᠷᠢᠭ ᠨᠢ ᠤᠳᠠᠲᠠᠯ᠎ᠠ ᠴᠤᠤᠷᠢᠶᠠᠲᠤᠪᠠ᠃   ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠮᠤᠵᠢ ᠶᠢᠨ ᠱᠠᠲᠤᠨ ᠤ ᠨᠠᠮ ᠤᠨ ᠬᠡᠰᠢᠬᠦᠨ ᠤᠳᠤᠷᠢᠳᠬᠤ ᠨᠦᠬᠦᠳ ᠠᠵᠢᠯᠯᠠᠭ᠎ᠠ ᠳᠤ ᠤᠷᠤᠯᠴᠠᠬᠰᠠᠨ ᠪᠠᠶᠢᠨ᠎ᠠ᠃      
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号