ᠠᠷᠠᠳ ᠤᠨ ᠶᠠᠪᠤᠳᠠᠯ ᠤᠨ ᠰᠢᠭᠤᠷᠬᠠᠢ ᠮᠡᠳᠡᠭᠡ
ᠨᠡᠶᠢᠲᠡᠯᠡᠭᠰᠡᠨ ᠴᠠᠭ᠄
2024/7/10
ᠠᠷᠠᠳ ᠤᠨ ᠶᠠᠪᠤᠳᠠᠯ ᠤᠨ ᠶᠠᠮᠤᠨ    ᠠᠷᠠᠳ ᠤᠨ ᠶᠠᠪᠤᠳᠠᠯ ᠤᠨ ᠶᠠᠮᠤᠨ ᠤ ᠬᠢᠨ ᠤᠷᠴᠢᠮ ᠳᠤ ᠨᠠᠰᠤᠲᠠᠶᠢᠴᠤᠳ ᠤᠨ ᠬᠤᠭᠤᠯᠠ ᠤᠮᠳᠠ ᠳᠤ ᠲᠤᠰᠠᠯᠠᠬᠤ   ᠭᠡᠷ  ᠲᠤ ᠨᠢ ᠬᠦᠷᠴᠤ ᠠᠰᠠᠷᠠᠬᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠤᠨ ᠬᠤᠷᠠᠯ ᠲᠡᠬᠡᠷ᠎ᠡ᠄ ︽ᠡᠯ᠎ᠡ ᠭᠠᠵᠠᠷ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠬᠤᠭᠤᠯᠠ ᠤᠮᠳᠠ ᠳᠤ ᠲᠤᠰᠠᠯᠠᠬᠤ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠠᠵᠢᠯ ᠢ ᠬᠦᠴᠦᠯᠡᠨ ᠠᠬᠢᠭᠤᠯᠵᠤ᠂ ᠤᠨᠢᠨ ᠳᠡᠭᠡᠷ᠎ᠡ ᠨᠢ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠲᠠᠯ᠎ᠠ ᠪᠠᠷ ᠪᠣᠳᠠᠲᠠᠢ ᠠᠷᠭ᠎ᠠ ᠠᠪᠴᠤ᠂ ᠬᠠᠩᠭᠠᠯᠭ᠎ᠠ ᠶᠢᠨ ᠶᠠᠰᠤ ᠴᠢᠨᠠᠷ ᠤᠨ ᠲᠠᠯ᠎ᠠ ᠪᠠᠷ ᠪᠣᠳᠠᠲᠠᠢ ᠬᠦᠴᠦ ᠣᠷᠣᠭᠤᠯᠵᠤ᠂ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠪᠣᠳᠠᠲᠠᠢ ᠦᠷ᠎ᠡ ᠪᠦᠲᠦᠮᠵᠢ ᠭᠠᠷᠭᠠᠬᠤ ᠬᠡᠷᠡᠭᠲᠡᠢ᠃ ᠶᠡᠷᠦᠩᠬᠡᠶᠢᠯᠡᠨ ᠵᠢᠯᠤᠭᠤᠳᠬᠤ   ᠠᠵᠢᠯ ᠢ ᠴᠢᠩᠭᠠᠳᠬᠠᠵᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠬᠤ ᠶᠢ ᠢᠮᠠᠭᠲᠠ ᠪᠠᠷᠢᠮᠲᠠᠯᠠᠵᠤ᠂ ᠪᠠᠶᠢᠩᠭᠤ ᠶᠢᠨ ᠴᠢᠨᠠᠷᠲᠠᠢ ᠮᠥᠷᠳᠡᠨ ᠵᠢᠯᠤᠭᠤᠳᠬᠤ ᠠᠵᠢᠯ ᠢ ᠰᠠᠶᠢᠲᠤᠷ ᠬᠢᠵᠦ᠂ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠰᠠᠶᠢᠲᠤᠷ ᠬᠡᠷᠡᠭᠯᠡᠬᠦ ᠬᠡᠷᠡᠭᠲᠡᠢ᠃ ᠬᠤᠭᠤᠯᠠ ᠤᠮᠳᠠ ᠳᠤ ᠲᠤᠰᠠᠯᠠᠬᠤ ᠬᠠᠮᠲᠤ ᠪᠠᠷ ᠪᠠᠶᠢᠭᠤᠯᠤᠨ ᠬᠠᠮᠲᠤ ᠪᠠᠷ ᠵᠠᠰᠠᠬᠤ ᠲᠦᠪᠰᠢᠨ ᠢ ᠳᠡᠭᠡᠭᠰᠢᠯᠡᠭᠦᠯᠵᠦ᠂ ᠣᠯᠠᠨ ᠲᠠᠯ᠎ᠠ ᠶᠢᠨ ᠬᠢᠨ ᠤ ᠣᠷᠣᠯᠴᠠᠭᠰᠠᠨ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠬᠦ ᠲᠣᠭᠲᠠᠴᠠ ᠶᠢ ᠲᠡᠬᠦᠯᠳᠡᠷᠵᠢᠬᠦᠯᠬᠦ ᠬᠡᠷᠡᠭᠳᠡᠢ᠃ ᠨᠡᠶᠢᠲᠡᠯᠢᠭ ᠲᠤᠷᠰᠢᠯᠭ᠎ᠠ ᠶᠢ ᠢᠳᠡᠪᠬᠢᠲᠡᠢ ᠪᠠᠷ ᠪᠤᠶᠢᠵᠢᠭᠤᠯᠤᠨ ᠳᠡᠯᠭᠡᠷᠡᠭᠦᠯᠵᠦ᠂ ᠲᠤᠷᠰᠢᠯᠲᠠ ᠬᠢᠵᠦ ᠵᠢᠱᠢᠶ᠎ᠡ ᠦᠵᠡᠭᠦᠯᠬᠦ ᠠᠵᠢᠯ ᠢ ᠰᠠᠶᠢᠲᠤᠷ ᠠᠳᠬᠤᠵᠤ᠂ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠯᠠᠬᠤ ᠶᠢ ᠵᠢᠯᠤᠭᠤᠳᠬᠤ ᠬᠡᠷᠡᠭᠳᠡᠢ︾ ᠭᠡᠵᠤ ᠱᠠᠭᠠᠷᠳᠠᠯ᠎ᠠ᠃ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ  ᠬᠥᠬᠡᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ︽ᠬᠥᠬᠡᠬᠤᠲᠠ ᠶᠢᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠢᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠲᠠ ᠶᠢ ᠳᠡᠮᠵᠢᠬᠦ ᠰᠠᠨᠠᠭᠠᠴᠢᠯᠠᠭ᠎ᠠ ᠶᠢᠨ ᠪᠢᠴᠢᠭ︾ ᠢ ᠳᠠᠷᠤᠮᠠᠯᠯᠠᠨ ᠲᠠᠷᠬᠠᠭᠠᠵᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠬᠢᠵᠦ᠂ ᠠᠵᠢᠯ ᠣᠯᠭᠤᠯᠲᠠ ᠶᠢᠨ ᠶᠡᠭᠡ ᠲᠠᠯ᠎ᠠ ᠳᠤ ᠦᠢᠯᠡᠴᠢᠯᠡᠵᠦ᠂ ᠨᠡᠶᠢᠭᠡᠮ ᠤᠨ ᠬᠠᠷᠢᠭᠤᠴᠠᠯᠭ᠎ᠠ ᠶᠢ ᠦᠢᠯᠡᠳᠦᠯᠭᠡᠵᠢᠭᠦᠯᠵᠦ᠂ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ ᠨᠡᠭᠡᠭᠡᠨ᠂ ᠥᠪᠡᠷᠮᠢᠴᠡ ᠳᠠᠪᠠᠭᠤᠯᠢᠭ ᠢᠶᠠᠨ ᠪᠠᠳᠠᠷᠠᠭᠤᠯᠵᠤ᠂ ᠠᠵᠢᠯ ᠣᠯᠭᠤᠯᠲᠠ ᠶᠢᠨ ᠲᠠᠪᠴᠠᠩ ᠢ ᠪᠠᠶᠢᠭᠤᠯᠬᠤ ᠬᠡᠷᠡᠭᠲᠡᠢ ᠭᠡᠵᠦ ᠤᠷᠢᠶᠠᠯᠠᠪᠠ᠃ ᠣᠳᠣᠬᠠᠨ ᠳᠤ ᠡᠯ᠎ᠡ ᠱᠠᠲᠤᠨ ᠤ ᠡᠯ᠎ᠡ ᠲᠥᠷᠥᠯ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ 16 ᠤᠳᠠᠭ᠎ᠠ ᠠᠵᠢᠯ ᠲᠥᠷᠥᠯ ᠤᠨ ᠪᠣᠯᠪᠠᠰᠤᠷᠠᠯ ᠡᠷᠬᠢᠯᠡᠬᠦ ᠳᠤ ᠪᠠᠨ 1462 ᠬᠥᠮᠥᠨ ᠢ ᠪᠣᠯᠪᠠᠰᠤᠷᠠᠭᠤᠯᠵᠠᠢ᠃ ᠤᠷᠢᠵᠤ ᠡᠯᠰᠡᠬᠦ ᠬᠤᠷᠠᠯ᠂ ᠵᠣᠯᠭᠠᠭᠤᠯᠬᠤ ᠬᠤᠷᠠᠯ ᠵᠡᠷᠭᠡ ᠠᠷᠭ᠎ᠠ ᠪᠠᠷ ᠠᠵᠢᠯ ᠲᠥᠷᠥᠯ ᠤᠨ ᠠᠵᠤ ᠠᠬᠤᠶᠢᠯᠠᠯ ᠢ ᠬᠠᠪᠰᠤᠷᠤᠨ 36 ᠬᠥᠮᠥᠨ ᠳᠤ ᠠᠵᠢᠯ ᠣᠯᠭᠤᠵᠤ᠂ ᠰᠣᠯᠢᠯᠴᠠᠭ᠎ᠠ ᠬᠠᠮᠲᠤᠷᠠᠯᠴᠠᠭ᠎ᠠ ᠶᠢᠨ ᠲᠠᠪᠴᠠᠩ ᠪᠠ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠲᠠᠪᠴᠠᠩ ᠤᠨ ᠲᠤᠭ᠎ᠠ ᠶᠢ 12 ᠪᠠᠶᠢᠭᠤᠯᠪᠠ᠃   ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠴᠢᠳ ᠤᠨ ᠨᠡᠶᠢᠬᠡᠮᠯᠢᠭ ᠢ ᠵᠢᠯᠤᠭᠤᠳᠴᠤ ᠪᠠᠶᠢᠭᠠᠳ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠦᠢᠯᠡᠳᠦᠯ ᠢ ᠪᠠᠳᠠᠷᠠᠭᠤᠯᠪᠠ᠃ ᠪᠤᠭᠤᠲᠤ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ  ᠶᠢᠨ ᠬᠢᠨ ᠠᠵᠢᠯ ᠲᠥᠷᠥᠯ ᠤᠨ ᠣᠨᠴᠠᠯᠢᠭ ᠪᠠ ᠬᠦᠭᠵᠢᠬᠦᠯᠤᠯᠳᠡ ᠶᠢᠨ ᠱᠠᠭᠠᠷᠳᠠᠯᠭ᠎ᠠ ᠲᠠᠢ ᠪᠠᠨ ᠤᠶᠠᠯᠳᠤᠭᠤᠯᠤᠨ᠂ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠨᠡᠶᠢᠲᠡ ᠶᠢᠨ ᠭᠡᠷ᠎ᠡ ᠶᠢ ᠲᠣᠭᠲᠠᠭᠠᠬᠤ ᠶᠢᠨ ᠬᠠᠮᠲᠤ ᠨᠡᠶᠢᠲᠡᠯᠡᠵᠦ᠂ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠬᠤ᠂ ᠢᠲᠡᠭᠡᠮᠵᠢᠲᠡᠢ ᠡᠵᠡᠩᠨᠡᠬᠦ᠂ ᠭᠤᠥᠯᠴᠢ ᠥᠷᠢᠰᠦᠯᠳᠦᠬᠦ᠂ ᠠᠵᠢᠯ ᠲᠥᠷᠥᠯ ᠤᠨ ᠳᠦᠷᠢ ᠲᠥᠷᠬᠦ ᠶᠢ ᠬᠠᠮᠠᠭᠠᠯᠠᠬᠤ ᠵᠡᠷᠭᠡ ᠲᠠᠯ᠎ᠠ ᠪᠠᠷ ᠭᠤᠣᠯᠯᠠᠭᠤᠯᠤᠨ᠂ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠴᠢᠨᠠᠷᠲᠠᠢ ᠬᠠᠮᠢᠶᠠᠷᠤᠯᠲᠠ ᠶᠢᠨ ᠬᠢᠵᠠᠭᠠᠷᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠭᠤᠥᠯᠴᠢ ᠥᠷᠢᠰᠦᠯᠳᠦᠬᠦ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠪᠠ ᠵᠢᠷᠤᠮᠵᠢᠭᠰᠠᠨ ᠡᠷᠡᠭᠦᠯ ᠰᠠᠷᠠᠭᠤᠯ ᠠᠵᠢᠯ ᠲᠥᠷᠥᠯ ᠤᠨ ᠬᠦᠭᠵᠢᠬᠦᠯᠤᠯᠳᠡ ᠶᠢᠨ ᠡᠮᠬᠢ ᠳᠢᠭᠯᠢᠮ ᠢ ᠢᠳᠡᠪᠬᠢᠲᠡᠢ ᠬᠠᠮᠠᠭᠠᠯᠠᠪᠠ᠃ ᠣᠲᠣ ᠪᠤᠭᠤᠳᠤ ᠬᠤᠲᠠ ᠶᠢᠨ 115 ᠨᠡᠶᠢᠭᠡᠮ ᠤᠨ ᠪᠦᠯᠬᠦᠮ᠂ ᠨᠡᠶᠢᠭᠡᠮ ᠤᠨ ᠦᠢᠯᠡᠴᠢᠯᠡᠭᠡᠨ ᠤ ᠪᠠᠶᠢᠭᠤᠯᠤᠮᠵᠢ ᠲᠣᠰ ᠪᠠᠶᠢᠭᠤᠯᠤᠮᠵᠢ ᠶᠢᠨ ᠥᠪᠡᠷ ᠢ ᠪᠠᠨ ᠱᠠᠭᠠᠷᠳᠠᠬᠤ ᠨᠡᠶᠢᠲᠡ ᠶᠢᠨ ᠭᠡᠷ᠎ᠡ ᠶᠢ ᠲᠣᠭᠲᠠᠭᠠᠨ ᠨᠡᠶᠢᠳᠡᠯᠡᠵᠡᠢ᠃ᠨᠡᠶᠢᠭᠡᠮ ᠤᠨ  ᠲᠤᠰᠠᠯᠠᠮᠵᠢ    ᠤᠯᠠᠭᠠᠨᠴᠠᠪ ᠤᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠦᠨᠤ ᠵᠢᠯ ︽ᠲᠣᠮᠣ ᠳ᠋ᠠᠶᠢᠲ᠋ᠠ + ᠨᠡᠶᠢᠭᠡᠮ ᠤᠨ ᠲᠤᠰᠠᠯᠠᠮᠵᠢ︾ ᠶᠢᠨ ᠰᠢᠨ᠎ᠡ ᠵᠠᠭᠪᠤᠷ ᠢ ᠰᠢᠯᠢᠳᠡᠭᠵᠢᠭᠦᠯᠵᠦ᠂ ᠬᠦᠴᠢᠷᠳᠡᠯ ᠲᠠᠢ ᠣᠯᠠᠨ ᠲᠦᠮᠡᠨ ᠤ ᠬᠡᠷᠡᠭᠯᠡᠯᠲᠡ ᠶᠢᠨ ᠬᠠᠷᠢᠭᠤ ᠲᠤᠰᠬᠠᠭᠰᠠᠨ ᠰᠠᠨᠠᠯ ᠢ ᠦᠨᠳᠦᠰᠦᠯᠡᠨ᠂ ᠨᠡᠶᠢᠭᠡᠮ ᠤᠨ  ᠲᠤᠰᠠᠯᠠᠮᠵᠢ ᠶᠢᠨ ︽ᠴᠠᠭᠠᠰᠤ ᠬᠡᠷᠡᠭᠯᠡᠬᠦ ᠦᠭᠡᠢ︾ ᠲᠠᠪᠴᠠᠩ᠂ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠬᠦ ᠰᠢᠰᠲ᠋ᠧᠮ ᠪᠠ ᠨᠡᠶᠢᠭᠡᠮ ᠤᠨ  ᠲᠤᠰᠠᠯᠠᠮᠵᠢ ᠶᠢᠨ ᠦᠢᠯᠡᠴᠢᠯᠡᠭᠡᠨ ᠤ ᠪᠢᠴᠢᠯ ᠲᠠᠪᠴᠠᠩ ᠢ ᠬᠠᠷᠢᠯᠴᠠᠨ ᠤᠶᠠᠯᠳᠤᠭᠤᠯᠤᠭᠰᠠᠨ ᠤᠯᠠᠭᠠᠨᠴᠠᠪ ᠬᠤᠲᠠ ᠶᠢᠨ ᠨᠡᠶᠢᠭᠡᠮ ᠤᠨ ᠲᠤᠰᠠᠯᠠᠮᠵᠢ ᠶᠢᠨ ᠣᠶᠤᠨᠴᠢᠯᠠᠭᠰᠠᠨ ᠰᠢᠰᠲ᠋ᠧᠮ ᠢ ᠲᠠᠰ ᠳᠡᠪᠰᠢᠭᠦᠯᠵᠦ᠂ ᠨᠡᠶᠢᠭᠡᠮ ᠤᠨ  ᠲᠤᠰᠠᠯᠠᠮᠵᠢ ᠶᠢ ᠰᠦᠯᠵᠢᠶᠡᠨ ᠳᠡᠭᠡᠷ᠎ᠡ ᠭᠤᠶᠤᠴᠢᠯᠠᠬᠤ᠂ ᠰᠦᠯᠵᠢᠶᠡᠨ ᠳᠡᠭᠡᠷ᠎ᠡ ᠬᠢᠨᠠᠨ ᠬᠠᠷᠭᠤᠭᠤᠯᠬᠤ᠂ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠪᠥᠬᠦ ᠰᠦᠯᠵᠢᠶ᠎ᠡ ᠪᠠᠷ ᠠᠵᠢᠯᠯᠠᠭᠤᠯᠬᠤ ᠪᠤᠯᠭᠠᠪᠠ᠃ ᠨᠡᠶᠢᠭᠡᠮ ᠤᠨ ᠲᠤᠰᠠᠯᠠᠮᠵᠢ ᠶᠢᠨ ᠪᠢᠴᠢᠯ ᠲᠠᠪᠴᠠᠩ ᠤᠨ ᠬᠢᠨ 5.2 ᠲᠦᠮᠡᠨ ᠬᠡᠷᠡᠭᠯᠡᠭᠴᠢ ᠠᠩᠬᠠᠷᠤᠯ ᠳᠤ ᠪᠠᠨ ᠠᠪᠤᠭᠠᠳ 288 ᠬᠤᠭᠤᠴᠠᠭ᠎ᠠ  ᠰᠢᠨᠡᠴᠢᠯᠡᠨ᠂ 67 ᠤᠳᠠᠭ᠎ᠠ ᠤᠡᠭᠰᠢᠬᠰᠠᠨ ᠬᠦᠷᠴᠦ ᠪᠠᠶᠢᠨ᠎ᠠ᠃ᠨᠠᠰᠤᠵᠢᠯ ᠤᠨ ᠦᠢᠯᠡᠴᠢᠯᠡᠭᠡ    ᠦᠬᠠᠢ ᠬᠤᠳᠠ ᠶᠢᠨ ᠬᠢᠨ ᠨᠠᠰᠤᠲᠠᠶᠢᠴᠤᠳ ᠤᠨ ᠬᠤᠭᠤᠯᠨ ᠤᠮᠳᠠ ᠳᠤ ᠲᠤᠰᠠᠯᠠᠬᠤ ᠠᠵᠢᠯ ᠢ ᠡᠷᠴᠢᠮᠵᠢᠭᠦᠯᠦᠨ ᠬᠥᠭᠵᠢᠭᠦᠯᠬᠦ ᠠᠵᠢᠯ ᠢ ᠲᠠᠰᠤᠷᠠᠯᠳᠡ ᠦᠭᠡᠢ ᠠᠬᠢᠭᠤᠯᠵᠤ᠂ ᠬᠥᠮᠥᠨ ᠠᠮᠠ ᠨᠢᠭᠲᠠᠷᠠᠭᠰᠠᠨ᠂ ᠵᠠᠮ ᠬᠠᠷᠢᠯᠴᠠᠭ᠎ᠠ ᠲᠦᠬᠦᠮ᠂ ᠲᠥᠬᠦᠭᠡᠷᠦᠮᠵᠢ ᠪᠦᠷᠢᠨ ᠣᠷᠣᠨ ᠪᠦᠰᠡ ᠳᠤ 16 ᠭᠤᠣᠯ ᠲᠣᠭᠤᠭᠠᠨ ᠭᠡᠷ ᠪᠠᠶᠢᠭᠤᠯᠵᠤ᠂ ᠣᠶᠤᠨᠴᠢᠯᠠᠭᠰᠠᠨ ᠲᠣᠭᠤᠭᠠᠨ ᠭᠡᠷ ᠤᠨ ᠲᠥᠬᠦᠭᠡᠷᠦᠮᠵᠢ ᠶᠢ ᠣᠷᠣᠭᠤᠯᠤᠨ ᠠᠪᠴᠢᠷᠠᠬᠤ ᠪᠠᠷ ᠳᠠᠮᠵᠢᠭᠤᠯᠵᠤ᠂ ᠢᠳᠡᠭᠡᠨ ᠢ ᠤᠬᠢᠶᠠᠨ ᠴᠡᠪᠡᠷᠯᠡᠬᠦ᠂ ᠡᠳ᠋ᠰᠢᠭᠦᠯᠬᠦ᠂ ᠬᠤᠭᠤᠯᠠ ᠬᠢᠬᠦ᠂ ᠠᠷᠢᠭᠤᠳᠬᠠᠬᠤ ᠶᠢ ᠪᠠᠭᠲᠠᠭᠠᠭᠰᠠᠨ ᠪᠦᠷᠢᠨ ᠠᠦ᠋ᠲ᠋ᠣᠴᠢᠯᠠᠭᠰᠠᠨ ᠠᠵᠢᠯᠯᠠᠬᠤ ᠱᠤᠭᠤᠮ ᠢ ᠪᠠᠶᠢᠭᠤᠯᠪᠠ᠃ ᠨᠠᠰᠤᠲᠠᠶᠢᠴᠤᠳ ᠨᠡᠯᠢᠶᠡᠳ ᠲᠥᠪᠯᠡᠷᠡᠭᠰᠡᠨ ᠰᠠᠭᠤᠭᠠᠯᠢ ᠠᠷᠠᠳ ᠤᠨ ᠲᠣᠭᠤᠷᠢᠭ ᠤᠨ ᠣᠶᠢᠷ᠎ᠠ ᠬᠠᠪᠢ ᠳᠤ ᠨᠡᠶᠢᠭᠡᠮᠴᠢᠯᠡᠭᠰᠡᠨ ᠬᠤᠪᠢ ᠬᠥᠮᠥᠨ ᠤ ᠡᠵᠡᠩᠨᠡᠯᠲᠡ ᠶᠢᠨ 21 ᠬᠠᠭᠤᠴᠢᠨ ᠬᠤᠭᠤᠯᠠᠨ ᠬᠡᠷ ᠲᠠᠢ ᠭᠡᠷ᠎ᠡ ᠲᠣᠭᠲᠠᠵᠤ᠂ ︽ᠲᠥᠪ ᠲᠣᠭᠤᠭᠠᠨ ᠭᠡᠷ + ᠲᠤᠰᠠᠯᠠᠬᠤ ᠬᠤᠭᠤᠯᠠᠨ ᠭᠡᠷ + ᠨᠠᠰᠤᠵᠢᠯ ᠤᠨ ᠠᠰᠠᠷᠠᠮᠵᠢ ᠶᠢᠨ ᠠᠷᠠᠳ ᠲᠤ ᠠᠰᠢᠭ ᠬᠦᠷᠲᠡᠭᠡᠬᠦ ᠬᠤᠭᠤᠯᠠᠨ ᠭᠡᠷ + ᠢᠳᠡᠭᠡᠨ ᠤᠮᠳᠠᠭᠠᠨ ᠤ ᠠᠵᠤ ᠠᠬᠤᠶᠢᠯᠠᠯ︾ ᠤᠨ ︽1+N︾ ᠢ ᠨᠢᠭᠡ ᠴᠣᠭᠴᠠᠵᠢᠭᠤᠯᠤᠭᠰᠠᠨ᠂ ᠬᠤᠭᠤᠯᠨ ᠤᠮᠳᠠ ᠳᠤ ᠲᠤᠰᠠᠯᠠᠬᠤ ᠴᠦᠷᠬᠦᠯᠡᠭᠡ  ᠬᠤᠭᠤᠯᠠᠨ ᠬᠡᠷ ᠤᠨ ᠲᠤᠤᠷᠵᠢᠯ ᠢ ᠬᠡᠷᠡᠭᠯᠡᠨ᠂ ᠪᠥᠬᠦ ᠬᠤᠲᠠ ᠶᠢᠨ 83 ᠨᠡᠶᠢᠭᠡᠮ ᠲᠣᠭᠤᠷᠢᠭ ︵ᠲᠣᠰᠬᠤᠨ︶ ᠢ ᠬᠠᠮᠤᠷᠪᠠ᠃      
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号