ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠬᠤᠷᠢᠶ᠎ᠠ ᠶᠢᠨ ᠬᠢᠨ 2023 ᠣᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠵᠢᠯᠣᠭᠤᠳᠤᠭᠴᠢ ᠶᠢ ᠬᠢᠨᠠᠨ ᠰᠢᠯᠭᠠᠵᠤ ᠲᠤᠰᠢᠶᠠᠯ ᠤᠨ ᠮᠡᠳᠡᠭᠦᠯᠦᠯᠲᠡ ᠶᠢ ᠦᠨᠡᠯᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/5
    ᠨᠠᠮ ᠤᠨ ᠪᠠᠶᠢᠭᠤᠯᠤᠯᠲᠠ ᠶᠢᠨ ᠠᠵᠢᠯ ᠤᠨ ᠵᠢᠭᠠᠨ ᠵᠢᠯᠣᠭᠤᠳᠤᠭᠴᠢ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠵᠣᠷᠢᠭᠵᠢᠭᠤᠯᠵᠤ᠂  ᠬᠤᠶᠠᠷ ᠢ ᠪᠦᠷᠬᠦᠭᠦᠯᠬᠦ ᠠᠵᠢᠯ ᠤᠨ ᠳᠡᠰ ᠳᠡᠪᠰᠢᠬᠦ ᠶᠢ ᠠᠬᠢᠭᠤᠯᠬᠤ ᠶᠢᠨ ᠲᠥᠯᠥᠭᠡ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠬᠤᠷᠢᠶ᠎ᠠ ᠶᠢᠨ ᠬᠢᠨ 5 ᠳ᠋ᠤᠭᠠᠷ ᠰᠠᠷ᠎ᠠ ᠶᠢᠨ31 ᠤ ᠦᠳᠡ ᠶᠢᠨ ᠡᠮᠦᠨ᠎ᠡ 2023 ᠣᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠵᠢᠭᠠᠨ ᠵᠢᠯᠣᠭᠤᠳᠤᠭᠴᠢ ᠶᠢᠨ ᠣᠨ ᠤ ᠬᠢᠨᠠᠨ ᠰᠢᠯᠭᠠᠯᠲᠠ ᠶᠢᠨ ᠲᠤᠰᠢᠶᠠᠯ ᠤᠨ ᠮᠡᠳᠡᠭᠦᠯᠦᠯᠲᠡ ᠶᠢᠨ ᠵᠥᠪᠯᠡᠯᠭᠡᠨ ᠤ ᠬᠤᠷᠠᠯ ᠢ ᠬᠤᠷᠠᠯᠳᠤᠭᠤᠯᠵᠤ᠂ 2023 ᠣᠨ ᠳᠤ ᠤᠷᠢᠨ ᠬᠡᠷᠡᠭᠯᠡᠭᠰᠡᠨ ᠨᠠᠮ ᠤᠨ ᠪᠠᠶᠢᠭᠤᠯᠤᠯᠲᠠ ᠶᠢᠨ ᠠᠵᠢᠯ ᠤᠨ 18 ᠵᠢᠯᠣᠭᠤᠳᠤᠭᠴᠢ ᠶᠢᠨ ᠲᠤᠰᠢᠶᠠᠯ ᠤᠨ ᠮᠡᠳᠡᠭᠦᠯᠦᠯᠲᠡ ᠶᠢ ᠦᠨᠡᠯᠡᠪᠡ᠃

W020240604315877667849_ORIGIN.jpg

   ᠬᠤᠷᠠᠯ ᠳᠡᠭᠡᠷ᠎ᠡ ᠨᠠᠮ ᠤᠨ ᠪᠠᠶᠢᠭᠤᠯᠤᠯᠲᠠ ᠶᠢᠨ 18 ᠵᠢᠯᠣᠭᠤᠳᠤᠭᠴᠢ ᠲᠤᠰᠢᠶᠠᠯ ᠬᠠᠷᠢᠭᠤᠴᠠᠯᠭ᠎ᠠ ᠪᠠᠨ

ᠭᠦᠢᠴᠡᠳᠬᠡᠭᠰᠡᠨ ᠪᠠᠶᠢᠳᠠᠯ᠂ ᠣᠷᠣᠰᠢᠵᠤ ᠪᠠᠶᠢᠭ᠎ᠠ ᠠᠰᠠᠭᠤᠳᠠᠯ ᠪᠣᠯᠣᠨ ᠬᠦᠷᠦᠯᠴᠡᠬᠦ ᠦᠭᠡᠢ ᠲᠠᠯ᠎ᠠ᠂ ᠳᠠᠷᠠᠭᠠᠴᠢ ᠶᠢᠨ

ᠠᠵᠢᠯ ᠤᠨ ᠰᠡᠳᠬᠢᠮᠵᠢ᠂ ᠬᠠᠯᠠᠨ ᠰᠠᠶᠢᠵᠢᠷᠠᠭᠤᠯᠬᠤ ᠠᠷᠭ᠎ᠠ ᠵᠡᠷᠭᠡ ᠲᠠᠯ᠎ᠠ ᠪᠠᠷ ᠲᠤᠰᠢᠶᠠᠯ ᠤᠨ ᠮᠡᠳᠡᠭᠦᠯᠦᠯᠲᠡ ᠬᠢᠵᠡᠢ᠃

ᠬᠤᠷᠠᠯ ᠳᠤ ᠣᠷᠣᠯᠴᠠᠭᠰᠠᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠬᠤᠷᠢᠶᠠᠨ ᠤ ᠭᠡᠰᠢᠭᠦᠨ ᠪᠣᠯᠣᠨ

ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠤᠷᠢᠯᠭ᠎ᠠ ᠪᠠᠷ ᠣᠷᠣᠯᠴᠠᠭᠰᠠᠨ

10 ᠱᠦᠵᠢ ᠮᠡᠳᠡᠬᠦᠯᠤᠯᠳᠡ ᠶᠢᠨ ᠲᠠᠷᠠᠭ᠎ᠠ ᠣᠨ ᠤ ᠲᠤᠰᠢᠶᠠᠯ ᠤᠨ ᠮᠡᠳᠡᠭᠦᠯᠦᠯᠲᠡ ᠪᠠ ᠡᠳᠦᠷ ᠳᠤᠳᠤᠮ ᠤᠨ

ᠠᠵᠢᠯ ᠢ ᠥᠷᠨᠢᠭᠦᠯᠦᠭᠰᠡᠨ ᠪᠠᠶᠢᠳᠠᠯ ᠲᠠᠢ ᠤᠶᠠᠯᠳᠤᠭᠤᠯᠤᠨ᠂ ᠨᠠᠮ ᠤᠨ ᠪᠠᠶᠢᠭᠤᠯᠤᠯᠲᠠ ᠶᠢᠨ ᠠᠵᠢᠯ ᠤᠨ

ᠵᠢᠯᠣᠭᠤᠳᠤᠭᠴᠢ ᠨᠠᠷ ᠲᠤ ᠬᠤᠪᠢ  ᠦᠭᠴᠤ ᠦᠨᠡᠯᠡᠭᠰᠡᠨ ᠪᠠᠶᠢᠨ᠎ᠠ᠃

W020240604315877684306_ORIGIN.jpg

   ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ

ᠬᠤᠷᠢᠶ᠎ᠠ ᠶᠢᠨ ᠬᠢᠨ ᠤᠷᠴᠢᠮ ᠤᠨ ᠵᠢᠯ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ

ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠬᠦᠯᠤᠨ᠂ ᠨᠡᠶᠢᠭᠡᠮ ᠤᠨ ᠵᠣᠬᠢᠶᠠᠨ

ᠪᠠᠶᠢᠭᠤᠯᠤᠯᠲᠠ ᠶᠢᠨ ᠨᠠᠮ ᠤᠨ ᠬᠤᠷᠢᠶ᠎ᠠ᠂ ᡺ ᠨᠠᠮ ᠤᠨ ᠪᠠᠶᠢᠭᠤᠯᠤᠯᠲᠠ ᠶᠢᠨ ᠵᠢᠯᠤᠭᠤᠳᠬᠤ ᠥᠷᠲᠡᠭᠡ᠂

᡺ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠷᠪᠠᠨ ᠱᠠᠲᠤᠨ ᠤ

ᠬᠠᠮᠢᠶᠠᠷᠤᠯᠲᠠ ᠶᠢᠨ ᠠᠵᠢᠯ ᠤᠨ ᠲᠣᠭᠲᠠᠴᠠ  ᠶᠢ ᠲᠡᠭᠦᠯᠳᠡᠷᠵᠢᠭᠦᠯᠵᠦ᠂ ᠨᠠᠮ ᠤᠨ ᠪᠠᠶᠢᠭᠤᠯᠤᠯᠲᠠ ᠶᠢᠨ ᠠᠵᠢᠯ ᠤᠨ

ᠵᠢᠯᠣᠭᠤᠳᠤᠭᠴᠢ ᠶᠢ ᠭᠤᠷᠪᠠᠨ ᠱᠠᠲᠤᠨ ᠤ ᠬᠠᠮᠢᠶᠠᠷᠤᠯᠲᠠ ᠶᠢᠨ ᠲᠣᠭᠲᠠᠴᠠ ᠶᠢᠨ ᠶᠣᠰᠣᠭᠠᠷ ᠨᠢᠭᠡᠳᠦᠯᠲᠡᠢ

ᠲᠥᠯᠥᠪᠵᠢᠭᠦᠯᠦᠨ ᠲᠣᠬᠢᠷᠠᠭᠤᠯᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠡᠮᠦᠨ᠎ᠡ ᠹᠷᠣᠨᠲ ᠲᠤ

ᠭᠦᠨᠵᠡᠭᠡᠶᠢᠷᠡᠨ᠂ ᠰᠤᠳᠠᠯ ᠪᠠᠷᠢᠨ ᠣᠨᠣᠰᠢᠯᠠᠵᠤ᠂ ᠪᠠᠭᠤᠷᠠᠢ ᠲᠠᠯ᠎ᠠ ᠶᠢ ᠰᠢᠪᠲᠤᠯᠤᠨ ᠳᠤᠲᠠᠭᠤᠳᠠᠯ ᠢ ᠨᠥᠬᠦᠪᠦᠷᠢᠯᠡᠵᠦ᠂

ᠳᠠᠪᠠᠭᠤᠯᠢᠭ ᠢᠶᠠᠨ ᠪᠠᠳᠠᠷᠠᠭᠤᠯᠤᠨ ᠣᠨᠴᠠᠯᠢᠭ ᠢ ᠡᠭᠦᠳᠴᠦ᠂  ᠨᠠᠮ ᠤᠨ ᠪᠠᠶᠢᠭᠤᠯᠤᠯᠲᠠ ᠶᠢᠨ ᠰᠠᠭᠤᠷᠢ ᠶᠢ ᠪᠠᠬᠢᠵᠢᠭᠦᠯᠬᠦ

᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠰᠢᠨ᠎ᠡ ᠶᠢ ᠡᠭᠦᠳᠦᠨ ᠬᠥᠭᠵᠢᠬᠦ ᠶᠢ ᠳᠠᠭᠠᠭᠤᠯᠬᠤ ᠲᠠᠯ᠎ᠠ ᠪᠠᠷ

ᠢᠳᠡᠪᠬᠢᠲᠡᠢ ᠦᠷ᠎ᠡ ᠪᠦᠲᠦᠮᠵᠢ ᠤᠯᠤᠬᠰᠠᠨ ᠪᠠᠶᠢᠨ᠎ᠠ᠃

 

 

 

 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号