ᠦᠪᠤᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠡᠶᠢᠭᠡᠮ ᠤᠨ ᠵᠤᠬᠢᠶᠠᠨ ᠪᠠᠶᠢᠭᠤᠯᠤᠯᠲᠠ ᠶᠢᠨ ᠨᠠᠮ ᠤᠨ ᠬᠤᠷᠢᠶ᠎ᠠ ᠶᠢᠨ ᠬᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠵᠢᠯᠤᠭᠤᠳᠤᠬᠴᠢ ᠶᠢᠨ ᠠᠮᠵᠢᠯᠲᠠ ᠪᠦᠲᠦᠮᠵᠢ ᠶᠢᠨ ᠱᠠᠩᠨᠠᠯ ᠪᠠ ᠤᠷᠢᠯᠭ᠎ᠠ ᠶᠢᠨ ᠪᠢᠴᠢᠭ ᠤᠯᠭᠤᠬᠤ ᠶᠤᠰᠤᠯᠠᠯ ᠶᠠᠪᠤᠬᠳᠠᠭᠤᠯᠪᠠ
ᠨᠡᠶᠢᠲᠡᠯᠡᠭᠰᠡᠨ ᠴᠠᠭ᠄
2024/7/10
    ᠦᠪᠤᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠡᠶᠢᠭᠡᠮ ᠤᠨ ᠵᠤᠬᠢᠶᠠᠨ ᠪᠠᠶᠢᠭᠤᠯᠤᠯᠲᠠ ᠶᠢᠨ ᠨᠠᠮ ᠤᠨ ᠬᠤᠷᠢᠶ᠎ᠠ ᠶᠢᠨ ᠬᠢᠨ 7 ᠳ᠋ᠤᠭᠠᠷ ᠰᠠᠷ᠎ᠠ ᠶᠢᠨ 2 ᠤ ᠡᠳᠦᠷ ᠨᠠᠮ ᠤᠨ ᠪᠠᠶᠢᠭᠤᠯᠤᠯᠲᠠ ᠶᠢᠨ ᠠᠵᠢᠯ ᠤᠨ ᠵᠢᠯᠤᠭᠤᠳᠤᠬᠴᠢ ᠶᠢᠨ ᠠᠮᠵᠢᠯᠲᠠ ᠪᠦᠲᠦᠮᠵᠢ ᠶᠢᠨ ᠱᠠᠩᠨᠠᠯ ᠪᠠ ᠤᠷᠢᠯᠭ᠎ᠠ ᠶᠢᠨ ᠪᠢᠴᠢᠭ   ᠤᠯᠭᠤᠬᠤ ᠶᠤᠰᠤᠯᠠᠯ  ᠶᠠᠪᠤᠬᠳᠠᠭᠤᠯᠵᠤ᠂ ᠠᠮᠵᠢᠯᠲᠠ ᠪᠦᠲᠦᠮᠵᠢ ᠶᠢᠨ ᠱᠠᠩᠨᠠᠯ  ᠤᠯᠭᠤᠭᠰᠠᠨ ᠮᠦᠷᠲᠡᠭᠡᠨ ᠦᠷᠭᠦᠯᠵᠢᠯᠡᠨ ᠤᠷᠢᠨ ᠬᠡᠷᠡᠭᠯᠡᠬᠦ ᠪᠢᠴᠢᠭ ᠭᠠᠷᠳᠠᠭᠤᠯᠤᠯ᠎ᠠ᠃ ᠦᠪᠤᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠡᠶᠢᠭᠡᠮ ᠤᠨ ᠵᠤᠬᠢᠶᠠᠨ ᠪᠠᠶᠢᠭᠤᠯᠤᠯᠲᠠ ᠶᠢᠨ ᠨᠠᠮ ᠤᠨ ᠬᠤᠷᠢᠶ᠎ᠠ ᠶᠢᠨ ᠨᠢᠭᠡ ᠪᠦᠯᠦᠭ ᠭᠡᠰᠢᠭᠦᠨ᠂ ᠨᠡᠶᠢᠭᠡᠮ ᠤᠨ ᠵᠤᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ  ᠵᠢᠯᠤᠭᠤᠳᠤᠭᠴᠢ 20 ᠬᠦᠮᠦᠨ ᠶᠤᠰᠤᠯᠠᠯ ᠳᠤ ᠤᠷᠤᠯᠴᠠᠪᠠ᠃      ᠬᠤᠷᠠᠯ ᠲᠡᠬᠡᠷ᠎ᠡ᠄ ︽ᠨᠠᠮ ᠤᠨ ᠪᠠᠶᠢᠭᠤᠯᠤᠯᠲᠠ ᠶᠢᠨ ᠵᠢᠯᠤᠭᠤᠳᠤᠭᠴᠢ ᠪᠤᠯ ᠨᠡᠶᠢᠭᠡᠮ ᠤᠨ ᠵᠤᠬᠢᠶᠠᠨ ᠪᠠᠶᠢᠭᠤᠯᠤᠯᠲᠠ ᠶᠢᠨ   ᠠᠵᠢᠯ ᠤᠨ ᠭᠤᠤᠯ  ᠬᠦᠴᠦᠨ᠂ ᠮᠦᠨ ᠴᠤ ᠨᠠᠮ  ᠵᠠᠰᠠᠭ  ᠪᠤᠯᠤᠨ ᠨᠡᠶᠢᠭᠡᠮ ᠤᠨ ᠵᠤᠬᠢᠶᠠᠨ ᠪᠠᠶᠢᠭᠤᠯᠤᠯᠲᠠ ᠶᠢᠨ ᠬᠤᠯᠪᠤᠭᠠᠰᠤ ᠮᠦᠨ᠃ ᠦᠨᠡᠨᠴᠢ ᠰᠢᠳᠤᠷᠭᠤ ᠠᠷᠢᠭᠤᠨ ᠴᠢᠬᠡᠴᠢ᠂ ᠬᠠᠷᠢᠭᠤᠴᠠᠯᠭ᠎ᠠ ᠲᠠᠢ ᠨᠠᠮ  ᠤᠨ ᠪᠠᠶᠢᠭᠤᠯᠤᠯᠲᠠ ᠶᠢᠨ ᠵᠢᠯᠤᠭᠤᠳᠤᠭᠴᠢ ᠶᠢᠨ ᠡᠩᠨᠡᠭᠡ ᠨᠢ  ᠭᠤᠤᠯᠯᠠᠬᠤ ᠬᠦᠴᠦᠨ ᠢᠶᠠᠨ  ᠳᠤᠪᠤᠶᠢᠯᠭᠠᠨ᠂ ᠡᠯ᠎ᠡ ᠲᠠᠯ᠎ᠠ ᠶᠢ ᠵᠤᠬᠢᠴᠠᠭᠤᠯᠬᠤ᠂ ᠰᠠᠨᠠᠯ ᠵᠦᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ᠂ ᠦᠢᠯᠡᠴᠢᠯᠡᠭᠡ ᠪᠠ ᠪᠠᠲᠤᠯᠠᠭ᠎ᠠ ᠵᠡᠷᠭᠡ ᠴᠢᠬᠤᠯᠠ ᠦᠢᠯᠡᠳᠦᠯ ᠢᠶᠠᠨ ᠪᠠᠳᠠᠷᠠᠭᠤᠯᠬᠤ ᠪᠤᠯᠤᠨ᠎ᠠ᠃ ᠨᠡᠶᠢᠭᠡᠮ ᠤᠨ ᠵᠤᠬᠢᠶᠠᠨ ᠪᠠᠶᠢᠭᠤᠯᠤᠯᠲᠠ ᠶᠢᠨ  ᠨᠠᠮ ᠤᠨ ᠪᠠᠶᠢᠭᠤᠯᠤᠯᠲᠠ ᠶᠢᠨ ᠠᠵᠢᠯ ᠤᠨ ᠠᠮᠢᠵᠢᠷᠠᠯ ᠤᠨ ᠬᠦᠴᠦᠨ ᠢ ᠬᠦᠭᠵᠢᠭᠡᠬᠦ ᠨᠢᠭᠡᠳᠦᠭᠡᠷ ᠭᠠᠷᠳᠠᠴᠠ ᠪᠤᠯᠬᠤ ᠮᠦᠷᠲᠡᠭᠡᠨ ︿ᠬᠤᠶᠠᠷ ᠢ ᠪᠦᠷᠬᠦᠭᠦᠯᠬᠦ﹀ ᠠᠵᠢᠯ ᠢ ᠭᠦᠨᠵᠡᠭᠡᠢ ᠠᠭᠢᠭᠤᠯᠵᠤ᠂ ᠨᠠᠮ ᠤᠨ ᠪᠠᠶᠢᠭᠤᠯᠤᠯᠲᠠ ᠶᠢᠨ ᠳᠠᠪᠠᠭᠤᠯᠢᠭ  ᠢ ᠬᠦᠭᠵᠢᠬᠦᠯᠤᠯᠳᠡ ᠶᠢᠨ ᠠᠮᠵᠢᠯᠲᠠ ᠶᠢᠨ ᠨᠢᠭᠡᠳᠦᠭᠡᠷ ᠬᠦᠳᠡᠯᠭᠡᠭᠴᠢ ᠬᠦᠴᠦᠨ ᠪᠤᠯᠭᠠᠨ ᠬᠤᠪᠢᠷᠠᠭᠤᠯᠵᠤ ᠪᠠᠶᠢᠬᠤ ᠶᠤᠮ︾ ᠬᠡᠵᠡᠢ᠃      ᠬᠤᠷᠠᠯ ᠲᠡᠬᠡᠷ᠎ᠡ᠄ ︽ᠨᠠᠮ ᠤᠨ ᠪᠠᠶᠢᠭᠤᠯᠤᠯᠲᠠ ᠶᠢᠨ ᠠᠵᠢᠯ ᠤᠨ  ᠵᠢᠯᠤᠭᠤᠳᠤᠭᠴᠢ ᠤᠯᠤᠰ ᠲᠦᠷᠦ ᠶᠢᠨ  ᠳᠠᠭᠠᠭᠤᠯᠬᠤ᠂ ᠵᠤᠬᠢᠶᠠᠨ ᠪᠠᠶᠢᠭᠤᠯᠤᠨ ᠤᠬᠠᠭᠤᠯᠬᠤ᠂ ᠬᠠᠷᠢᠯᠴᠠᠨ ᠦᠢᠯᠡᠴᠢᠯᠡᠬᠦ᠂ ᠵᠤᠬᠢᠴᠠᠭᠤᠯᠤᠨ ᠵᠢᠯᠤᠭᠤᠳᠤᠬᠤ ᠵᠡᠷᠭᠡ ᠲᠠᠯ᠎ᠠ ᠪᠠᠷ ᠢᠳᠡᠪᠬᠢᠲᠡᠢ ᠪᠠᠷ ᠬᠠᠷᠢᠭᠤᠴᠠᠯᠭ᠎ᠠ ᠡᠭᠦᠷᠭᠡᠯᠡᠵᠦ᠂ ᠠᠵᠢᠯ ᠤᠨ ᠪᠠᠶᠢᠷᠢ ᠲᠤᠭᠲᠠᠭᠠᠯᠲᠠ ᠤᠨᠤᠪᠴᠢᠲᠠᠢ  ᠪᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ᠃ ᠨᠠᠮ ᠤᠨ ᠪᠠᠶᠢᠭᠤᠯᠤᠯᠲᠠ ᠪᠠᠷ ᠲᠤᠬᠠᠶᠢᠯᠠᠭᠰᠠᠨ ᠠᠵᠢᠯ  ᠤᠨ  ᠬᠦᠭᠵᠢᠯᠲᠡ ᠶᠢ ᠳᠠᠭᠠᠭᠤᠯᠬᠤ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠬᠢᠭᠡᠳ ᠲᠤᠬᠠᠶᠢᠯᠠᠭᠰᠠᠨ ᠠᠵᠢᠯ ᠤᠨ ᠤᠷᠭᠠᠨᠢᠭ  ᠰᠢᠨ᠎ᠡ ᠦᠢᠯᠡᠳᠦᠯ ᠢ ᠦᠷᠭᠦᠯᠵᠢᠯᠡᠨ ᠠᠭᠢᠭᠤᠯᠵᠤ᠂ ᠨᠡᠶᠢᠭᠡᠮ ᠤᠨ ᠵᠤᠬᠢᠶᠠᠨ ᠪᠠᠶᠢᠭᠤᠯᠤᠯᠲᠠ ᠶᠢᠨ ︿ᠬᠤᠶᠠᠷ ᠢ ᠪᠦᠷᠬᠦᠭᠦᠯᠬᠦ﹀ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠭᠢᠭᠤᠯᠤᠨ᠂ ᠦᠪᠤᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠡᠶᠢᠭᠡᠮ ᠤᠨ ᠵᠤᠬᠢᠶᠠᠨ ᠪᠠᠶᠢᠭᠤᠯᠤᠯᠲᠠ ᠶᠢᠨ  ᠴᠢᠨᠠᠷᠯᠢᠭ ᠬᠦᠭᠵᠢᠯᠲᠡ ᠶᠢᠨ ᠰᠢᠨ᠎ᠡ ᠬᠦᠳᠡᠯᠭᠡᠬᠦ ᠡᠨᠧᠷᠭᠢ ᠶᠢ ᠬᠦᠭᠵᠢᠬᠡᠬᠦ ᠬᠡᠷᠡᠭᠳᠡᠢ︾ ᠭᠡᠵᠤ ᠱᠠᠭᠠᠷᠳᠠᠯ᠎ᠠ᠃ 
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号