ᠬᠥᠯᠥᠨ ᠪᠤᠶᠢᠷ ᠬᠤᠲᠠ ᠶᠢᠨ ᠬᠢᠨ ᠨᠡᠶᠢᠭᠡᠮ ᠤᠨ ᠲᠤᠰᠠᠯᠠᠮᠵᠢ ᠶᠢᠨ︽ᠬᠤᠣᠰ ᠠᠮᠠᠯᠠᠯᠲᠠ︾ ᠶᠢᠨ ᠲᠣᠭᠲᠠᠴᠠ ᠶᠢ ᠮᠠᠨ ᠤ ᠤᠷᠤᠨ ᠳᠤ ᠬᠠᠮᠤᠭ ᠤᠨ ᠲᠡᠷᠢᠭᠦᠨ ᠳᠤ ᠪᠠᠶᠢᠭᠤᠯᠪᠠ
ᠨᠡᠶᠢᠲᠡᠯᠡᠭᠰᠡᠨ ᠴᠠᠭ᠄
2024/7/18
    ᠨᠡᠶᠢᠭᠡᠮ ᠤᠨ ᠲᠤᠰᠠᠯᠠᠮᠵᠢ ᠶᠢᠨ ᠬᠦᠷᠢᠶ᠎ᠡ ᠴᠠᠷᠠᠭᠠᠨ ᠳᠤ ᠬᠢ ᠢᠲᠡᠭᠡᠮᠵᠢ ᠶᠢᠨ ᠪᠠᠶᠢᠭᠤᠯᠤᠯᠲᠠ  ᠶᠢ ᠤᠯᠠᠮ  ᠴᠢᠩᠭᠠᠳᠬᠠᠬᠤ ᠶᠢᠨ ᠲᠥᠯᠥᠭᠡ ᠬᠥᠯᠥᠨ ᠪᠤᠶᠢᠷ ᠤᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ︽ᠨᠡᠶᠢᠭᠡᠮ ᠤᠨ  ᠲᠤᠰᠠᠯᠠᠮᠵᠢ ᠶᠢᠨ ᠬᠢᠨᠠᠨ ᠬᠠᠷᠭᠤᠭᠤᠯᠵᠤ ᠨᠤᠲᠠᠯᠠᠬᠤ ᠡᠷᠬᠡ ᠮᠡᠳᠡᠯ ᠢ ᠳᠣᠷᠣᠭᠰᠢ ᠪᠠᠭᠤᠯᠭᠠᠵᠤ ᠬᠢᠨᠠᠨ ᠬᠠᠮᠢᠶᠠᠷᠬᠤ ᠠᠵᠢᠯ ᠢ ᠤᠯᠠᠮ  ᠴᠢᠩᠭᠠᠳᠬᠠᠬᠤ ᠲᠤᠬᠠᠢ ᠮᠡᠳᠡᠭᠳᠡᠯ︾ ᠪᠣᠯᠣᠨ ᠨᠡᠶᠢᠭᠡᠮ ᠤᠨ ᠲᠤᠰᠠᠯᠠᠮᠵᠢ ᠶᠢᠨ ᠭᠠᠷᠲᠠᠨ ᠭᠦᠢᠴᠡᠳᠬᠡᠬᠦ ᠪᠠᠶᠢᠭᠤᠯᠤᠮᠵᠢ ᠶᠢᠨ ᠠᠮᠠᠯᠠᠯᠲᠠ ᠶᠢᠨ ᠪᠢᠴᠢᠭ ︵ᠬᠡᠪ ᠵᠠᠭᠪᠤᠷ︶ ᠢ ᠳᠠᠷᠤᠮᠠᠯᠯᠠᠨ ᠲᠠᠷᠬᠠᠭᠠᠬᠤ ᠳᠤ ᠡᠯ᠎ᠡ ᠬᠤᠰᠢᠭᠤ ᠬᠤᠲᠠ ᠲᠣᠭᠤᠷᠢᠭ ᠤᠨ ᠬᠢᠨ ᠨᠡᠶᠢᠭᠡᠮ ᠤᠨ  ᠲᠤᠰᠠᠯᠠᠮᠵᠢ ᠶᠢ ᠭᠤᠶᠤᠴᠢᠯᠠᠬᠤ ᠵᠠᠩᠭᠢᠯᠠᠭ᠎ᠠ ᠶᠢᠨ ᠭᠡᠷᠡᠴᠢᠯᠡᠬᠦ ᠵᠦᠢᠯᠡᠰ ᠢ ᠠᠮᠠᠯᠠᠯᠲᠠ ᠶᠢᠨ ᠳᠦᠷᠢᠮ ᠢ ᠰᠠᠶᠢᠲᠤᠷ ᠨᠠᠶᠢᠳᠠᠪᠤᠷᠢᠵᠢᠭᠤᠯᠤᠭᠰᠠᠨ ᠤ ᠰᠠᠭᠤᠷᠢᠨ ᠳᠡᠭᠡᠷ᠎ᠡ ᠲᠤᠰᠠᠯᠠᠮᠵᠢ ᠶᠢᠨ ᠭᠠᠷᠲᠠᠨ ᠭᠦᠢᠴᠡᠳᠬᠡᠬᠦ ᠦᠢᠯᠡᠴᠢᠯᠡᠭᠡᠨ ᠤ ᠪᠠᠶᠢᠭᠤᠯᠤᠮᠵᠢ ᠶᠢᠨ ᠠᠮᠠᠯᠠᠯᠲᠠ ᠶᠢᠨ ᠳᠦᠷᠢᠮ ᠢ ᠪᠠᠶᠢᠭᠤᠯᠵᠤ᠂ ᠨᠡᠶᠢᠭᠡᠮ ᠤᠨ ᠲᠤᠰᠠᠯᠠᠮᠵᠢ ᠶᠢ ᠭᠠᠷᠲᠠᠨ ᠭᠦᠢᠴᠡᠳᠬᠡᠬᠦ ᠪᠠᠶᠢᠭᠤᠯᠤᠮᠵᠢ ᠬᠢᠭᠡᠳ ᠲᠤᠰᠠᠯᠠᠮᠵᠢ ᠬᠦᠷᠳᠡᠭᠰᠡᠳ ᠤᠨ ︽ᠬᠤᠣᠰ ᠠᠮᠠᠯᠠᠯᠲᠠ︾ ᠶᠢᠨ ᠳᠦᠷᠢᠮ ᠢ ᠪᠡᠶᠡᠯᠡᠬᠦᠯᠪᠡ᠃ 6 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ  ᠬᠦᠯᠤᠨ ᠪᠤᠶᠢᠷ ᠬᠤᠲᠠ ᠶᠢᠨ 13 ᠬᠤᠰᠢᠭᠤ ᠬᠤᠲᠠ ᠲᠣᠭᠤᠷᠢᠭ ᠲᠤ ᠨᠡᠶᠢᠭᠡᠮ ᠤᠨ ᠲᠤᠰᠠᠯᠠᠮᠵᠢ ᠶᠢᠨ ︽ᠬᠤᠣᠰ ᠠᠮᠠᠯᠠᠯᠲᠠ︾ ᠶᠢᠨ ᠲᠣᠭᠲᠠᠴᠠ ᠶᠢ ᠨᠢᠭᠡᠨᠲᠡ ᠪᠦᠬᠦᠨ ᠢ ᠪᠠᠶᠢᠭᠤᠯᠵᠤ᠂ ︽ᠠᠮᠠᠯᠠᠯᠲᠠ ᠶᠢᠨ ᠪᠢᠴᠢᠭ︾ ᠢ 835 ᠬᠤᠪᠢ ᠲᠣᠭᠲᠠᠵᠤ᠂ ᠨᠡᠶᠢᠭᠡᠮ ᠤᠨ ᠲᠤᠰᠠᠯᠠᠮᠵᠢ ᠶᠢᠨ ︽ᠬᠤᠣᠰ ᠠᠮᠠᠯᠠᠯᠲᠠ︾ ᠶᠢᠨ ᠲᠣᠭᠲᠠᠴᠠ ᠶᠢ ᠮᠠᠨ ᠤ ᠤᠷᠤᠨ ᠤ ᠬᠠᠮᠤᠭ ᠠᠴᠠ ᠤᠷᠢᠳ ᠢᠶᠠᠷ ᠪᠠᠶᠢᠭᠤᠯᠤᠭᠰᠠᠨ ᠪᠠᠶᠢᠨ᠎ᠠ᠃    ᠨᠡᠶᠢᠭᠡᠮ ᠤᠨ ᠲᠤᠰᠠᠯᠠᠮᠵᠢ ᠶᠢᠨ ︽ᠬᠤᠣᠰ ᠠᠮᠠᠯᠠᠯᠲᠠ︾ ᠶᠢᠨ ᠲᠣᠭᠲᠠᠴᠠ ᠨᠢ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠥᠰ ᠢ  ᠲᠤᠰᠠᠯᠠᠵᠤ ᠠᠰᠠᠷᠠᠨ ᠲᠡᠵᠢᠭᠡᠬᠦ᠂ ᠲᠦᠷ ᠲᠤᠰᠠᠯᠠᠬᠤ ᠵᠡᠷᠭᠡ ᠨᠡᠶᠢᠭᠡᠮ ᠤᠨ   ᠲᠤᠰᠠᠯᠠᠮᠵᠢ ᠶᠢ  ᠭᠤᠶᠤᠴᠢᠯᠠᠬᠴᠢ ᠪᠠ ᠨᠡᠶᠢᠭᠡᠮ ᠤᠨ ᠲᠤᠰᠠᠯᠠᠮᠵᠢ ᠶᠢᠨ ᠭᠤᠶᠤᠴᠢᠯᠠᠯ ᠢ ᠭᠠᠷᠲᠠᠨ ᠭᠦᠢᠴᠡᠳᠬᠡᠬᠦ ᠪᠠᠶᠢᠭᠤᠯᠤᠮᠵᠢ ᠪᠠ ᠭᠠᠷᠲᠠᠨ ᠭᠦᠢᠴᠡᠳᠭᠡᠭᠴᠢ ᠯᠦᠭᠡ ᠬᠤᠯᠪᠣᠭᠳᠠᠨ᠎ᠠ᠃ ᠨᠡᠶᠢᠭᠡᠮ ᠤᠨ ᠲᠤᠰᠠᠯᠠᠮᠵᠢ ᠶᠢ ᠭᠤᠶᠤᠴᠢᠯᠠᠭᠴᠢ ᠨᠢ ᠦᠨᠡᠨᠴᠢ ᠪᠠᠷ ᠮᠡᠳᠡᠭᠦᠯᠬᠦ᠂ ᠪᠠᠶᠢᠴᠠᠭᠠᠯᠲᠠ ᠳᠤ ᠬᠠᠮᠵᠢᠯᠴᠠᠬᠤ᠂ ᠲᠣᠭᠲᠠᠭᠠᠯ  ᠠᠴᠠ ᠵᠥᠷᠢᠴᠡᠨ ᠰᠢᠢᠳᠪᠦᠷᠢᠯᠡᠬᠦ ᠵᠡᠷᠭᠡ ᠶᠢᠨ ᠲᠣᠭᠤᠷᠢᠨ ᠳᠤ ᠪᠢᠴᠢᠭ ᠤᠨ ᠠᠮᠠᠯᠠᠯᠲᠠ ᠬᠢᠬᠦ ᠬᠡᠷᠡᠭᠲᠡᠢ᠃ ᠨᠡᠶᠢᠭᠡᠮ ᠤᠨ  ᠲᠤᠰᠠᠯᠠᠮᠵᠢ ᠶᠢᠨ ᠭᠤᠶᠤᠴᠢᠯᠠᠯ ᠢ ᠭᠠᠷᠲᠠᠨ ᠭᠦᠢᠴᠡᠳᠬᠡᠬᠦ ᠪᠠᠶᠢᠭᠤᠯᠤᠮᠵᠢ ᠪᠣᠯᠣᠨ ᠭᠠᠷᠲᠠᠨ ᠭᠦᠢᠴᠡᠳᠭᠡᠭᠴᠢ ᠨᠢ ᠭᠦᠢᠴᠡᠳᠬᠡᠬᠦ ᠲᠠᠰ ᠳᠠᠷᠠᠭᠠᠯᠠᠯ᠂ ᠭᠦᠢᠴᠡᠳᠬᠡᠬᠦ ᠠᠷᠭ᠎ᠠ᠂ ᠭᠦᠢᠴᠡᠳᠬᠡᠬᠦ ᠴᠠᠭ᠂ ᠴᠢᠨᠠᠷ ᠰᠠᠶᠢᠲᠠᠢ ᠦᠢᠯᠡᠴᠢᠯᠡᠭᠡᠨ᠂ ᠬᠢᠨᠠᠯᠲᠠ ᠲᠠᠯᠪᠢᠵᠤ ᠢᠯᠡᠴᠢᠯᠡᠬᠦ ᠠᠷᠭ᠎ᠠ ᠵᠠᠮ ᠵᠡᠷᠭᠡ ᠶᠢᠨ ᠲᠣᠭᠤᠷᠢᠨ ᠳᠤ ᠭᠤᠶᠤᠴᠢᠯᠠᠨ ᠭᠦᠢᠴᠡᠳᠭᠡᠭᠴᠢ ᠳᠤ ᠪᠢᠴᠢᠭ ᠢᠶᠠᠷ ᠠᠮᠠᠯᠳᠠᠬᠤ ᠬᠡᠷᠡᠭᠲᠡᠢ᠃   ᠨᠡᠶᠢᠭᠡᠮ ᠤᠨ  ᠲᠤᠰᠠᠯᠠᠮᠵᠢ ᠶᠢᠨ ᠭᠤᠶᠤᠴᠢᠯᠠᠯ ᠢ ᠭᠠᠷᠲᠠᠨ ᠭᠦᠢᠴᠡᠳᠬᠡᠬᠦ ᠪᠠᠶᠢᠭᠤᠯᠤᠮᠵᠢ ᠨᠢ ᠠᠮᠠᠯᠠᠯᠲᠠ ᠶᠢᠨ ᠠᠭᠤᠯᠭ᠎ᠠ ᠶᠢᠨ ᠲᠣᠭᠤᠷᠢᠨ ᠳᠤ ᠠᠮᠠᠯᠠᠯᠲᠠ ᠶᠢᠨ ᠵᠦᠢᠯᠡᠰ ᠢ ᠲᠥᠯᠥᠪᠯᠡᠭᠡ ᠲᠠᠢ᠂ ᠠᠯᠬᠤᠮ ᠳᠠᠷᠠᠭ᠎ᠠ ᠲᠠᠢ ᠪᠠᠷ ᠨᠠᠶᠢᠳᠠᠪᠤᠷᠢᠵᠢᠭᠤᠯᠵᠤ᠂ ᠬᠤᠲᠠ ᠪᠠ ᠬᠤᠰᠢᠭᠤ ᠬᠤᠲᠠ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠠᠴᠠ ᠦᠨᠳᠦᠰᠦᠨ ᠱᠠᠲᠤᠨ ᠤ ᠨᠡᠶᠢᠭᠡᠮ ᠤᠨ  ᠲᠤᠰᠠᠯᠠᠮᠵᠢ ᠶᠢᠨ ᠪᠠᠶᠢᠭᠤᠯᠤᠮᠵᠢ ᠶᠢᠨ ᠠᠮᠠᠯᠠᠯᠲᠠ ᠶᠢᠨ ᠵᠦᠢᠯᠡᠰ ᠪᠠ ᠭᠦᠢᠴᠡᠳᠬᠡᠭᠰᠡᠨ ᠪᠠᠶᠢᠳᠠᠯ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠠᠮᠠᠯᠠᠯᠲᠠ ᠶᠢᠨ ᠵᠦᠢᠯᠡᠰ ᠨᠢ ᠪᠣᠳᠠᠲᠠᠢ ᠪᠢᠰᠢ᠂ ᠠᠮᠠᠯᠠᠯᠲᠠ ᠪᠠᠨ ᠦᠨᠡᠨ ᠪᠣᠳᠠᠲᠠᠢ ᠭᠦᠢᠴᠡᠳᠬᠡᠭᠰᠡᠨ ᠦᠭᠡᠢ ᠭᠠᠷᠲᠠᠨ ᠭᠦᠢᠴᠡᠳᠬᠡᠬᠦ ᠪᠠᠶᠢᠭᠤᠯᠤᠮᠵᠢ ᠪᠠ ᠭᠠᠷᠲᠠᠨ ᠭᠦᠢᠴᠡᠳᠬᠡᠬᠦ ᠠᠵᠢᠯᠲᠠᠨ ᠳᠤ ᠴᠠᠭ ᠲᠤᠬᠠᠢ ᠳᠤ ᠨᠢ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠳᠤᠷᠠᠳᠴᠤ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠪᠤᠯᠤᠨ᠎ᠠ᠃            
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号