ᠣᠷᠳᠣᠰ ᠬᠤᠳᠠ ᠶᠢᠨ ᠳᠠᠯᠠᠳ ᠬᠤᠰᠢᠭᠤᠨ ᠤ ︽ᠫᠢᠡᠭ ᠶᠤᠸᠠᠨ︾ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠡᠶᠢᠭᠡᠮ ᠤᠨ ᠠᠵᠢᠯ ᠤᠨ ᠦᠷᠳᠡᠭᠡ ᠶᠢᠨ ᠬᠢᠨ ︽ᠨᠠᠰᠤᠳᠠᠳ ᠬᠡᠦᠬᠡᠳ ᠶᠠᠳᠠᠭᠤ ᠬᠦᠴᠢᠷᠳᠡᠯᠲᠡᠢ ᠬᠦᠮᠦᠰ ᠪᠠ ᠵᠡᠮᠳᠡᠭᠴᠦᠳ︾ ᠲᠤ ᠠᠩᠬᠠᠷᠤᠯ ᠢ ᠲᠥᠪᠯᠡᠷᠡᠭᠦᠯᠵᠦ ᠰᠠᠭᠤᠭᠠᠯᠢ ᠠᠷᠠᠳ ᠤᠨ ᠵᠣᠯ ᠵᠢᠷᠭᠠᠯ ᠢ ᠨᠡᠮᠡᠭᠳᠡᠬᠦᠯᠵᠤ ᠪᠠᠶᠢᠨ᠎ᠠ
ᠨᠡᠶᠢᠲᠡᠯᠡᠭᠰᠡᠨ ᠴᠠᠭ᠄
2024/7/10
    ᠣᠷᠳᠣᠰ ᠬᠤᠳᠠ ᠶᠢᠨ ᠳᠠᠯᠠᠳ ᠬᠤᠰᠢᠭᠤᠨ ᠤ ︽ᠫᠢᠡᠭ ᠶᠤᠸᠠᠨ︾ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠡᠶᠢᠭᠡᠮ ᠤᠨ ᠠᠵᠢᠯ ᠤᠨ ᠦᠷᠳᠡᠭᠡ ᠶᠢᠨ ᠬᠢᠨ ︽ᠲᠠᠪᠤᠨ ᠨᠡᠶᠢᠬᠡᠮ ᠬᠤᠯᠪᠤᠭᠠᠯᠠᠨ ᠬᠥᠳᠡᠯᠦᠯᠴᠡᠬᠦ︾ ᠦᠢᠯᠡᠴᠢᠯᠡᠭᠡᠨ ᠤ ᠲᠥᠷᠥᠯ ᠵᠦᠢᠯ ᠳᠤ ᠲᠦᠰᠢᠭᠯᠡᠨ᠂ ︽ᠨᠠᠰᠤᠳᠠᠳ ᠬᠡᠦᠬᠡᠳ ᠶᠠᠳᠠᠭᠤ ᠬᠦᠴᠢᠷᠳᠡᠯᠲᠡᠢ ᠬᠦᠮᠦᠰ ᠪᠠ ᠵᠡᠮᠳᠡᠭᠴᠦᠳ︾ ᠬᠥᠮᠥᠰ ᠲᠤ ᠠᠩᠬᠠᠷᠤᠯ ᠢᠶᠠᠨ ᠲᠥᠪᠯᠡᠷᠡᠭᠦᠯᠵᠦ᠂ ᠬᠠᠷᠢᠶᠠᠲᠤ ᠤᠷᠤᠨ ᠤ ︽ ᠶᠢᠨ ᠶᠤᠸᠠᠨ︾ ︽ᠰᠢᠨ ᠶᠤᠸᠠᠨ︾ ︽ᠳ᠋ᠦᠩ ᠶᠤᠸᠠᠨ︾ ︽ᠵᠧᠩ ᠶᠤᠸᠠᠨ︾ ᠵᠡᠷᠭᠡ ᠳᠥᠷᠪᠡᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ᠬᠠᠷᠢᠶᠠᠲᠤ ᠣᠷᠣᠨ ᠤ ᠪᠠᠨ ᠪᠦᠬᠦᠯᠢ 65 ᠨᠠᠰᠤᠨ ᠠᠴᠠ ᠳᠡᠭᠡᠭᠰᠢᠬᠢ ᠨᠠᠰᠤᠲᠠᠶᠢᠴᠤᠳ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠪᠠ ᠨᠡᠶᠢᠭᠡᠮ ᠤᠨ  ᠲᠤᠰᠠᠯᠠᠮᠵᠢ ᠬᠦᠷᠳᠡᠭᠰᠡᠳ ᠲᠤ ᠲᠤᠰᠬᠠᠢ ᠨᠡᠶᠢᠭᠡᠮ ᠤᠨ ᠠᠵᠢᠯ ᠤᠨ ᠦᠢᠯᠡᠴᠢᠯᠡᠭᠡ ᠬᠠᠨᠭ᠍ᠭᠠᠪᠠ᠃ ᠡᠭᠦᠨ ᠤ ᠬᠠᠮᠲᠤ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠴᠢᠬᠤᠯᠠᠴᠢᠯᠠᠨ ᠴᠢᠩᠭᠠᠳᠬᠠᠵᠤ᠂ ᠨᠡᠶᠢᠭᠡᠮ ᠲᠣᠭᠤᠷᠢᠭ ᠤᠨ ᠰᠠᠶᠢᠨ ᠳᠤᠷ᠎ᠠ ᠶᠢᠨ ᠦᠢᠯᠡᠴᠢᠯᠡᠭᠴᠢ ᠶᠢ ᠬᠦᠮᠤᠵᠢᠬᠦᠯᠤᠨ᠂ ᠨᠡᠶᠢᠭᠡᠮ ᠲᠣᠭᠤᠷᠢᠭ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠭᠤᠣᠯᠯᠠᠭᠴᠢ ᠴᠢᠳᠠᠪᠤᠷᠢᠲᠠᠨ ᠢ ᠬᠥᠮᠥᠵᠢᠭᠦᠯᠵᠦ᠂ ᠡᠯ᠎ᠡ ᠲᠠᠯ᠎ᠠ ᠶᠢᠨ ᠨᠢᠭᠦᠯᠡᠰᠦᠩᠭᠦᠢ ᠶᠢᠨ ᠡᠬᠢ ᠪᠠᠶᠠᠯᠢᠭ ᠢ ᠨᠡᠶᠢᠭᠡᠮ ᠲᠣᠭᠤᠷᠢᠭ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠠᠵᠢᠯᠲᠠᠨ᠂ ᠰᠠᠶᠢᠨ ᠳᠤᠷ᠎ᠠ ᠶᠢᠨ ᠠᠵᠢᠯᠯᠠᠭᠴᠢ ᠪᠠ ᠨᠡᠶᠢᠭᠡᠮ ᠤᠨ ᠨᠢᠭᠦᠯᠡᠰᠦᠩᠭᠦᠢ ᠶᠢᠨ ᠡᠬᠢ ᠪᠠᠶᠠᠯᠢᠭ ᠢ ᠣᠯᠠᠨ ᠡᠰᠢᠲᠦ ᠭᠤᠣᠯ ᠴᠣᠭᠴᠠ ᠶᠢᠨ ᠬᠠᠮᠵᠢᠯᠴᠠᠨ ᠬᠠᠮᠵᠢᠯᠴᠠᠭᠰᠠᠨ ᠨᠡᠶᠢᠭᠡᠮ ᠲᠣᠭᠤᠷᠢᠭ ᠤᠨ ᠵᠠᠰᠠᠯᠲᠠ ᠶᠢᠨ ᠪᠠᠶᠢᠷᠢᠰᠢᠯ ᠢ ᠪᠣᠶ ᠪᠣᠯᠭᠠᠵᠤ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠲᠤᠰᠬᠠᠶᠢᠵᠢᠯᠲᠠ᠂ ᠨᠠᠷᠢᠯᠢᠬᠵᠢᠯᠲᠠ ᠶᠢ ᠪᠡᠶᠡᠯᠡᠭᠦᠯᠵᠦ᠂ ᠰᠠᠭᠤᠭᠠᠯᠢ ᠠᠷᠠᠳ ᠤᠨ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠣᠯᠠᠨ ᠡᠰᠢᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠬᠠᠨᠭ᠍ᠭᠠᠬᠰᠠᠨ ᠪᠠᠶᠢᠨ᠎ᠠ᠃    ︽ᠫᠢᠡᠭ ᠶᠤᠸᠠᠨ︾ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠡᠶᠢᠭᠡᠮ ᠤᠨ ᠠᠵᠢᠯ ᠤᠨ ᠥᠷᠲᠡᠭᠡᠨ ᠤ ᠬᠢᠨ ᠬᠠᠷᠢᠶᠠᠲᠤ ᠣᠷᠣᠨ ᠤ ᠥᠨᠥᠴᠢᠨ ᠪᠡᠯᠪᠡᠰᠦᠨ ᠨᠠᠰᠤᠲᠠᠨ᠂ ᠬᠦᠴᠢᠷᠳᠡᠯᠲᠡᠢ ᠨᠠᠰᠤᠲᠠᠶᠢᠴᠤᠳ ᠲᠤ ᠰᠣᠶᠣᠯ ᠢᠶᠠᠷ ᠨᠠᠰᠤᠲᠠᠶᠢᠴᠤᠳ ᠢ ᠲᠤᠰᠠᠯᠠᠬᠤ᠂ ᠡᠷᠡᠭᠦᠯ ᠮᠡᠨᠳᠦ ᠪᠠᠷ ᠨᠠᠰᠤᠲᠠᠶᠢᠴᠤᠳ ᠢ ᠲᠤᠰᠠᠯᠠᠬᠤ᠂ ᠠᠮᠢᠳᠤᠷᠠᠯ ᠢᠶᠠᠷ ᠨᠠᠰᠤᠲᠠᠶᠢᠴᠤᠳ ᠢ ᠲᠤᠰᠠᠯᠠᠬᠤ ᠵᠡᠷᠭᠡ ᠣᠯᠠᠨ ᠵᠦᠢᠯ ᠤᠨ ᠦᠢᠯᠡᠴᠢᠯᠡᠭᠡ ᠬᠠᠩᠭᠠᠵᠤ᠂ ᠨᠠᠰᠤᠲᠠᠶᠢᠴᠤᠳ ᠤᠨ ᠪᠡᠶ᠎ᠡ ᠮᠠᠬᠠᠪᠤᠳ ᠤᠨ ᠪᠠᠶᠢᠳᠠᠯ᠂ ᠠᠮᠢᠳᠤᠷᠠᠯ ᠤᠨ ᠬᠡᠷᠡᠭᠴᠡᠭᠡ ᠶᠢ ᠴᠠᠭ ᠲᠤᠬᠠᠢ ᠳᠤ ᠨᠢ ᠠᠩᠬᠠᠷᠴᠤ᠂ ᠡᠯ᠎ᠡ ᠨᠡᠶᠢᠭᠡᠮ ᠲᠣᠭᠤᠷᠢᠭ ᠤᠨ ᠴᠢᠬᠤᠯᠠ ᠶᠡᠭᠡ ᠪᠠᠶᠠᠷ ᠤᠨ ᠡᠳᠦᠷ ᠤᠨ ᠠᠵᠢᠯᠯᠠᠭ᠎ᠠ ᠲᠠᠢ ᠤᠶᠠᠯᠳᠤᠭᠤᠯᠤᠨ ᠨᠠᠰᠤᠲᠠᠶᠢᠴᠤᠳ ᠤᠨ ᠰᠣᠶᠣᠯ ᠤᠨ ᠠᠵᠢᠯᠯᠠᠭ᠎ᠠ᠂ ᠨᠠᠰᠤᠲᠠᠶᠢᠴᠤᠳ ᠤᠨ ᠲᠦᠷᠦᠭᠰᠡᠨ ᠡᠳᠦᠷ ᠤᠨ ᠬᠠᠮᠲᠤ ᠶᠢᠨ ᠨᠠᠶᠢᠷ᠂ ᠤᠯᠠᠮᠵᠢᠯᠠᠯᠲᠤ ᠪᠠᠶᠠᠷ ᠤᠨ ᠡᠳᠦᠷ ᠲᠤ ᠬᠦᠴᠢᠷᠳᠡᠯ ᠲᠠᠢ ᠨᠠᠰᠤᠲᠠᠶᠢᠴᠤᠳ ᠢ ᠲᠣᠬᠤᠨᠢᠭᠤᠯᠬᠤ᠂ ᠨᠠᠰᠤᠲᠠᠶᠢᠴᠤᠳ ᠤᠨ ᠮᠡᠬᠡᠯᠡᠯ ᠢ ᠰᠡᠷᠭᠡᠶᠢᠯᠡᠬᠦ᠂ ᠰᠦᠢᠳᠬᠡᠯ ᠬᠤᠷᠢᠶᠠᠬᠤ ᠦᠭᠡᠢ ᠪᠠᠷ ᠠᠯᠪᠠᠨ ᠵᠢᠷᠤᠮ ᠤᠨ ᠡᠮᠴᠢᠯᠡᠭᠡ ᠬᠢᠵᠦ ᠦᠰᠦ ᠵᠠᠰᠠᠬᠤ ᠵᠡᠷᠭᠡ ᠠᠷᠠᠳ ᠲᠤ ᠲᠦᠬᠦᠮ ᠦᠵᠡᠭᠦᠯᠵᠦ ᠨᠠᠰᠤᠲᠠᠶᠢᠴᠤᠳ ᠲᠤ ᠦᠢᠯᠡᠴᠢᠯᠡᠬᠦ ᠠᠵᠢᠯ ᠢ ᠬᠠᠮᠲᠤ ᠪᠠᠷ ᠥᠷᠨᠢᠭᠦᠯᠵᠦ᠂ ᠪᠦᠬᠦ ᠵᠢᠯ ᠳᠤ 40 ᠭᠠᠷᠤᠢ ᠲᠠᠯᠠᠪᠤᠷ ᠠᠵᠢᠯᠯᠠᠭ᠎ᠠ ᠡᠷᠬᠢᠯᠡᠵᠦ᠂  1500 ᠭᠠᠷᠤᠢ ᠤᠳᠠᠭ᠎ᠠ ᠦᠢᠯᠡᠴᠢᠯᠡᠪᠡ᠃ ᠡᠭᠦᠨ ᠤ ᠬᠠᠮᠲᠤ ᠭᠠᠭᠴᠠᠭᠠᠷ ᠰᠠᠭᠤᠭ᠎ᠠ ᠦᠳᠡᠬᠦᠰ ᠤᠨ ᠳᠤ ᠰᠠᠷ᠎ᠠ ᠪᠦᠷᠢ ᠲᠣᠭᠲᠠᠮᠠᠯ ᠬᠤᠭᠤᠴᠠᠭ᠎ᠠ ᠲᠠᠢ ᠪᠠᠷ 800 ᠭᠠᠷᠤᠢ ᠤᠳᠠᠭ᠎ᠠ ᠰᠤᠷᠪᠤᠯᠵᠢᠯᠠᠵᠤ᠂ ᠨᠠᠰᠤᠲᠠᠨ ᠢ ᠬᠦᠰᠡᠯ ᠱᠠᠭᠠᠷᠳᠠᠯᠭ᠎ᠠ ᠶᠢ ᠬᠠᠨᠭ᠍ᠭᠠᠵᠤ᠂ ᠨᠠᠰᠤᠲᠠᠶᠢᠴᠤᠳ ᠢ ︽ᠴᠠᠭ ᠢᠮᠠᠭᠲᠠ ᠬᠠᠮᠠᠭᠠᠯᠠᠬᠤ ᠬᠥᠮᠥᠨ ᠲᠠᠢ᠂ ᠶᠠᠪᠤᠳᠠᠯ ᠪᠦᠬᠦᠨ ᠢ ᠬᠠᠮᠢᠶᠠᠷᠬᠤ ᠬᠥᠮᠥᠨ ᠲᠠᠢ︾ ᠪᠠᠶᠢᠯᠭᠠᠬᠤ ᠶᠢ ᠪᠠᠲᠤᠯᠠᠭᠰᠠᠨ ᠪᠠᠶᠢᠨ᠎ᠠ᠃    ᠨᠡᠶᠢᠭᠡᠮ ᠤᠨ ᠠᠵᠢᠯ ᠤᠨ ᠥᠷᠲᠡᠭᠡᠨ ᠤ ᠬᠢᠨ ᠬᠠᠤᠯᠢ ᠪᠠᠷ ᠵᠠᠰᠠᠬᠤ ᠬᠥᠮᠦᠵᠢᠯ᠂  ᠠᠶᠤᠯ ᠦᠬᠡᠢ ᠶᠢᠨ ᠬᠥᠮᠦᠵᠢᠯ᠂ ᠠᠮᠠᠷᠠᠯᠲᠠ ᠶᠢᠨ ᠬᠤᠭᠤᠴᠠᠭᠠᠨ ᠤ ᠰᠣᠨᠢᠷᠬᠠᠯᠲᠤ ᠬᠢᠴᠢᠶᠡᠯ ᠤᠨ ᠲᠠᠩᠬᠢᠮ᠂ ᠤᠯᠠᠮᠵᠢᠯᠠᠯᠲᠤ ᠰᠣᠶᠣᠯ ᠤᠨ ᠰᠤᠷᠤᠯᠴᠠᠯᠭ᠎ᠠ ᠵᠡᠷᠭᠡ ᠬᠡᠦᠬᠡᠳ ᠤᠨ ᠣᠨᠴᠠᠯᠢᠭᠲᠤ ᠦᠢᠯᠡᠴᠢᠯᠡᠭᠡᠨ ᠤ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠵᠠᠯᠠᠭᠤᠴᠤᠳ ᠪᠠᠭᠠᠴᠤᠳ ᠬᠡᠦᠬᠡᠳ ᠤᠨ ᠦᠰᠦᠨ ᠪᠣᠶᠢᠵᠢᠬᠤ ᠬᠡᠷᠡᠭᠴᠡᠭᠡ ᠶᠢ ᠬᠠᠩᠭᠠᠵᠤ᠂ ᠬᠡᠦᠬᠡᠳ ᠤᠨ ᠡᠷᠡᠭᠦᠯ ᠢᠶᠠᠷ ᠦᠰᠦᠨ ᠪᠣᠶᠢᠵᠢᠬᠤ ᠳᠤ ᠬᠦᠴᠦᠨ ᠨᠡᠮᠡᠷᠢᠯᠡᠨ᠂ ︽ᠠᠨᠠᠷ ᠤᠨ ᠮᠣᠳᠣ ᠶᠢ ᠬᠠᠮᠲᠤ ᠪᠠᠷ ᠪᠣᠶᠢᠵᠢᠭᠤᠯᠵᠤ ᠦᠨᠳᠦᠰᠦᠲᠡᠨ ᠤ ᠴᠡᠴᠡᠭ ᠢ ᠬᠠᠮᠲᠤ ᠪᠠᠷ ᠳᠡᠯᠭᠡᠷᠡᠭᠦᠯᠦᠶ᠎ᠡ︾ ᠭᠡᠬᠦ ᠦᠨᠳᠦᠰᠦᠲᠡᠨ ᠤ ᠪᠦᠯᠬᠦᠮᠳᠡᠯ ᠤᠨ ᠬᠠᠮᠲᠤ ᠪᠠᠷ ᠪᠠᠶᠢᠭᠤᠯᠬᠤ ᠭᠤᠣᠯ ᠰᠡᠳᠦᠪᠲᠦ ᠠᠵᠢᠯᠯᠠᠭ᠎ᠠ᠂ ︽ᠬᠤᠭ ᠨᠣᠪᠰᠢ ᠶᠢ ᠵᠡᠷᠭᠡ ᠪᠠᠷ ᠠᠩᠭᠢᠯᠠᠵᠤ᠂ ᠬᠡᠦᠬᠡᠳ ᠤᠨ ᠰᠡᠳᠬᠢᠯ ᠢᠶᠠᠷ ᠣᠷᠴᠢᠨ ᠠᠬᠤᠢ ᠶᠢᠨ ᠬᠠᠮᠠᠭᠠᠯᠠᠯᠲᠠ ᠳᠤ ᠲᠤᠰᠠᠯᠠᠶ᠎ᠠ︾ ︽ᠵᠣᠨ ᠤ ᠠᠮᠠᠷᠠᠯᠲᠠ ᠶᠢᠨ ᠲᠠᠩᠰᠤᠭ ᠰᠠᠶᠢᠬᠠᠨ ᠬᠢᠴᠢᠶᠡᠯ ᠤᠨ ᠲᠠᠩᠬᠢᠮ︾ ︽   ᠪᠠᠭᠠᠴᠤᠳ ᠤᠨ ᠤᠷᠠᠨ ᠪᠢᠴᠢᠯᠭᠡ ᠶᠢᠨ ᠳᠤᠷ᠎ᠠ ᠰᠣᠨᠢᠷᠬᠠᠯ ᠤᠨ ᠳᠤᠭᠤᠶᠢᠯᠠᠩ︾ ︽ᠰᠦᠯᠢᠶᠥᠦ ᠶᠢᠨ ᠪᠣᠬᠢᠷᠲᠤᠯ ᠢ ᠪᠠᠭᠠᠰᠬᠠᠵᠤ ᠠᠷᠢᠭᠤᠨ ᠴᠡᠪᠡᠷ ᠳᠡᠯᠡᠬᠡᠢ ᠶᠢᠨ ᠪᠥᠮᠪᠥᠷᠴᠡᠭ ᠢ ᠬᠠᠮᠲᠤ ᠪᠠᠷ ᠪᠠᠶᠢᠭᠤᠯᠤᠶ᠎ᠠ︾ ᠭᠡᠬᠦ ᠳᠡᠯᠡᠬᠡᠢ ᠶᠢᠨ ᠳᠡᠯᠡᠬᠡᠢ ᠶᠢᠨ ᠪᠥᠮᠪᠥᠷᠴᠡᠭ ᠤᠨ ᠡᠳᠦᠷ ᠤᠨ ᠨᠡᠶᠢᠲᠡ ᠶᠢᠨ ᠠᠰᠠᠷᠠᠮᠵᠢ ᠶᠢᠨ ᠣᠷᠴᠢᠨ ᠠᠬᠤᠢ ᠶᠢᠨ ᠬᠠᠮᠠᠭᠠᠯᠠᠯᠲᠠ ᠶᠢ ᠪᠡᠶᠡᠴᠢᠯᠡᠨ ᠣᠶᠢᠯᠠᠭᠠᠬᠤ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠤᠨ 30 ᠭᠠᠷᠤᠢ ᠤᠳᠠᠭ᠎ᠠ ᠠᠵᠢᠯᠯᠠᠭ᠎ᠠ ᠦᠷᠨᠢᠬᠦᠯᠦᠭᠰᠡᠨ ᠪᠠᠶᠢᠨ᠎ᠠ᠃       ᠨᠡᠶᠢᠭᠡᠮ ᠤᠨ ᠠᠵᠢᠯᠲᠠᠳ ᠰᠠᠷ᠎ᠠ ᠪᠦᠷᠢ ᠬᠡᠷ ᠲᠤ ᠨᠢ ᠬᠦᠷᠴᠦ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠭᠡᠷ ᠪᠦᠯᠢ᠂ ᠵᠡᠮᠳᠡᠭ ᠭᠡᠷ ᠪᠦᠯᠢ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠵᠡᠷᠭᠡ ᠬᠦᠴᠢᠷᠳᠡᠯ ᠲᠠᠢ ᠣᠯᠠᠨ ᠲᠦᠮᠡᠨ ᠢ ᠰᠤᠷᠪᠤᠯᠵᠢᠯᠠᠵᠤ᠂ ᠲᠡᠳᠡᠨ ᠤ ᠠᠮᠢᠳᠤᠷᠠᠯ ᠤᠨ ᠪᠠᠶᠢᠳᠠᠯ ᠢ ᠴᠠᠭ ᠲᠤᠬᠠᠢ ᠳᠤ ᠨᠢ ᠣᠶᠢᠯᠠᠭᠠᠨ᠂ ᠬᠠᠷᠢᠶᠠᠲᠤ ᠣᠷᠣᠨ ᠤ ᠬᠦᠴᠢᠷᠳᠡᠯ ᠲᠠᠢ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠬᠤᠷᠢᠶᠠᠩᠭᠤᠶᠢᠯᠠᠵᠤ᠂ ᠬᠠᠪᠰᠤᠷᠤᠨ ᠲᠡᠳᠬᠦᠬᠦ ᠶᠤᠰᠤᠳᠠᠢ  ᠬᠦᠮᠦᠰ ᠢ ᠰᠣᠩᠭᠤᠨ ᠲᠣᠭᠲᠠᠭᠠᠵᠤ᠂ ᠬᠠᠶᠢᠷ᠎ᠠ ᠬᠠᠯᠠᠮᠵᠢ ᠲᠠᠢ ᠬᠥᠮᠥᠰ ᠪᠠ ᠨᠡᠶᠢᠭᠡᠮ ᠤᠨ ᠬᠦᠴᠦᠨ ᠢ ᠥᠷᠭᠡᠨ ᠢᠶᠠᠷ ᠳᠠᠶᠢᠴᠢᠯᠠᠨ ᠨᠢᠭᠦᠯᠡᠰᠦᠩᠭᠦᠢ ᠶᠢᠨ ᠲᠤᠰᠠᠯᠠᠮᠵᠢ  ᠶᠢᠨ ᠠᠵᠢᠯᠯᠠᠭ᠎ᠠ ᠳᠤ ᠤᠷᠤᠯᠴᠠᠭᠤᠯᠪᠠ᠃  ︽ᠨᠢᠭᠡ ᠲᠡᠭᠰᠢ ᠳᠥᠷᠪᠡᠯᠵᠢᠨ ᠮᠧᠲᠷ ᠤᠨ ᠪᠢᠴᠢᠭ ᠤᠨ ᠰᠢᠷᠡᠭᠡ︾᠂ ︽ᠨᠢᠭᠡ ᠴᠣᠮᠣ ᠰᠢᠨ᠎ᠡ ᠰᠦ︾ ᠵᠡᠷᠭᠡ 7 ᠨᠢᠭᠦᠯᠡᠰᠦᠩᠭᠦᠢ ᠶᠢᠨ ᠵᠦᠢᠯᠡᠰ ᠢ ᠥᠷᠨᠢᠭᠦᠯᠵᠦ᠂ ︽ᠫᠢᠡᠭ ᠶᠤᠸᠠᠨ︾ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠦᠴᠢᠷᠳᠡᠯ ᠳᠤ ᠲᠤᠯᠭᠠᠷᠠᠭᠰᠠᠨ ᠬᠡᠦᠬᠡᠳ᠂ ᠬᠦᠴᠢᠷᠳᠡᠯ ᠳᠤ ᠲᠤᠯᠭᠠᠷᠠᠭᠰᠠᠨ ᠨᠠᠰᠤᠲᠠᠶᠢᠴᠤᠳ ᠲᠤ ᠨᠢᠳᠤᠨ ᠳᠤ ᠭᠠᠮᠳᠠᠢ ᠲᠠᠯᠪᠢᠭᠤᠷ ᠳ᠋ᠧᠩ 13 ᠂   ᠪᠢᠴᠢᠭ ᠤᠨ ᠰᠢᠷᠡᠭᠡ 17 ᠂  ᠬᠦᠷᠳᠦᠲᠦ ᠰᠠᠨᠳᠠᠯᠢ 2 ᠢ ᠬᠠᠨᠳᠢᠪᠯᠡᠵᠤ᠂ 110 ᠦᠰᠤ ᠵᠠᠰᠠᠵᠤ᠂ 80 ᠤᠳᠠᠭ᠎ᠠ ᠬᠠᠶᠢᠷ᠎ᠠ ᠬᠠᠯᠠᠮᠵᠢ ᠶᠢᠨ ᠵᠢᠷᠤᠮ ᠤᠨ ᠡᠮᠴᠢᠯᠡᠭᠡ ᠬᠠᠩᠭᠠᠵᠤ᠂ ᠠᠮᠢᠳᠤᠷᠠᠯ ᠤᠨ ᠬᠦᠴᠢᠷ ᠠᠰᠠᠭᠤᠳᠠᠯ ᠢ ᠨᠢ  ᠰᠢᠢᠳᠪᠤᠷᠢᠯᠡᠵᠤ ᠦᠭᠬᠦᠭᠰᠡᠨ ᠪᠠᠶᠢᠨ᠎ᠠ᠃     
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号