ᠬᠥᠯᠥᠨ ᠪᠤᠶᠢᠷ ᠬᠤᠲᠠ ᠶᠢᠨ ᠬᠢᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ︽ᠨᠠᠷᠠᠲᠤ ᠲᠡᠮᠳᠡᠭᠲᠦ ᠶᠢᠨ ᠪᠠᠶᠢᠭᠤᠯᠤᠯᠲᠠ ᠶᠢᠨ  ᠵᠢᠯᠤᠭᠤᠳᠬᠤ ᠺᠣᠮᠢᠰ︾ ᠤᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/18
   ᠬᠥᠯᠥᠨ ᠪᠤᠶᠢᠷ ᠬᠤᠲᠠ ᠶᠢᠨ ᠬᠢᠨ ᠤᠷᠴᠢᠮ ᠳᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ︽ᠨᠠᠷᠠᠲᠤ ᠲᠡᠮᠳᠡᠭᠲᠦ ᠶᠢᠨ ᠪᠠᠶᠢᠭᠤᠯᠤᠯᠲᠠ ᠶᠢᠨ ᠵᠢᠯᠤᠭᠤᠳᠬᠤ ᠺᠣᠮᠢᠰ︾ ᠤᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠬᠦᠯᠤᠨ ᠪᠤᠶᠢᠷ ᠬᠤᠲᠠ ᠶᠢᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠡᠶᠢᠲᠡ ᠶᠢᠨ ᠠᠰᠠᠷᠠᠮᠵᠢ ᠶᠢᠨ ᠵᠢᠱᠢᠶ᠎ᠡ ᠦᠵᠡᠭᠦᠯᠬᠦ ᠬᠦᠷᠢᠶᠡᠯᠡᠩ ᠳᠤ ᠬᠤᠷᠠᠯᠳᠤᠪᠠ᠂ ᠡᠨᠡ ᠪᠣᠯ ᠬᠦᠯᠤᠨ ᠪᠤᠶᠢᠷ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠷᠠᠲᠤ ᠲᠡᠮᠳᠡᠭᠲᠦ ᠶᠢᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂  ᠴᠢᠨᠠᠷᠯᠢᠭ ᠬᠥᠭᠵᠢᠯᠲᠡ ᠶᠢ ᠠᠬᠢᠭᠤᠯᠬᠤ ᠰᠢᠨ᠎ᠡ ᠶᠢ ᠡᠭᠦᠳᠬᠦ ᠠᠷᠭ᠎ᠠ ᠪᠤᠯᠬᠤ ᠶᠤᠮ᠂ ᠡᠯ᠎ᠡ ᠠᠵᠢᠯ ᠲᠦᠷᠦᠯ ᠤᠨ ᠬᠦᠷᠢᠶ᠎ᠡ ᠴᠠᠷᠠᠭᠠᠨ ᠤ 17 ᠲᠤᠰᠬᠠᠢ ᠮᠡᠷᠭᠡᠵᠢᠯᠲᠡᠨ ᠭᠡᠰᠢᠭᠦᠨ ᠬᠤᠷᠠᠯ ᠳᠤ ᠣᠷᠣᠯᠴᠠᠪᠠ᠃   ᠪᠠᠶᠢᠷᠢᠯᠠᠭᠤᠯᠤᠯᠲᠠ ᠶᠢᠨ ᠬᠤᠷᠠᠯ ᠳᠡᠭᠡᠷ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠺᠣᠮᠢᠰ ᠪᠠᠶᠢᠭᠤᠯᠤᠭᠳᠠᠭᠰᠠᠨ ᠠᠴᠠ ᠨᠠᠭᠠᠰᠢᠬᠢ ᠠᠵᠢᠯ ᠤᠨ ᠪᠠᠶᠢᠳᠠᠯ ᠢ ᠡᠷᠭᠢᠴᠡᠭᠦᠯᠵᠦ᠂ ︽ᠨᠠᠷᠠᠲᠤ  ᠲᠡᠮᠳᠡᠭᠲᠦ ᠶᠢᠨ ᠪᠠᠶᠢᠭᠤᠯᠤᠯᠲᠠ ᠶᠢᠨ  ᠵᠢᠯᠤᠭᠤᠳᠬᠤ ᠺᠣᠮᠢᠰ︾ ᠤᠨ ᠠᠵᠢᠯ ᠤᠨ ᠡᠭᠦᠷᠭᠡ ᠴᠢᠳᠠᠪᠤᠷᠢ ᠶᠢ ᠤᠯᠠᠮ  ᠲᠣᠳᠣᠷᠬᠠᠶᠢᠯᠠᠪᠠ᠃ ᠨᠢᠭᠡ ᠳᠤ᠂ ᠳᠡᠩᠰᠡᠯᠡᠨ ᠬᠠᠮᠢᠶᠠᠷᠬᠤ ᠲᠤᠬᠠᠶᠢᠯᠠᠭᠰᠠᠨ ᠠᠵᠢᠯ ᠤᠨ ᠬᠦᠷᠢᠶ᠎ᠡ ᠴᠠᠷᠠᠭᠠᠨ ᠳᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠢ ᠬᠠᠪᠰᠤᠷᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠣᠨ ᠤ ᠪᠠᠶᠢᠴᠠᠭᠠᠯᠲᠠ᠂ ᠳᠡᠰ ᠢ ᠦᠨᠡᠯᠡᠬᠦ᠂ ᠲᠤᠰᠬᠠᠢ ᠴᠡᠭᠴᠡᠯᠡᠯᠳᠡ ᠪᠠ ᠠᠵᠢᠯᠴᠢᠨ ᠤ ᠡᠪᠯᠡᠯ ᠤᠨ ᠪᠠᠶᠢᠭᠤᠯᠤᠯᠲᠠ ᠵᠡᠷᠭᠡ ᠠᠵᠢᠯ ᠢ ᠦᠷᠭᠦᠯᠵᠢᠯᠡᠨ ᠥᠷᠨᠢᠭᠦᠯᠵᠦ᠂ ᠳᠡᠩᠰᠡᠯᠡᠨ ᠬᠠᠮᠢᠶᠠᠷᠬᠤ ᠰᠠᠯᠠᠭ᠎ᠠ ᠮᠥᠴᠢᠷ ᠢ ᠬᠠᠮᠵᠢᠨ ᠬᠥᠮᠥᠨ ᠬᠦᠷᠦᠯᠴᠡᠬᠦ ᠦᠭᠡᠢ ᠵᠡᠷᠭᠡ ᠠᠰᠠᠭᠤᠳᠠᠯ ᠢ ᠰᠢᠢᠳᠪᠦᠷᠢᠯᠡᠨ᠎ᠡ᠃ ᠬᠤᠶᠠᠷ ᠲᠤ᠂ ᠳᠣᠲᠣᠭᠠᠳᠤ ᠶᠢᠨ ᠵᠠᠰᠠᠯᠲᠠ ᠶᠢᠨ ᠪᠠᠶᠢᠭᠤᠯᠤᠯᠲᠠ ᠶᠢᠨ  ᠬᠦᠷᠢᠶ᠎ᠡ ᠴᠠᠷᠠᠭᠠᠨ ᠳᠤ ᠬᠠᠤᠯᠢ ᠶᠢᠨ ᠬᠥᠮᠥᠨ ᠤ ᠡᠭᠦᠷᠭᠡ ᠲᠤᠰᠢᠶᠠᠯ ᠢᠶᠠᠨ ᠭᠦᠢᠴᠡᠳᠬᠡᠬᠦ᠂ ᠢᠲᠡᠭᠡᠮᠵᠢ ᠶᠢᠨ ᠪᠠᠶᠢᠭᠤᠯᠤᠯᠲᠠ᠂ ᠠᠶᠤᠯ ᠲᠦᠭᠰᠢᠭᠦᠷᠢ ᠶᠢ ᠰᠡᠷᠭᠡᠶᠢᠯᠡᠬᠦ᠂ ᠴᠢᠳᠠᠪᠤᠷᠢᠲᠠᠨ ᠢ ᠬᠥᠮᠥᠵᠢᠭᠦᠯᠬᠦ ᠵᠡᠷᠭᠡ ᠠᠭᠤᠯᠭ᠎ᠠ ᠶᠢᠨ ᠲᠣᠭᠤᠷᠢᠨ ᠳᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠡᠳ᠋ ᠤᠨ ᠶᠠᠪᠤᠳᠠᠯ ᠤᠨ ᠠᠶᠤᠯ ᠲᠦᠭᠰᠢᠭᠦᠷᠢ ᠶᠢ ᠦᠨᠡᠯᠡᠬᠦ᠂ ᠬᠠᠷᠢᠭᠤᠴᠠᠯᠭᠠᠲᠠᠨ ᠤ ᠴᠢᠳᠠᠪᠤᠷᠢ ᠶᠢᠨ ᠪᠠᠶᠢᠭᠤᠯᠤᠯᠲᠠ ᠵᠡᠷᠭᠡ ᠶᠢ ᠵᠣᠬᠢᠶᠠᠨ ᠪᠠᠶᠢᠭᠤᠯᠤᠨ ᠥᠷᠨᠢᠭᠦᠯᠵᠦ  ᠳᠣᠲᠣᠭᠠᠳᠤ ᠶᠢᠨ ᠵᠠᠰᠠᠯᠲᠠ ᠶᠢᠨ ᠲᠣᠭᠲᠠᠴᠠ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠎ᠡ᠃ ᠭᠤᠷᠪᠠ ᠳᠤ᠂ ᠠᠵᠢᠯ ᠲᠦᠷᠦᠯ ᠤᠨ ᠬᠦᠭᠵᠢᠬᠦᠯᠤᠯᠳᠡ ᠶᠢᠨ ᠬᠦᠷᠢᠶ᠎ᠡ ᠴᠠᠷᠠᠭᠠᠨ ᠳᠤ ᠠᠶᠢᠯᠴᠢᠯᠠᠬᠤ ᠪᠠᠷ ᠢᠷᠡᠭᠰᠡᠨ ᠨᠢᠭᠡᠴᠢ ᠶᠢᠨ ᠪᠠᠶᠢᠳᠠᠯ ᠢ ᠦᠨᠳᠦᠰᠦᠯᠡᠨ᠂ ᠠᠵᠢᠯ ᠲᠦᠷᠦᠯ ᠤᠨ ᠣᠨᠴᠠᠯᠢᠭ᠂ ᠭᠡᠰᠢᠭᠦᠨ ᠤ ᠪᠦᠷᠢᠯᠳᠦᠭᠦᠨ᠂ ᠪᠠᠶᠢᠭᠤᠯᠤᠮᠵᠢ ᠶᠢᠨ ᠰᠢᠨᠵᠢ ᠴᠢᠨᠠᠷ ᠪᠠ ᠳᠤᠮᠳᠠ ᠤᠷᠳᠤ ᠬᠤᠭᠤᠴᠠᠭᠠᠨ ᠤ ᠬᠦᠭᠵᠢᠬᠦᠯᠤᠯᠳᠡ ᠶᠢᠨ ᠲᠥᠯᠦᠪᠵᠢᠭᠦᠯᠭᠡ ᠶᠢ ᠵᠠᠳᠠᠯᠵᠤ᠂ ᠬᠥᠭᠵᠢᠯᠲᠡ ᠶᠢᠨ ᠡᠬᠢ ᠪᠠᠶᠠᠯᠢᠭ ᠢ ᠬᠠᠪᠰᠤᠷᠤᠨ ᠬᠤᠯᠪᠣᠵᠤ᠂ ᠡᠯ᠎ᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠤᠭᠤᠷᠣᠨᠳᠣᠬᠢ ᠰᠣᠯᠢᠯᠴᠠᠭᠠᠨ ᠤ ᠲᠠᠪᠴᠠᠩ ᠢ ᠪᠠᠶᠢᠭᠤᠯᠵᠤ᠂ ᠡᠬᠢ ᠪᠠᠶᠠᠯᠢᠭ ᠢ  ᠬᠠᠮᠳᠤ ᠪᠠᠷ ᠡᠳ᠋ᠯᠡᠬᠦ᠂ ᠬᠤᠯᠪᠤᠭᠠᠯᠠᠨ ᠬᠥᠭᠵᠢᠬᠦ ᠶᠢ ᠠᠬᠢᠭᠤᠯᠤᠨ᠎ᠠ᠃ ᠡᠭᠦᠨ ᠤ ᠰᠠᠭᠤᠷᠢᠨ ᠳᠡᠭᠡᠷ᠎ᠡ ᠵᠢᠯᠤᠭᠤᠳᠬᠤ ᠭᠡᠰᠢᠭᠦᠨ ᠤ ᠠᠵᠢᠯ ᠲᠦᠷᠦᠯ ᠤᠨ ᠳᠠᠪᠠᠭᠤᠯᠢᠭ ᠪᠠ ᠲᠤᠰᠬᠠᠢ ᠮᠡᠷᠭᠡᠵᠢᠯ ᠤᠨ ᠣᠨᠴᠠᠯᠢᠭ ᠢ ᠦᠨᠳᠦᠰᠦᠯᠡᠨ ᠲᠤᠰ ᠵᠢᠯ ᠤᠨ ᠲᠤᠬᠠᠢ ᠶᠢᠨ ᠲᠠᠯᠠᠪᠤᠷ ᠲᠤ ᠪᠠᠶᠢᠴᠠᠭᠠᠨ ᠰᠤᠳᠤᠯᠤᠯᠲᠠ ᠬᠢᠬᠦ᠂ ᠶᠠᠷᠢᠯᠴᠠᠨ ᠵᠢᠯᠤᠭᠤᠳᠬᠤ ᠵᠡᠷᠭᠡ ᠦᠢᠯᠡᠴᠢᠯᠡᠭᠡᠨ ᠤ ᠲᠥᠯᠥᠪᠯᠡᠭᠡ ᠶᠢ ᠲᠣᠭᠲᠠᠭᠠᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠦᠭᠵᠢᠬᠦᠯᠤᠯᠳᠡ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠨᠡᠷᠡᠳᠤ ᠲᠡᠮᠳᠡᠭ ᠢ ᠡᠭᠦᠳᠬᠦ ᠳᠤ ᠥᠩ ᠰᠢᠮᠡᠯᠢᠭ ᠬᠥᠷᠥᠰᠥ ᠬᠠᠩᠭᠠᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢᠨ ᠲᠡᠰ ᠳᠡᠪᠰᠢᠬᠦ ᠳᠤ ᠬᠦᠴᠦᠨ ᠨᠡᠮᠡᠷᠢᠯᠡᠬᠦ ᠪᠤᠯᠤᠨ᠎ᠠ᠃      
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号