ᠮᠠᠨ ᠤ ᠤᠷᠤᠨ ᠰᠣᠷᠣᠭᠴᠢ ᠶᠢ ᠲᠤᠰᠠᠯᠠᠬᠤ 2024 ᠣᠨ ᠤ ᠨᠥᠬᠦᠪᠦᠷᠢ 27 ᠳ᠋ᠦᠩᠰᠢᠭᠤᠷ ᠭᠠᠷᠤᠢ ᠲᠥᠭᠦᠷᠢᠭ ᠪᠠᠭᠤᠯᠭᠠᠪᠠ
ᠨᠡᠶᠢᠲᠡᠯᠡᠭᠰᠡᠨ ᠴᠠᠭ᠄
2024/7/10
   ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠠᠮᠤᠭ ᠤᠨ ᠰᠢᠨ᠎ᠡ ᠮᠡᠳᠡᠭᠡ᠄ 6 ᠳ᠋ᠤᠭᠠᠷ ᠰᠠᠷ᠎ᠠ ᠳᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠰᠣᠷᠣᠭᠴᠢ ᠶᠢ ᠲᠤᠰᠠᠯᠠᠬᠤ2024 ᠣᠨ ᠤ ᠨᠥᠬᠦᠪᠦᠷᠢ 275373 ᠲᠦᠮᠡᠨ ᠲᠥᠭᠦᠷᠢᠭ ᠪᠠᠭᠤᠯᠭᠠᠵᠤ᠂ ᠥᠪᠡᠷᠲᠡᠭᠡᠨ ᠵᠠᠰᠠᠬᠤ ᠣᠷᠣᠨ ᠤ ᠪᠣᠶ ᠪᠦᠬᠦᠢ ᠠᠶᠢᠮᠠᠭ ᠬᠤᠲᠠ᠂ ᠬᠤᠰᠢᠭᠤ ᠰᠢᠶᠠᠨ ︵ᠲᠣᠭᠤᠷᠢᠭ᠂ ᠬᠤᠲᠠ︶ ᠢ ᠬᠠᠮᠤᠷᠴᠤ᠂ 112.5 ᠲᠦᠮᠡᠨ ᠰᠣᠷᠣᠭᠴᠢ ᠳᠤ ᠠᠰᠢᠭ ᠬᠦᠷᠲᠡᠭᠡᠪᠡ᠃   ᠰᠤᠷᠤᠭᠴᠢᠳ ᠢ ᠲᠤᠰᠠᠯᠠᠬᠤ ᠪᠣᠯ ᠠᠷᠠᠳ ᠤᠨ ᠠᠮᠢᠳᠤᠷᠠᠯ ᠢ ᠪᠠᠲᠤᠯᠠᠬᠤ᠂ ᠠᠷᠠᠳ ᠤᠨ ᠰᠡᠳᠬᠢᠯ ᠢ ᠳᠤᠯᠠᠭᠠᠴᠠᠭᠤᠯᠬᠤ ᠴᠢᠬᠤᠯᠠ ᠢᠨᠵᠧᠨᠧᠷᠢᠩ ᠮᠥᠨ᠂ ᠲᠡᠷᠡ ᠨᠢ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠤᠳᠠ ᠯᠤᠭ᠎ᠠ ᠬᠤᠯᠪᠣᠭᠳᠠᠵᠤ᠂ ᠨᠡᠶᠢᠭᠡᠮ ᠤᠨ ᠲᠥᠪ ᠭᠤᠣᠯᠴᠢ ᠳᠤ ᠬᠤᠯᠪᠣᠭᠳᠠᠵᠤ ᠪᠠᠶᠢᠳᠠᠭ᠃ ᠰᠤᠷᠤᠭᠴᠢᠳ ᠢ ᠲᠤᠰᠠᠯᠠᠬᠤ ᠨᠥᠬᠦᠪᠦᠷᠢ ᠶᠢᠨ ᠪᠡᠯᠡ ᠮᠥᠩᠭᠦ ᠶᠢ ᠭᠤᠣᠯᠳᠠᠭᠤ ᠭᠡᠷ ᠤᠨ ᠠᠮᠢᠳᠤᠷᠠᠯ ᠨᠢ ᠬᠦᠴᠢᠷᠳᠡᠯ ᠲᠠᠢ ᠰᠤᠷᠤᠭᠴᠢᠳ ᠤᠨ ᠰᠤᠷᠤᠯᠭ᠎ᠠ ᠪᠠᠨ ᠤᠷᠤᠭᠰᠢᠲᠠᠢ ᠲᠡᠭᠦᠰᠬᠡᠬᠦ ᠶᠢ ᠪᠠᠲᠤᠯᠠᠬᠤ᠂ ᠣᠨᠴᠠᠭᠠᠶ ᠰᠢᠯᠢᠳᠡᠭ ᠰᠤᠷᠤᠭᠴᠢᠳ ᠢ ᠱᠠᠩᠨᠠᠬᠤ᠂ ᠰᠤᠷᠤᠭᠴᠢᠳ ᠤᠨ ᠴᠢᠷᠮᠠᠶᠢᠨ ᠰᠤᠷᠤᠯᠴᠠᠬᠤ᠂  ᠮᠡᠷᠡᠶᠢᠨ ᠲᠠᠪᠰᠢᠬᠤ ᠶᠢ ᠵᠣᠷᠢᠭᠵᠢᠭᠤᠯᠬᠤ ᠳᠤ ᠬᠡᠷᠡᠭᠯᠡᠨ᠎ᠡ᠃ 2007 ᠣᠨ ᠠᠴᠠ ᠡᠬᠢᠯᠡᠨ ᠰᠤᠷᠤᠭᠴᠢᠳ ᠢ ᠲᠡᠳᠬᠦᠬᠦ ᠲᠦᠷᠦ ᠶᠢᠨ ᠪᠣᠳᠣᠯᠭ᠎ᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠤᠯᠤᠰ ᠤᠨ ᠰᠤᠷᠤᠯᠭ᠎ᠠ ᠶᠢᠨ ᠱᠠᠩᠨᠠᠯ ᠤᠨ ᠮᠥᠩᠭᠦ᠂ ᠰᠤᠷᠤᠯᠭ᠎ᠠ ᠶᠢᠨ ᠲᠡᠳᠬᠦᠮᠵᠢ ᠶᠢᠨ ᠵᠢᠭᠡᠯᠡᠯᠭᠡ᠂ ᠠᠵᠢᠯ ᠢᠶᠠᠷ ᠰᠤᠷᠤᠯᠭ᠎ᠠ ᠶᠢ ᠲᠡᠳᠬᠦᠬᠦ᠂ ᠬᠦᠴᠢᠷᠳᠡᠯ ᠤᠨ ᠨᠥᠬᠦᠪᠦᠷᠢ ᠪᠠ ᠰᠤᠷᠤᠯᠭ᠎ᠠ ᠶᠢᠨ ᠰᠦᠢᠳᠬᠡᠯ ᠢ ᠬᠠᠰᠤᠵᠤ ᠬᠡᠯᠲᠦᠷᠢᠭᠦᠯᠬᠦ ᠵᠡᠷᠭᠡ ᠪᠠᠷ ᠭᠤᠣᠯ ᠪᠣᠯᠭᠠᠭᠰᠠᠨ᠂ ᠡᠯ᠎ᠡ ᠵᠦᠢᠯ ᠤᠨ ᠠᠵᠤ ᠠᠬᠤᠶᠢᠯᠠᠯ ᠪᠠ ᠨᠡᠶᠢᠭᠡᠮ ᠤᠨ ᠰᠤᠷᠤᠯᠭ᠎ᠠ ᠶᠢᠨ ᠱᠠᠩᠨᠠᠯ ᠤᠨ ᠮᠥᠩᠭᠦ ᠪᠠᠷ ᠬᠠᠪᠰᠤᠷᠤᠮᠵᠢ ᠪᠣᠯᠭᠠᠭᠰᠠᠨ᠂ ᠭᠡᠷ ᠤᠨ ᠠᠮᠢᠳᠤᠷᠠᠯ ᠨᠢ ᠬᠦᠴᠢᠷᠳᠡᠯ ᠲᠠᠢ ᠰᠤᠷᠤᠭᠴᠢᠳ ᠢ ᠤᠯᠠᠨ ᠠᠷᠭ᠎ᠠ ᠪᠠᠷ ᠲᠡᠳᠬᠦᠬᠦ ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠠᠯᠬᠤᠮ ᠠᠯᠬᠤᠮ ᠢᠶᠠᠷ ᠪᠦᠷᠢᠯᠳᠦᠭᠦᠯᠵᠦ᠂ ᠭᠡᠷ ᠤᠨ ᠠᠮᠢᠳᠤᠷᠠᠯ ᠨᠢ ᠬᠦᠴᠢᠷᠳᠡᠯ ᠲᠠᠢ ᠰᠤᠷᠤᠭᠴᠢᠳ ᠤᠨ ᠰᠤᠷᠭᠠᠭᠤᠯᠢ ᠳᠤ ᠣᠷᠣᠬᠤ ᠠᠰᠠᠭᠤᠳᠠᠯ ᠢ ᠦᠨᠡᠨ ᠬᠦ ᠰᠢᠢᠳᠪᠦᠷᠢᠯᠡᠭᠰᠡᠨ ᠪᠠᠶᠢᠨ᠎ᠠ᠃   ᠤᠨᠢᠨ ᠳᠡᠭᠡᠷ᠎ᠡ ᠨᠢ ᠵᠣᠭᠤᠰ ᠮᠥᠩᠭᠦ ᠪᠠᠷ ᠲᠤᠰᠠᠯᠠᠬᠤ ᠪᠣᠯ ᠰᠤᠷᠤᠭᠴᠢᠳ ᠢ ᠵᠣᠭᠤᠰ ᠮᠥᠩᠭᠦ ᠪᠠᠷ ᠲᠤᠰᠠᠯᠠᠬᠤ ᠶᠢᠨ ᠦᠨᠳᠦᠰᠦᠨ ᠱᠠᠭᠠᠷᠳᠠᠯᠭ᠎ᠠ ᠪᠣᠯᠣᠨ᠎ᠠ᠃  ᠮᠠᠨ ᠤ ᠤᠷᠤᠨ ᠤᠯᠠᠨ ᠵᠢᠯ ᠤᠨ ᠲᠤᠷᠰᠢ ᠦᠨᠡᠨ ᠠᠴᠠ ᠵᠥᠪ ᠢ ᠡᠷᠢᠬᠦ᠂ ᠴᠢᠳᠠᠯ  ᠢᠶᠠᠷ ᠢᠶᠠᠨ ᠴᠢᠷᠮᠠᠶᠢᠬᠤ᠂ ᠴᠢᠳᠠᠯ ᠤᠨ ᠢᠶᠠᠨ ᠬᠢᠷᠢ ᠪᠠᠷ ᠬᠢᠬᠦ ᠵᠠᠷᠴᠢᠮ ᠢ ᠪᠠᠷᠢᠮᠲᠠᠯᠠᠵᠤ᠂ ᠲᠥᠷᠥ ᠶᠢᠨ ᠪᠣᠳᠣᠯᠭ᠎ᠠ ᠶᠢ ᠲᠥᠯᠥᠪᠯᠡᠬᠦ ᠳᠤ ᠪᠠᠨ ᠠᠵᠤ ᠠᠬᠤᠢ ᠶᠢᠨ ᠬᠥᠭᠵᠢᠯᠲᠡ ᠶᠢᠨ ᠲᠦᠪᠰᠢᠨ᠂ ᠣᠯᠠᠨ ᠲᠦᠮᠡᠨ ᠤ ᠳᠠᠭᠠᠭᠠᠬᠤ ᠴᠢᠳᠠᠪᠤᠷᠢ ᠵᠡᠷᠭᠡ ᠬᠦᠴᠦᠨ ᠵᠦᠢᠯ ᠢ ᠭᠦᠢᠴᠡᠳ ᠪᠣᠳᠣᠯᠬᠢᠯᠠᠨ᠂ ᠰᠣᠷᠣᠭᠴᠢ ᠶᠢ ᠲᠤᠰᠠᠯᠠᠬᠤ ᠲᠥᠷᠥ ᠶᠢᠨ ᠪᠣᠳᠣᠯᠭ᠎ᠠ ᠶᠢ ᠬᠥᠭᠵᠢᠭᠡᠳᠦᠢ ᠭᠠᠵᠠᠷ ᠣᠷᠣᠨ ᠲᠡᠶᠢᠰᠢ ᠬᠡᠯᠪᠡᠶᠢᠯᠭᠡᠵᠦ᠂ ᠪᠡᠷᠬᠡ ᠬᠠᠲᠠᠭᠤᠵᠢᠯᠲᠠᠢ ᠲᠤᠰᠬᠠᠢ ᠮᠡᠷᠭᠡᠵᠢᠯ ᠪᠠ ᠤᠯᠤᠰ ᠤᠨ ᠪᠠᠴᠢᠮ ᠱᠠᠭᠠᠷᠳᠠᠭᠳᠠᠬᠤ ᠲᠤᠰᠬᠠᠢ ᠮᠡᠷᠭᠡᠵᠢᠯ ᠲᠡᠶᠢᠰᠢ ᠬᠡᠯᠪᠡᠶᠢᠯᠭᠡᠵᠡᠢ᠃ ᠵᠣᠭᠤᠰ ᠢᠶᠠᠷ ᠲᠤᠰᠠᠯᠠᠬᠤ ᠪᠠᠷᠢᠮᠵᠢᠶ᠎ᠠ ᠶᠢ ᠲᠣᠭᠲᠠᠭᠠᠬᠤ ᠦᠶ᠎ᠡ ᠳᠤ  ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠠᠳᠠᠯᠢ ᠪᠤᠰᠤ ᠰᠣᠷᠣᠭᠴᠢ ᠶᠢᠨ ᠲᠤᠰᠠᠯᠠᠮᠵᠢ ᠭᠥᠷᠳᠡᠬᠦ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠲᠠᠰ ᠬᠤᠪᠢᠶᠠᠨ ᠵᠣᠭᠤᠰ ᠢᠶᠠᠷ ᠲᠤᠰᠠᠯᠠᠬᠤ ᠲᠦᠷᠤ ᠶᠢᠨ ᠪᠤᠳᠤᠯᠭ᠎ᠠ ᠶᠢ ᠬᠡᠷᠡᠭᠵᠢᠭᠦᠯᠵᠦ᠂  ᠤᠨᠴᠠᠭᠠᠢ ᠬᠦᠴᠢᠷᠳᠡᠯᠲᠡᠢ ᠰᠣᠷᠣᠭᠴᠢ ᠶᠢ ᠵᠣᠭᠤᠰ ᠢᠶᠠᠷ ᠲᠤᠰᠠᠯᠠᠬᠤ ᠡᠷᠴᠢᠮ ᠢ ᠴᠢᠩᠭᠠᠷᠠᠭᠤᠯᠤᠬᠰᠠᠨ ᠪᠠᠶᠢᠨ᠎ᠠ᠃   
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号