ᠠᠷᠠᠳ ᠤᠨ ᠶᠠᠪᠤᠳᠠᠯ ᠤᠨ ᠰᠢᠭᠤᠷᠬᠠᠢ ᠮᠡᠳᠡᠭᠡ
ᠨᠡᠶᠢᠲᠡᠯᠡᠭᠰᠡᠨ ᠴᠠᠭ᠄
2024/7/10
ᠠᠷᠠᠳ ᠤᠨ ᠶᠠᠪᠤᠳᠠᠯ ᠤᠨ ᠶᠠᠮᠤᠨᠲᠤᠮᠳᠠᠳᠤ ᠤᠯᠤᠰ ᠤᠨ ᠡᠪ ᠬᠠᠮᠳᠤ ᠨᠠᠮ ᠤᠨ ᠲᠥᠪ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠣᠷᠴᠢᠮᠬᠠᠨ ᠳᠤ ︽ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠤᠨ ᠳᠤᠮᠳᠠ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠢᠯᠡᠳᠦᠯ ᠪᠣᠯᠣᠨ ᠨᠠᠮ ᠤᠨ ᠬᠡᠰᠢᠬᠦᠳ ᠤᠨ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠬᠤ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠪᠠ᠃ ᠮᠡᠳᠡᠭᠳᠡᠯ ᠳᠤ᠄ ︽ᠦᠶᠡᠷ ᠢ ᠰᠡᠷᠭᠡᠶᠢᠯᠡᠬᠦ ᠠᠵᠢᠯ ᠤᠨ ᠵᠢᠯᠣᠭᠤᠳᠤᠯᠭ᠎ᠠ᠂ ᠪᠠᠴᠢᠮ ᠢ ᠠᠷᠭᠠᠴᠠᠭᠠᠬᠤ ᠬᠠᠮᠢᠶᠠᠷᠤᠯᠲᠠ᠂ ᠤᠰᠤᠨ ᠠᠰᠢᠭᠯᠠᠯᠲᠠ ᠪᠣᠯᠣᠨ ᠳᠣᠲᠣᠭᠠᠳᠤ ᠶᠢ ᠬᠠᠮᠠᠭᠠᠯᠠᠬᠤ᠂ ᠠᠷᠠᠳ ᠤᠨ ᠶᠠᠪᠤᠳᠠᠯ᠂ ᠵᠠᠮ ᠬᠠᠷᠢᠯᠴᠠᠭ᠎ᠠ ᠲᠡᠭᠡᠭᠡᠪᠦᠷᠢ᠂ ᠡᠷᠡᠭᠦᠯ ᠬᠠᠮᠠᠭᠠᠯᠠᠯ ᠬᠢᠵᠢᠭ ᠰᠡᠷᠭᠡᠶᠢᠯᠡᠬᠦ᠂ ᠡᠨᠧᠷᠭᠢ ᠶᠢᠨ ᠰᠤᠷᠪᠤᠯᠵᠢ ᠴᠠᠬᠢᠯᠭᠠᠨ ᠬᠦᠴᠦᠨ᠂ ᠮᠡᠳᠡᠭᠡ ᠬᠤᠯᠪᠣᠭ᠎ᠠ ᠵᠡᠷᠭᠡ ᠨᠢᠬᠡᠴᠢ ᠶᠢᠨ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠨᠠᠮ ᠤᠨ ᠭᠡᠰᠢᠭᠦᠨ ᠺᠠᠳ᠋ᠷᠴᠤᠳ ︽ᠦᠶᠡᠷ︾ ᠤᠨ ᠴᠢᠮᠡᠭᠡ ᠶᠢ ᠰᠣᠨᠣᠰᠴᠤ᠂ ᠵᠠᠷᠯᠢᠭ ᠢ ᠰᠣᠨᠣᠰᠴᠤ᠂ ᠲᠤᠬᠠᠶᠢᠯᠠᠭᠰᠠᠨ ᠠᠵᠢᠯ ᠳᠤ ᠪᠠᠨ ᠰᠠᠭᠤᠷᠢᠯᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠠᠵᠢᠯ ᠳᠤ ᠴᠢᠷᠮᠠᠶᠢᠨ ᠣᠷᠣᠯᠴᠠᠬᠤ ᠬᠡᠷᠡᠭᠲᠡᠢ︾ ᠭᠡᠵᠤ ᠴᠢᠬᠤᠯᠠᠴᠢᠯᠠᠪᠠ᠃ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ   ᠲᠦᠩᠯᠢᠶᠣᠣ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠤᠷᠴᠢᠮ ᠳᠤ ᠬᠤᠲᠠ ᠬᠤᠰᠢᠭᠤ ᠬᠤᠶᠠᠷ ᠱᠠᠲᠤᠨ ᠤ ︽ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠡᠷᠡᠶᠢᠳᠦᠯ ᠤᠨ ᠬᠠᠮᠢᠶᠠᠷᠤᠯᠲᠠ ᠶᠢᠨ ᠠᠷᠭ᠎ᠠ︾  ᠶᠢ ᠵᠣᠬᠢᠶᠠᠨ ᠪᠠᠶᠢᠭᠤᠯᠤᠨ ᠰᠦᠯᠵᠢᠶᠡᠨ ᠳᠡᠭᠡᠷ᠎ᠡ ᠲᠠᠶᠢᠯᠤᠮᠵᠢ ᠬᠢᠵᠦ᠂ ᠨᠡᠷᠡᠶᠢᠳᠦᠯ ᠢ ᠬᠢᠨᠠᠨ ᠬᠠᠷᠭᠤᠭᠤᠯᠬᠤ ᠶᠢ ᠴᠢᠩᠭᠠᠳᠬᠠᠬᠤ᠂ ᠨᠡᠷᠡᠶᠢᠳᠦᠯ ᠢ ᠬᠡᠷᠡᠭᠯᠡᠬᠦ ᠶᠢ ᠵᠢᠷᠤᠮᠵᠢᠭᠤᠯᠬᠤ᠂ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠵᠡᠷᠭᠡ ᠠᠷᠭ᠎ᠠ  ᠪᠠᠷ ᠪᠥᠬᠦ ᠬᠤᠲᠠ ᠶᠢᠨ 1377 ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠡᠷᠡᠶᠢᠳᠦᠯ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠱᠠᠭᠠᠷᠳᠠᠯᠭ᠎ᠠ ᠳᠤ ᠥᠯᠥ ᠨᠡᠶᠢᠴᠡᠬᠦ 2 ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠡᠷᠡᠶᠢᠳᠦᠯ ᠢ ᠵᠢᠷᠤᠮᠵᠢᠭᠤᠯᠪᠠ᠃ᠨᠡᠶᠢᠭᠡᠮ ᠤᠨ ᠶᠠᠪᠤᠳᠠᠯ    ᠦᠬᠠᠢ ᠬᠤᠲᠠ ᠶᠢᠨ ᠣᠷᠤᠭ ᠲᠠᠩᠰᠠᠯᠠᠬᠤ ᠦᠢᠯᠡᠴᠢᠯᠡᠭᠡᠨ ᠤ ᠲᠥᠪ ᠤᠨ ᠬᠢᠨ ᠤᠷᠴᠢᠮ ᠳᠤ ᠣᠯᠠᠨ ᠲᠦᠮᠡᠨ ᠤ ᠭᠡᠷ ᠬᠥᠷᠥᠩᠭᠡ ᠶᠢᠨ ᠦᠨᠡᠮᠯᠡᠯ ᠠᠪᠬᠤ ᠳᠤ ᠲᠥᠬᠦᠮ ᠦᠵᠡᠭᠦᠯᠬᠦ ᠶᠢᠨ ᠲᠥᠯᠥᠭᠡ ᠣᠷᠤᠭ ᠤᠨ ᠪᠠᠳᠤᠯᠠᠪᠤᠷᠢ ᠲᠥᠪᠯᠡᠷᠡᠭᠦᠯᠦᠨ ᠨᠥᠬᠦᠵᠦ ᠦᠭᠭᠦ ᠠᠵᠢᠯ ᠢ ᠥᠷᠨᠢᠭᠦᠯᠪᠡ᠃ ᠬᠠᠮᠢᠶ᠎ᠠ ᠪᠦᠬᠦᠢ ᠮᠠᠲ᠋ᠧᠷᠢᠶᠠᠯ ᠢ ᠰᠢᠯᠵᠢᠬᠦᠯᠬᠦ᠂ ᠲᠣᠮᠢᠯᠠᠭᠰᠠᠨ ᠰᠠᠯᠪᠤᠷᠢ ᠶᠢᠨ ᠡᠷᠦᠬᠡ ᠠᠮᠠ ᠶᠢᠨ ᠲᠠᠩᠰᠠ ᠡᠪᠬᠡᠮᠡᠯ ᠢ ᠰᠢᠯᠵᠢᠭᠦᠯᠦᠨ ᠠᠪᠬᠤ ᠶᠢ ᠵᠣᠬᠢᠴᠠᠭᠤᠯᠬᠤ᠂ ᠲᠠᠩᠰᠠ ᠡᠪᠬᠡᠮᠡᠯ ᠤᠨ ᠣᠷᠳᠣᠨ ᠲᠠᠢ ᠬᠠᠷᠢᠯᠴᠠᠵᠤ ᠣᠷᠤᠭ ᠤᠨ ᠲᠠᠩᠰᠠ ᠡᠪᠬᠡᠮᠡᠯ ᠢ ᠪᠠᠶᠢᠴᠠᠭᠠᠨ ᠯᠠᠪᠯᠠᠬᠤ ᠵᠡᠷᠭᠡ ᠠᠷᠭ᠎ᠠ  ᠢᠶᠠᠷ ᠣᠯᠠᠨ ᠲᠦᠮᠡᠨ ᠳᠤ ᠲᠠᠩᠰᠠ ᠡᠪᠬᠡᠮᠡᠯ ᠢ ᠪᠠᠶᠢᠴᠠᠭᠠᠬᠤ᠂ ᠪᠠᠭᠤᠯᠭᠠᠬᠤ᠂ ᠭᠡᠷᠡᠴᠢ ᠨᠥᠬᠦᠪᠦᠷᠢᠯᠡᠬᠦ ︽ᠨᠢᠭᠡ ᠦᠷᠳᠡᠬᠡᠴᠢᠯᠡᠭᠰᠡᠨ︾ ᠦᠢᠯᠡᠴᠢᠯᠡᠭᠡ  ᠬᠠᠨᠭ᠍ᠭᠠᠪᠠ᠃ ᠤᠳᠤ 86 ᠬᠤᠣᠰ ᠤᠨ ᠤᠷᠤᠭ ᠤᠨ  ᠪᠠᠳᠤᠯᠠᠪᠤᠷᠢ ᠶᠢ ᠨᠦᠬᠦᠨ ᠦᠭᠴᠤ ᠂ ᠤᠷᠤᠭ ᠰᠠᠯᠤᠬᠰᠠᠨ 15 ᠬᠡᠷᠡᠴᠢ ᠶᠢ ᠨᠦᠬᠦᠨ ᠬᠢᠵᠤ᠃ ᠬᠡᠷᠡᠭᠯᠡᠭᠴᠢᠳ ᠢ 600 ᠭᠠᠷᠤᠢ ᠤᠳᠠᠭ᠎ᠠ ᠬᠦᠯᠢᠶᠡᠨ ᠠᠪᠤᠬᠰᠠᠨ ᠪᠠᠶᠢᠨ᠎ᠠ᠃ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ  ᠰᠢᠯᠢ ᠶᠢᠨ ᠭᠤᠣᠯ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠠᠶᠢᠮᠠᠭ ᠤᠨ ︽ᠠᠨ ᠱᠧᠨ︾ ᠡᠮᠨᠡᠯᠭᠡ ᠶᠢᠨ ᠬᠤᠷᠢᠶ᠎ᠠ᠂ ᠰᠢᠯᠤᠭᠤᠨ ᠬᠥᠬᠡ ᠬᠤᠰᠢᠭᠤ᠂ ᠦᠵᠤᠮᠤᠴᠢᠨ ᠪᠠᠷᠠᠭᠤᠨ ᠬᠤᠰᠢᠭᠤ᠂ ᠦᠵᠦᠮᠦᠴᠢᠨ ᠵᠡᠬᠦᠨ ᠬᠤᠰᠢᠭᠤ ᠵᠡᠷᠭᠡ ᠭᠠᠵᠠᠷ ᠣᠷᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠳᠤ ᠮᠣᠩᠭᠤᠯ ᠡᠮᠴᠢᠯᠡᠭᠡᠨ ᠤ ᠪᠡᠶ᠎ᠡ ᠰᠡᠳᠬᠢᠯ ᠢ ᠬᠠᠷᠢᠯᠴᠠᠨ ᠦᠢᠯᠡᠳᠤᠯᠴᠡᠬᠦᠯᠬᠦ ᠵᠠᠰᠠᠯ ᠤᠨ ᠬᠢᠴᠢᠶᠡᠯ ᠨᠡᠭᠡᠭᠡᠵᠦ᠂ ᠬᠦᠴᠢᠷᠳᠡᠯᠲᠡᠢ ᠨᠠᠰᠤᠲᠠᠶᠢᠴᠤᠳ ᠪᠠ ᠡᠪᠡᠳᠴᠢᠲᠡᠨ ᠳᠤ ᠪᠡᠶ᠎ᠡ ᠰᠡᠳᠬᠢᠯ ᠢ ᠬᠠᠷᠢᠯᠴᠠᠨ ᠦᠢᠯᠡᠳᠤᠯᠴᠡᠬᠦᠯᠬᠦ ᠵᠠᠰᠠᠯ ᠤᠨ ᠦᠢᠯᠡᠴᠢᠯᠡᠭᠡ ᠬᠠᠨᠭ᠍ᠭᠠᠬᠤ ᠳᠤ ᠪᠠᠨ 2024 ᠣᠨ ᠤ ᠳᠡᠭᠡᠷ᠎ᠡ ᠬᠠᠭᠠᠰ ᠵᠢᠯ ᠳᠤ 1200 ᠭᠠᠷᠤᠢ ᠤᠳᠠᠭ᠎ᠠ ᠬᠢᠴᠢᠶᠡᠯ ᠤᠷᠤᠵᠠᠢ᠃ᠬᠡᠦᠬᠡᠳ ᠤᠨ ᠠᠰᠠᠷᠠᠮᠵᠢ    ᠬᠥᠬᠡᠬᠤᠲᠠ ᠶᠢᠨ ᠬᠡᠦᠬᠡᠳ ᠤᠨ ᠠᠰᠠᠷᠠᠮᠵᠢ ᠶᠢᠨ ᠬᠦᠷᠢᠶᠡᠯᠡᠩ ᠤᠨ ᠬᠢᠨ ᠣᠨᠴᠠᠭᠠᠶ ᠬᠡᠦᠬᠡᠳ ᠤᠨ ᠰᠤᠷᠭᠠᠨ ᠬᠥᠮᠦᠵᠢᠯ ᠭᠥᠷᠳᠡᠬᠦ ᠡᠷᠬᠡ ᠶᠢ ᠪᠠᠲᠤᠯᠠᠬᠤ ᠶᠢᠨ ᠲᠥᠯᠥᠭᠡ ᠠᠩᠬᠠᠨ ᠤ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠰᠤᠷᠭᠠᠨ ᠬᠥᠮᠦᠵᠢᠯ ᠤᠨ ᠨᠡᠶᠢᠯᠡᠯ᠂ ᠣᠨᠴᠠᠭᠠᠶ ᠰᠤᠷᠭᠠᠨ ᠬᠥᠮᠦᠵᠢᠯ ᠵᠡᠷᠭᠡ ᠦᠢᠯᠡᠴᠢᠯᠡᠭᠡᠨ ᠤ ᠠᠭᠤᠯᠭ᠎ᠠ ᠭᠠᠷᠭᠠᠵᠤ᠂ ᠪᠦᠷᠢᠨ ᠪᠦᠲᠦᠨ ᠰᠤᠷᠭᠠᠨ ᠬᠥᠮᠦᠵᠢᠯ ᠤᠨ ᠰᠢᠰᠲ᠋ᠧᠮ ᠢ ᠪᠠᠶᠢᠭᠤᠯᠪᠠ᠃ ᠡᠭᠦᠨ ᠤ ᠬᠠᠮᠲᠤ᠂ ᠣᠨᠴᠠᠭᠠᠶ ᠬᠡᠦᠬᠡᠳ ᠲᠤ ᠦᠨᠳᠦᠰᠦᠨ ᠵᠦᠢᠯ ᠢ ᠪᠠᠲᠤᠯᠠᠬᠤ ᠰᠤᠷᠭᠠᠨ ᠬᠥᠮᠦᠵᠢᠯ ᠬᠠᠩᠭᠠᠬᠤ ᠶᠢᠨ ᠲᠥᠯᠥᠭᠡ ᠲᠡᠬᠡᠷ᠎ᠡ ᠱᠠᠳᠤᠨ ᠳᠤ ᠲᠡᠪᠰᠢᠬᠦᠯᠤᠨ ᠬᠢᠨᠠᠭᠤᠯᠬᠤ ᠪᠠᠷ ᠲᠠᠮᠵᠢᠭᠠᠳ ᠬᠦᠬᠡᠬᠤᠳᠠ ᠶᠢᠨ ᠬᠡᠦᠬᠡᠳ ᠤᠨ ᠠᠰᠠᠷᠠᠮᠵᠢ ᠶᠢᠨ ᠬᠦᠷᠢᠶᠡᠯᠡᠩ ᠤᠨ ᠬᠢᠨ 2023 ᠣᠨ ᠤ 3 ᠰᠠᠷ᠎ᠠ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠦᠬᠡᠳ ᠤᠨ ᠴᠡᠴᠡᠷᠯᠢᠭ ︵ᠠᠩᠭᠢ︶ ᠤᠨ ᠰᠤᠷᠭᠠᠭᠤᠯᠢ ᠡᠷᠭᠢᠯᠡᠬᠦ ᠵᠥᠪᠰᠢᠶᠡᠷᠡᠯ ᠤᠨ ᠦᠨᠡᠮᠯᠡᠯ︾ ᠢ ᠣᠯᠵᠤ᠂ 2024 ᠣᠨ ᠤ 1 ᠳ᠋ᠤᠬᠡᠷ ᠰᠠᠷ᠎ᠠ ᠳᠤ ᠫᠠᠶᠢᠰᠠ ᠡᠯᠭᠦᠨ ᠰᠤᠷᠭᠠᠭᠤᠯᠢ ᠪᠠᠨ  ᠡᠷᠬᠢᠯᠡᠬᠡᠳ 9 ᠳ᠋ᠤᠬᠡᠷ ᠰᠠᠷ᠎ᠠ ᠳᠤ ᠬᠥᠬᠡᠬᠤᠲᠠ ᠶᠢᠨ ᠰᠠᠶᠢᠬᠠᠨ ᠲᠣᠭᠤᠷᠢᠭ ᠠᠴᠠ ᠬᠡᠦᠬᠡᠳ ᠤᠨ ᠴᠡᠴᠡᠷᠯᠢᠭ ᠲᠤ ᠣᠷᠣᠬᠤ ᠰᠢᠨ᠎ᠡ ᠰᠣᠷᠣᠭᠴᠢ ᠶᠢ ᠢᠯᠡ ᠪᠠᠷ ᠡᠯᠰᠡᠬᠦ ᠪᠠᠷ ᠪᠠᠶᠢᠨ᠎ᠠ᠃           
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号