ᠬᠥᠬᠡᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ︽ᠰᠠᠶᠢᠨ ᠳᠤᠷ᠎ᠠ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/18
    ᠬᠥᠬᠡᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ 6 ᠳ᠋ᠤᠭᠠᠷ ᠰᠠᠷ᠎ᠠ ᠶᠢᠨ 19  ᠤ ᠦᠳᠡ ᠶᠢᠨ ᠡᠮᠦᠨ᠎ᠡ 17 ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠵᠣᠬᠢᠶᠠᠨ ᠪᠠᠶᠢᠭᠤᠯᠵᠤ᠂ ᠦᠴᠦᠸᠠᠨ ᠰᠢᠶᠠᠨ ᠤ ᠬᠤᠭᠤᠯᠠᠢ ᠠᠭᠤᠯᠠ ᠰᠢᠶᠠᠩ ︵耗赖山乡︶ ᠤᠨ ᠨᠠᠨ ᠹᠠᠩ ᠽᠢ ᠲᠣᠰᠬᠤᠨ ᠳᠤ ︽ᠰᠠᠶᠢᠨ ᠳᠤᠷ᠎ᠠ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ︾ ᠠᠵᠢᠯᠯᠠᠭ᠎ᠠ ᠥᠷᠨᠢᠭᠦᠯᠵᠡᠢ᠃ ᠬᠦᠬᠡᠬᠤᠳᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠳᠡᠳ᠋ ᠳᠠᠷᠤᠭ᠎ᠠ ᠬᠤᠸᠠᠩ ᠬᠠᠢ ᠯᠦᠩ᠂ ᠦᠴᠦᠸᠠᠨ ᠰᠢᠶᠠᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠳᠡᠳ᠋ ᠳᠠᠷᠤᠭ᠎ᠠ ᠯᠢ ᠾᠧ ᠯᠢ ᠨᠠᠷ ᠠᠵᠢᠯᠯᠠᠭ᠎ᠠ ᠳᠤ ᠣᠷᠣᠯᠴᠠᠪᠠ᠃
W020240717581227070945_ORIGIN.png
  ᠲᠣᠰ ᠠᠵᠢᠯᠯᠠᠭ᠎ᠠ ᠶᠢᠨ ᠭᠤᠣᠯ ᠠᠭᠤᠯᠭ᠎ᠠ ᠪᠣᠯ ᠲᠣᠰᠬᠤᠨ ᠢ ᠬᠠᠪᠰᠤᠷᠤᠨ ᠰᠡᠯᠪᠢᠨ ᠵᠠᠰᠠᠬᠤ ᠪᠡᠯᠡ ᠮᠥᠩᠭᠦ ᠴᠤᠭᠯᠠᠭᠤᠯᠵᠤ᠂ ᠠᠯᠪᠠᠨ ᠵᠢᠷᠤᠮ ᠤᠨ ᠡᠮᠴᠢᠯᠡᠭᠡᠨ ᠤ ᠦᠢᠯᠡᠴᠢᠯᠡᠭᠡ ᠥᠷᠨᠢᠭᠦᠯᠦᠨ᠂ ᠠᠷᠠᠳ ᠣᠯᠠᠨ ᠤ ᠣᠷᠣᠰᠢᠨ ᠠᠮᠢᠳᠤᠷᠠᠬᠤ ᠣᠷᠴᠢᠨ ᠨᠥᠬᠦᠴᠡᠯ ᠢ ᠰᠠᠶᠢᠵᠢᠷᠠᠭᠤᠯᠵᠤ᠂ ᠲᠣᠰᠬᠤᠨ ᠤ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ 50 ᠭᠠᠷᠤᠢ ᠰᠠᠶᠢᠨ ᠲᠤᠷᠠᠴᠤᠤᠯ᠂ 7 ᠡᠮᠴᠢᠯᠡᠭᠡᠨ ᠤ ᠪᠠᠶᠢᠭᠤᠯᠤᠮᠵᠢ ᠶᠢᠨ 23 ᠡᠮᠨᠡᠯᠭᠡ ᠶᠢᠨ ᠠᠵᠢᠯᠲᠠᠨ ᠲᠤᠬᠠᠢ ᠶᠢᠨ ᠲᠠᠯᠠᠪᠤᠷ ᠲᠤ 130 ᠭᠠᠷᠤᠢ ᠣᠯᠠᠨ ᠲᠦᠮᠡᠨ ᠳᠤ 300 ᠭᠠᠷᠤᠢ ᠬᠥᠮᠥᠨ ᠤᠳᠠᠭ᠎ᠠ ᠡᠮᠴᠢᠯᠡᠭᠡ ᠬᠢᠵᠦ ᠥᠭᠭᠦᠭᠰᠡᠨ ᠪᠥᠭᠡᠳ ᠬᠡᠰᠡᠭ ᠬᠦᠴᠢᠷᠳᠡᠯᠲᠡᠢ ᠭᠡᠷ ᠪᠦᠯᠢ ᠶᠢ ᠲᠣᠬᠤᠨᠢᠭᠤᠯᠵᠠᠢ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ 7 ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠢᠨ 2.1 ᠲᠦᠮᠡᠨ ᠲᠥᠭᠦᠷᠢᠭ ᠤᠨ ᠪᠡᠯᠡ ᠮᠥᠩᠭᠦ ᠬᠠᠨᠳᠢᠪᠯᠡᠵᠤ᠂ ᠨᠠᠨ ᠹᠠᠩ ᠽᠢ ᠲᠣᠰᠬᠤᠨ ᠤ ᠬᠠᠭᠠᠷᠠᠭᠰᠠᠨ ᠤᠰᠤᠨ ᠬᠤᠭᠤᠯᠠᠢ ᠶᠢ ᠰᠣᠯᠢᠬᠤ ᠳᠤ ᠵᠠᠷᠤᠴᠠᠭᠤᠯᠵᠤ᠂ ᠲᠣᠰᠬᠤᠨ ᠤ ᠠᠷᠠᠳ ᠤᠨ ᠤᠰᠤ ᠢᠳᠡᠬᠦ ᠳᠤ ᠬᠦᠴᠢᠷ ᠪᠠᠶᠢᠬᠤ ᠠᠰᠠᠭᠤᠳᠠᠯ ᠢ ᠰᠢᠢᠳᠪᠤᠷᠢᠯᠡᠬᠦ ᠪᠤᠯᠤᠨ᠎ᠠ᠃ ᠬᠦᠬᠡᠬᠤᠳᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠶᠡᠷᠦᠩᠬᠡᠶᠢᠯᠡᠭᠰᠡᠨ ᠪᠠᠳᠤᠯᠠᠭ᠎ᠠ ᠶᠢᠨ ᠲᠥᠪ ᠤᠨ ᠬᠢᠨ ᠪᠤᠯᠤᠨ 5 ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠢᠨ ᠲᠤᠰ ᠲᠣᠰᠬᠤᠨ ᠤ ᠬᠦᠴᠢᠷᠳᠡᠯᠲᠡᠢ ᠤᠯᠠᠨ ᠲᠦᠮᠡᠨ ᠳᠤ 2.6 ᠲᠦᠮᠡ ᠭᠠᠷᠤᠢ ᠲᠥᠭᠦᠷᠢᠭ ᠤᠨ  ᠭᠤᠯᠢᠷ ᠤᠨ ᠲᠣᠰᠣ᠂ ᠦᠨᠢᠶᠡᠨ ᠰᠦ᠂ ᠢᠳᠡᠬᠦ ᠤᠰᠤ᠂ ᠡᠮ ᠤᠨ ᠵᠦᠢᠯ ᠵᠡᠷᠭᠡ ᠡᠳ᠋ ᠪᠣᠳᠠᠰ ᠬᠠᠨᠳᠢᠪᠯᠠᠪᠠ᠃ ᠬᠥᠬᠡᠬᠤᠲᠠ ᠶᠢᠨ ᠬᠢᠩᠭᠠᠨ ᠠᠶᠢᠮᠠᠭ ᠤᠨ ᠬᠤᠳᠠᠯᠳᠤᠭᠠᠴᠢᠳ ᠤᠨ ᠨᠡᠶᠢᠬᠡᠮᠯᠢᠭ ᠤᠨ ᠳᠠᠷᠤᠭ᠎ᠠ ᠸᠧᠨ ᠴᠠᠩ ᠬᠤᠩ ᠬᠤᠳᠠᠯᠳᠤᠭᠠᠴᠢᠳ ᠤᠨ ᠨᠡᠶᠢᠬᠡᠮᠯᠢᠭ ᠬᠢᠨ ᠢᠶᠠᠨ ᠲᠥᠯᠥᠭᠡᠯᠡᠨ ᠲᠦᠮᠡᠨ ᠲᠥᠭᠦᠷᠢᠭ ᠤᠨ ᠪᠡᠯᠡ ᠮᠥᠩᠭᠦ ᠬᠠᠨᠳᠢᠪᠯᠡᠵᠤ᠂ ᠬᠥᠬᠡᠬᠤᠲᠠ ᠶᠢᠨ ᠬᠥᠳᠡᠭᠡ ᠲᠣᠰᠬᠤᠨ ᠤ ᠬᠥᠭᠵᠢᠯᠲᠡ ᠶᠢ ᠠᠬᠢᠭᠤᠯᠬᠤ ᠨᠡᠶᠢᠬᠡᠮᠯᠢᠭ ᠤᠨ ᠬᠢᠨ ᠲᠦᠮᠡ ᠭᠠᠷᠤᠢ ᠲᠥᠭᠦᠷᠢᠭ ᠤᠨ ᠪᠠᠶᠢᠩᠭᠤ ᠬᠡᠷᠡᠭᠯᠡᠬᠦ ᠡᠮ ᠤᠨ ᠵᠦᠢᠯ ᠢ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ ᠬᠠᠨᠳᠢᠪᠯᠡᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢᠨ ᠦᠶᠯᠡ ᠠᠵᠢᠯᠯᠠᠭ᠎ᠠ ᠨᠢ ᠣᠯᠠᠨ ᠲᠦᠮᠡᠨ ᠤ ᠮᠠᠭᠲᠠᠭᠠᠯ ᠰᠠᠶᠢᠰᠢᠶᠠᠯ ᠢ ᠣᠯᠣᠭᠰᠠᠨ ᠪᠠᠶᠢᠨ᠎ᠠ᠃    ᠲᠤᠰ ᠠᠵᠢᠯᠯᠠᠭ᠎ᠠ ᠪᠣᠯ ᠠᠷᠠᠳ ᠤᠨ ᠶᠠᠪᠤᠳᠠᠯ ᠤᠨ ᠶᠠᠮᠤᠨ ᠤ ︽ᠵᠠᠰᠠᠭ ᠤᠨ ᠣᠷᠳᠣᠨ ᠠᠴᠠ  ᠲᠤᠰᠠᠯᠠᠮᠵᠢ ᠪᠠ ᠨᠢᠭᠦᠯᠡᠰᠦᠩᠭᠦᠢ ᠶᠢᠨ ᠦᠢᠯᠡᠰ ᠤᠨ ᠲᠡᠳᠬᠦᠮᠵᠢ︾ ᠶᠢ ᠪᠦᠲᠦᠮᠵᠢᠲᠡᠶ ᠵᠣᠯᠭᠠᠭᠤᠯᠬᠤ ᠰᠢᠨ᠎ᠡ ᠠᠷᠭ᠎ᠠ  ᠶᠢ ᠭᠦᠨᠵᠡᠭᠡᠢ  ᠲᠤᠭᠤᠰᠢᠯᠠᠭᠤᠯᠤᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠲᠠᠶᠢᠴᠢᠯᠠᠨ ᠳᠠᠭᠠᠭᠤᠯᠬᠤ᠂ ᠨᠡᠶᠢᠭᠡᠮ ᠤᠨ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠬᠤ᠂ ᠰᠠᠶᠢᠨ ᠳᠤᠷ᠎ᠠ ᠶᠢᠨ ᠵᠣᠷᠢᠭ ᠰᠠᠨᠠᠭ᠎ᠠ ᠶᠢ ᠪᠠᠳᠠᠷᠠᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠪᠠᠷ ᠳᠠᠮᠵᠢᠭᠤᠯᠵᠤ᠂ ︽ᠠᠷᠠᠳ ᠤᠨ ᠶᠠᠪᠤᠳᠠᠯ ᠠᠷᠠᠳ ᠤᠨ ᠲᠥᠯᠥᠭᠡ  ᠠᠷᠠᠳ ᠤᠨ ᠶᠠᠪᠤᠳᠠᠯ ᠢ ᠠᠷᠠᠳ ᠢᠶᠠᠨ ᠬᠠᠶᠢᠷᠠᠯᠠᠬᠤ︾ ᠤᠯᠠᠮᠵᠢᠯᠠᠯ ᠢ ᠪᠠᠳᠠᠷᠠᠭᠤᠯᠬᠤ᠂ ᠬᠦᠴᠢᠷᠳᠡᠯᠲᠡᠢ  ᠬᠦᠮᠦᠰ ᠢ ᠤᠯᠠᠨ  ᠠᠷᠭ᠎ᠠ ᠪᠠᠷ  ᠲᠡᠳᠬᠦᠬᠦ ᠠᠷᠭ᠎ᠠ ᠵᠠᠮ ᠢ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠠᠪᠤᠴᠠ ᠳᠤ ᠬᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠢᠨ ᠤ ᠡᠬᠦᠷᠬᠡᠯᠡᠯ ᠢ ᠭᠦᠢᠴᠡᠳ ᠢᠯᠡᠷᠡᠭᠦᠯᠪᠡ᠃    
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号