ᠬᠤᠶᠠᠳᠤᠭᠠᠷ ᠬᠤᠭᠤᠴᠠᠭᠠᠨ ᠤ ᠬᠠᠨᠭ᠍ᠭᠠᠯᠭ᠎ᠠ ᠶᠢᠨ ᠬᠡᠯᠬᠢᠶ᠎ᠡ ᠶᠢ ᠠᠬᠢᠭᠤᠯᠬᠤ ᠦᠵᠡᠰᠬᠦᠯᠡᠩ ᠤᠨ ᠥᠪᠥᠷ ᠮᠣᠩᠭᠤᠯ ᠤᠨ ᠲᠠᠨᠢᠯᠴᠠᠭᠤᠯᠭ᠎ᠠ ᠶᠢᠨ ᠬᠤᠷᠠᠯ ᠪᠡ ᠭᠠᠷ ᠤᠨ ᠥᠰᠥᠭ ᠵᠢᠷᠤᠬᠤ ᠶᠣᠰᠣᠯᠠᠯ ᠬᠦᠬᠡᠬᠤᠳᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2024/6/5
ᠷᠧᠨ ᠬᠤᠩ ᠪᠢᠨ᠂ ᠶᠠᠩ ᠶᠢᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ     ᠬᠤᠶᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠣᠯᠠᠨ ᠤᠯᠤᠰ ᠤᠨ ᠬᠠᠩᠭᠠᠯᠭ᠎ᠠ ᠶᠢᠨ ᠬᠡᠯᠬᠢᠶ᠎ᠡ ᠶᠢ ᠠᠬᠢᠭᠤᠯᠬᠤ ᠦᠵᠡᠰᠬᠦᠯᠡᠩ ᠤᠨ ᠥᠪᠥᠷ ᠮᠣᠩᠭᠤᠯ ᠤᠨ ᠲᠠᠨᠢᠯᠴᠠᠭᠤᠯᠭ᠎ᠠ ᠶᠢᠨ ᠴᠤᠭᠯᠠᠭᠠᠨ ᠪᠠ ᠭᠠᠷ ᠤᠨ ᠥᠰᠥᠭ ᠵᠢᠷᠤᠬᠤ ᠶᠣᠰᠣᠯᠠᠯ 6 ᠳ᠋ᠤᠭᠠᠷ ᠰᠠᠷ᠎ᠠ ᠶᠢᠨ 4 ᠤ ᠡᠳᠦᠷ  ᠬᠥᠬᠡᠬᠤᠲᠠ ᠳᠤ ᠶᠠᠪᠤᠭᠳᠠᠪᠠ᠃    ᠳᠤᠮᠳᠠᠳᠤ ᠤᠯᠤᠰ ᠤᠨ ᠠᠷᠠᠯᠵᠢᠶ᠎ᠠ ᠶᠢ ᠠᠬᠢᠭᠤᠯᠬᠤ ᠨᠡᠶᠢᠬᠡᠮᠯᠢᠭ ᠤᠨ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠷᠧᠨ ᠬᠤᠩ ᠪᠢᠨ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠠᠩ ᠶᠢᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃   ᠬᠤᠷᠠᠯ ᠲᠡᠬᠡᠷ᠎ᠡ ᠬᠡᠯᠬᠢᠶ᠎ᠡ ᠶᠢᠨ ᠦᠵᠡᠰᠬᠦᠯᠡᠩ ᠨᠢ ᠠᠵᠤ ᠠᠬᠤᠶᠢᠯᠠᠯ ᠳᠤ ᠥᠷᠭᠡᠨ ᠳᠡᠯᠭᠡᠷ ᠬᠥᠭᠵᠢᠯᠲᠡ ᠶᠢᠨ ᠲᠠᠪᠴᠠᠩ ᠬᠠᠩᠭᠠᠵᠠᠢ᠂ ᠬᠤᠷᠠᠯ ᠳᠤ ᠣᠷᠣᠯᠴᠠᠭᠰᠠᠨ ᠠᠵᠤ ᠠᠬᠤᠶᠢᠯᠠᠯ ᠨᠢ ᠤᠯᠤᠰ ᠤᠨ ᠠᠵᠤ ᠦᠢᠯᠡᠰ ᠤᠨ ᠬᠡᠯᠬᠢᠶ᠎ᠡ᠂  ᠬᠠᠩᠭᠠᠯᠭ᠎ᠠ ᠶᠢᠨ ᠬᠡᠯᠬᠢᠶ᠎ᠡ ᠶᠢᠨ ᠪᠠᠶᠢᠷᠢᠰᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠤᠶᠤᠨ ᠴᠢᠳᠠᠯ ᠢᠶᠠᠨ ᠲᠥᠪᠯᠡᠷᠡᠭᠦᠯᠦᠨ ᠨᠠᠢᠮᠠᠨ ᠶᠡᠭᠡ ᠠᠵᠤ ᠦᠢᠯᠡᠰ ᠤᠨ ᠪᠦᠯᠦᠭᠯᠡᠯ ᠪᠣᠯᠣᠨ ᠥᠩᠭᠡ ᠦᠵᠡᠮᠵᠢ ᠪᠠᠷ ᠤᠰᠤᠲᠥ᠋ᠷᠥᠭᠴᠢ ᠶᠢ ᠬᠠᠳᠠᠭᠠᠯᠠᠬᠤ ᠵᠡᠷᠭᠡ 16 ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢ ᠴᠣᠭᠴᠠᠯᠠᠵᠤ᠂ ᠤᠯᠠᠨ ᠡᠰᠢᠴᠢᠯᠡᠨ ᠬᠥᠭᠵᠢᠭᠰᠡᠨ᠂ ᠤᠯᠠᠨ ᠲᠤᠶᠢᠯ ᠢᠶᠠᠷ ᠲᠤᠯᠭᠠᠭᠤᠷᠢᠯᠠᠭᠰᠠᠨ ᠣᠳᠣᠬᠢᠴᠢᠯᠠᠭᠰᠠᠨ ᠠᠵᠤ ᠦᠢᠯᠡᠰ ᠤᠨ ᠬᠦᠭᠵᠢᠬᠦᠯᠤᠯᠳᠡ ᠶᠢᠨ ᠰᠢᠰᠲ᠋ᠧᠮ ᠢ ᠬᠦᠴᠦᠯᠡᠨ ᠪᠠᠶᠢᠭᠤᠯᠬᠤ ᠬᠡᠷᠡᠭᠲᠡᠢ  ᠬᠡᠵᠡᠢ᠃ ᠬᠤᠷᠠᠯ ᠳᠡᠭᠡᠷ᠎ᠡ ᠮᠥᠨ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠦᠵᠡᠰᠬᠦᠯᠡᠩ ᠳᠤ ᠣᠷᠣᠯᠴᠠᠭᠰᠠᠨ 23 ᠠᠵᠤ ᠠᠬᠤᠶᠢᠯᠠᠯ ᠪᠣᠯᠣᠨ ᠪᠦᠯᠬᠦᠮ ᠪᠣᠯᠣᠨ ᠳᠤᠮᠳᠠᠳᠤ ᠤᠯᠤᠰ ᠤᠨ ᠦᠵᠡᠰᠬᠦᠯᠡᠩ ᠤᠨ ᠪᠦᠯᠦᠭᠯᠡᠯ ᠤᠨ ᠬᠢᠨ ᠬᠤᠶᠠᠳᠤᠭᠠᠷ ᠬᠤᠭᠤᠴᠠᠭᠠᠨ ᠤ ᠬᠠᠨᠭ᠍ᠭᠠᠯᠭ᠎ᠠ ᠶᠢᠨ ᠬᠡᠯᠬᠢᠶ᠎ᠡ ᠶᠢᠨ ᠦᠵᠡᠰᠬᠦᠯᠡᠩ ᠳᠤ ᠤᠷᠤᠯᠴᠠᠬᠰᠠᠨ ᠬᠠᠮᠲᠤᠷᠠᠯᠴᠠᠭᠠᠨ ᠤ ᠵᠥᠪᠯᠡᠯᠴᠡᠭᠡᠷ ᠲᠣᠬᠢᠷᠠᠯᠴᠠᠵᠠᠢ᠃ 
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号