ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠦᠬᠦ ᠣᠷᠣᠨ ᠤ ᠠᠭᠤᠷᠬᠠᠢ ᠶᠢᠨ ᠠᠶᠤᠯ ᠦᠬᠡᠢ ᠦᠢᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/10
   ᠪᠥᠬᠦ ᠣᠷᠣᠨ ᠤ ᠠᠭᠤᠷᠬᠠᠢ ᠶᠢᠨ ᠠᠶᠤᠯ ᠦᠬᠡᠢ ᠦᠢᠯᠡᠳᠪᠦᠷᠢᠯᠡᠯ ᠤᠨ ᠠᠵᠢᠯ ᠤᠨ ᠬᠤᠷᠠᠯ 7 ᠳ᠋ᠤᠭᠠᠷ ᠰᠠᠷ᠎ᠠ ᠶᠢᠨ 9 ᠤ ᠡᠳᠦᠷ ᠬᠤᠷᠠᠯᠳᠤᠵᠤ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃   ᠬᠤᠸᠠᠩ ᡁᠢ ᠴᠢᠶᠠᠩ᠄ ︽ᠮᠠᠨ ᠤ ᠣᠷᠣᠨ ᠤ ᠠᠭᠤᠷᠬᠠᠢ ᠶᠢᠨ ᠲᠤᠭ᠎ᠠ ᠬᠡᠮᠵᠢᠶ᠎ᠡ ᠤᠯᠠᠨ᠂ ᠭᠠᠷᠤᠯᠲᠠ ᠶᠢᠨ ᠬᠡᠮᠵᠢᠶ᠎ᠡ ᠶᠡᠭᠡ᠂ ᠭᠠᠮᠰᠢᠭ ᠬᠦᠨᠳᠦ᠂ ᠵᠠᠰᠠᠬᠤ ᠳᠤ ᠬᠦᠴᠢᠷᠲᠡᠢ᠂  ᠠᠶᠤᠯ ᠦᠬᠡᠢ ᠦᠢᠯᠡᠳᠪᠦᠷᠢᠯᠡᠯ ᠤᠨ ᠠᠳᠡᠯ ᠤᠯᠠᠨ ᠭᠠᠷᠴᠤ᠂ ᠠᠮᠤᠷ ᠲᠦᠪᠰᠢᠨ ᠤ ᠪᠠᠶᠢᠳᠠᠯ ᠨᠠᠷᠢᠨ ᠪᠤᠳᠤᠯᠢᠶᠠᠨᠲᠠᠢ ᠪᠥᠭᠡᠳ ᠬᠦᠨᠳᠦ ᠨᠣᠴᠢᠲᠠᠢ ᠪᠠᠶᠢᠨ᠎ᠠ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ  ᠶᠢ ᠭᠦᠨᠵᠡᠭᠡᠢ  ᠲᠤᠭᠤᠰᠢᠯᠠᠭᠤᠯᠵᠤ᠂ ᠴᠠᠭ ᠢᠮᠠᠭᠲᠠ ᠰᠠᠨᠠᠭ᠎ᠠ ᠠᠮᠤᠷ ᠦᠭᠡᠢ ᠬᠠᠷᠢᠭᠤᠴᠠᠯᠭᠠᠲᠤ ᠰᠡᠳᠬᠢᠯᠭᠡ᠂ ᠰᠠᠭᠤᠵᠤ ᠲᠣᠭᠲᠠᠬᠤ ᠦᠭᠡᠢ ᠪᠠᠴᠢᠮ ᠲᠤᠯᠭᠠᠮ ᠰᠡᠳᠬᠢᠯᠭᠡ ᠂ ᠠᠯᠭᠤᠷᠯᠠᠵᠤ ᠪᠣᠯᠣᠰᠢ ᠦᠭᠡᠢ ᠲᠦᠭᠰᠢᠭᠦᠷᠢᠲᠦ ᠰᠡᠳᠬᠢᠯᠭᠡ ᠪᠠᠷ ︽ᠠᠭᠤᠷᠬᠠᠢ ᠶᠢᠨ ᠠᠶᠤᠯ ᠦᠬᠡᠢ ᠦᠢᠯᠡᠳᠪᠦᠷᠢᠯᠡᠯ ᠤᠨ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ᠪᠣᠯᠣᠨ ᠠᠭᠤᠷᠬᠠᠢ ᠶᠢᠨ ᠠᠶᠤᠯ ᠦᠬᠡᠢ ᠦᠢᠯᠡᠳᠪᠦᠷᠢᠯᠡᠯ ᠤᠨ ᠨᠠᠢᠮᠠᠨ ᠵᠤᠷᠪᠤᠰ ᠬᠠᠲᠠᠭᠤ ᠠᠷᠭ᠎ᠠ  ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠥᠴᠥᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠭᠤᠣᠯ ᠬᠦᠭ ᠠᠶᠠᠰ ᠢ ᠦᠷᠭᠦᠯᠵᠢᠯᠡᠨ ᠴᠢᠩᠭ᠎ᠠ ᠪᠠᠶᠢᠯᠭᠠᠵᠤ᠂  ᠠᠭᠤᠷᠬᠠᠢ ᠶᠢᠨ ᠠᠶᠤᠯ ᠦᠭᠡᠢ ᠦᠢᠯᠡᠳᠪᠦᠷᠢᠯᠡᠯ ᠳᠤ ᠵᠥᠪᠰᠢᠶᠡᠷᠡᠨ ᠣᠷᠣᠭᠤᠯᠬᠤ ᠶᠠᠪᠤᠴᠨ ᠶᠢ ᠴᠢᠩᠳᠠᠯᠠᠵᠤ᠂  ᠠᠮᠤᠷ ᠲᠦᠪᠰᠢᠨ ᠤ ᠲᠦᠭᠰᠢᠭᠦᠷᠢ ᠶᠢ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠠᠵᠢᠯ ᠢ ᠴᠢᠩᠭᠠᠳᠬᠠᠨ᠂ ᠠᠭᠤᠷᠬᠠᠢ ᠶᠢᠨ ᠲᠣᠪᠣᠶᠢᠮ᠎ᠠ ᠠᠰᠠᠭᠤᠳᠠᠯ  ᠤᠨ ᠲᠠᠯᠳᠠ ᠭᠡᠮ ᠰᠤᠭᠤᠭ ᠢ ᠴᠢᠩᠭ᠎ᠠ ᠠᠩᠬᠠᠷᠴᠤ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠣᠯᠣᠨ ᠵᠠᠰᠠᠭ ᠤᠨ ᠣᠷᠳᠣᠨ ᠤ ᠬᠢᠨᠠᠨ ᠬᠠᠮᠢᠶᠠᠷᠬᠤ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠤᠨ᠂ ᠠᠭᠤᠷᠬᠠᠢ ᠶᠢᠨ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠢ ᠪᠥᠬᠦ ᠬᠦᠴᠦᠨ ᠢᠶᠠᠷ ᠢᠶᠠᠨ ᠯᠠᠪᠳᠠᠭᠤᠨ ᠡᠵᠡᠮᠳᠡᠬᠦ ᠬᠡᠷᠡᠭᠳᠡᠢ︾ ᠭᠡᠵᠤ ᠱᠠᠭᠠᠷᠳᠠᠪᠠ᠃   ᠬᠤᠷᠠᠯ ᠲᠡᠬᠡᠷ᠎ᠡ ᠪᠠᠰᠠ ᠠᠶᠤᠯᠲᠠᠢ ᠬᠢᠮᠢ ᠶᠢᠨ ᠪᠣᠳᠠᠰ᠂ ᠭᠠᠯ ᠤᠨ ᠠᠶᠤᠯ ᠢ ᠰᠡᠷᠬᠡᠶᠢᠯᠡᠬᠦ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ᠂ ᠤᠢ ᠰᠢᠭᠤᠢ ᠨᠤᠲᠤᠭ ᠪᠡᠯᠴᠢᠭᠡᠷ ᠢ ᠰᠡᠷᠭᠡᠶᠢᠯᠡᠵᠦ ᠭᠠᠯ ᠤᠨᠲᠠᠷᠠᠭᠠᠬᠤ ᠵᠡᠷᠭᠡ ᠠᠮᠤᠷ ᠲᠦᠪᠰᠢᠨ ᠤ ᠬᠦᠷᠢᠶ᠎ᠡ ᠴᠠᠷᠠᠭ᠎ᠠ ᠳᠤ ᠬᠢ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠤᠬᠰᠠᠨ ᠪᠠᠶᠢᠨ᠎ᠠ᠃    
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号