ᠣᠲᠤᠭ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠬᠡᠷ ᠲᠤ ᠨᠢ ᠬᠦᠷᠴᠤ ᠠᠰᠠᠷᠠᠬᠤ ᠦᠢᠯᠡᠴᠢᠯᠡᠭᠡ ᠶᠢ ᠢᠳᠡᠪᠬᠢᠳᠡᠢ ᠦᠷᠨᠢᠬᠦᠯᠵᠤ ᠪᠠᠶᠢᠨ᠎ᠠ
ᠨᠡᠶᠢᠲᠡᠯᠡᠭᠰᠡᠨ ᠴᠠᠭ᠄
2024/7/18
   ᠣᠲᠤᠭ ᠬᠤᠰᠢᠭᠤᠨ ᠤ ᠨᠠᠰᠤᠵᠢᠯ ᠤᠨ ᠦᠢᠯᠡᠴᠢᠯᠡᠭᠡᠨ ᠤ ᠶᠠᠰᠤ ᠴᠢᠨᠠᠷ ᠢ  ᠲᠡᠭᠡᠭᠰᠢᠯᠡᠬᠦᠯᠵᠤ᠂ ᠨᠠᠰᠤᠲᠠᠶᠢᠴᠤᠳ ᠲᠤ ᠨᠡᠩ ᠰᠢᠯᠢᠳᠡᠭ᠂ ᠪᠦᠬᠦ ᠲᠠᠯ᠎ᠠ ᠶᠢᠨ ᠬᠠᠷᠠᠭᠠᠯᠵᠠᠯ ᠬᠠᠨᠭ᠍ᠭᠠᠬᠤ ᠶᠢᠨ ᠲᠦᠯᠤᠬᠡ ᠲᠣᠭᠲᠠᠭᠠᠯ ᠳᠤ ᠨᠡᠶᠢᠴᠡᠬᠦ᠂ ᠥᠨᠳᠥᠷ ᠪᠦᠲᠦᠮᠵᠢᠲᠡᠶ᠂ ᠳᠥᠭᠦᠮ ᠳᠥᠲᠡ᠂ ᠡᠷᠬᠡ ᠲᠡᠭᠰᠢ᠂ ᠲᠥᠪ ᠭᠤᠣᠯᠴᠢ᠂ ᠢᠯᠡ ᠲᠣᠳᠣ ᠪᠠᠶᠢᠬᠤ ᠵᠠᠷᠴᠢᠮ ᠶᠣᠰᠣᠭᠠᠷ ᠣᠲᠤᠭ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠴᠤ ᠦᠭᠭᠦ ᠬᠡᠯᠪᠡᠷᠢ ᠪᠠᠷ  ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ᠂ 3 ᠨᠡᠶᠢᠭᠡᠮ ᠤᠨ ᠵᠣᠬᠢᠶᠠᠨ ᠪᠠᠶᠢᠭᠤᠯᠤᠯᠲᠠ ᠠᠴᠠ ᠤᠯᠠᠭᠠᠨ ᠪᠠᠯᠭᠠᠰᠤ᠂ ᠮᠧᠩ ᠰᠢ ᠪᠠᠯᠭᠠᠰᠤ᠂ ᠴᠢ ᠫᠠᠨ ᠵᠢᠩ ᠪᠠᠯᠭᠠᠰᠤᠨ ᠤ ᠡᠷᠦᠬᠡ ᠠᠮᠠ ᠶᠢᠨ ᠲᠠᠩᠰᠠ ᠪᠦᠬᠦᠢ  ︽ᠳᠥᠷᠪᠡᠨ ᠲᠥᠷᠥᠯ︾ ᠤᠨ 66 ᠨᠠᠰᠤᠲᠠᠶᠢᠴᠤᠳ ᠲᠤ ᠲᠣᠭᠤᠷᠢᠨ ᠰᠤᠷᠪᠤᠯᠵᠢᠯᠠᠬᠤ ᠬᠠᠶᠢᠷ᠎ᠠ ᠬᠠᠯᠠᠮᠵᠢ᠂ ᠡᠷᠡᠭᠦᠯᠵᠢᠭᠦᠯᠬᠦ ᠹᠢᠽᠢᠺ ᠵᠠᠰᠠᠯ᠂ ᠣᠶᠤᠨ ᠰᠠᠨᠠᠭᠠᠨ ᠤ ᠲᠠᠶᠢᠳᠬᠤᠷᠠᠭᠤᠯᠤᠯ᠂ ᠬᠤᠭᠤᠯᠠ ᠤᠮᠳᠠ ᠂ ᠴᠡᠪᠡᠷᠯᠡᠭᠡ ᠬᠢᠬᠦ ᠪᠠᠷ ᠬᠡᠷ  ᠲᠤ ᠨᠢ ᠬᠦᠷᠴᠦ ᠦᠢᠯᠡᠴᠢᠯᠡᠭᠡ ᠬᠠᠩᠭᠠᠵᠤ᠂ ᠭᠡᠷ ᠲᠤ ᠪᠠᠨ ᠰᠠᠭᠤᠵᠤ ᠪᠠᠶᠢᠭ᠎ᠠ ᠨᠠᠰᠤᠲᠠᠶᠢᠴᠤᠳ ᠤᠨ ᠣᠯᠠᠨ ᠶᠠᠩᠵᠤ ᠶᠢᠨ ᠦᠢᠯᠡᠴᠢᠯᠡᠭᠡᠨ ᠤ ᠬᠡᠷᠡᠭᠴᠡᠭᠡ ᠶᠢ ᠬᠠᠩᠭᠠᠬᠤ ᠪᠠᠷ ᠲᠣᠭᠲᠠᠭᠠᠪᠠ᠃ ᠣᠳᠣᠬᠠᠨ ᠳᠤ ᠲᠣᠰ ᠠᠵᠢᠯ ᠨᠢ ︽ᠰᠢᠰᠲ᠋ᠧᠮ + ᠦᠢᠯᠡᠴᠢᠯᠡᠭᠡ + ᠨᠠᠰᠤᠲᠠᠨ + ᠲᠠᠪᠴᠠᠩ︾ ᠭᠡᠬᠦ ᠣᠶᠤᠨᠴᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠵᠠᠭᠪᠤᠷ ᠢ ᠠᠩᠬ᠎ᠠ ᠠᠯᠬᠤᠮ ᠪᠣᠶ ᠪᠣᠯᠭᠠᠵᠤ᠂ ᠪᠥᠬᠦ ᠲᠠᠯ᠎ᠠ ᠪᠠᠷ ᠬᠡᠷᠡᠭᠵᠢᠭᠦᠯᠬᠦ ᠱᠠᠲᠤᠨ ᠳᠤ ᠣᠷᠣᠬᠤ ᠪᠣᠯᠣᠨ᠎ᠠ᠃    ᠨᠡᠶᠢᠭᠡᠮ ᠲᠣᠭᠤᠷᠢᠭ ᠤᠨ ᠭᠡᠷ ᠲᠤ ᠪᠠᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠲᠥᠷᠥ ᠶᠢᠨ ᠣᠨᠴᠠᠭᠠᠶ ᠬᠦᠴᠢᠷᠳᠡᠯ ᠲᠠᠢ ᠭᠡᠷ ᠲᠤ ᠪᠠᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠤ ᠵᠦᠢᠯᠡᠰ ᠢ ᠬᠡᠷᠡᠭᠵᠢᠭᠦᠯᠵᠦ᠂ ᠬᠡᠷᠡᠭᠵᠢᠭᠦᠯᠬᠦ ᠲᠥᠰᠥᠯ ᠪᠠ ᠦᠢᠯᠡᠴᠢᠯᠡᠭᠡᠨ ᠤ ᠲᠣᠳᠣᠷᠬᠠᠢ ᠬᠠᠭᠤᠳᠠᠰᠤ ᠶᠢ ᠨᠡᠶᠢᠲᠡᠯᠡᠵᠦ᠂ ᠭᠡᠷ ᠲᠤ ᠪᠡᠨ‌‍ᠰᠠᠭᠤᠵᠤ ᠪᠠᠶᠢᠭ᠎ᠠ ᠨᠠᠰᠤᠲᠠᠶᠢᠴᠤᠳ ᠲᠤ ᠭᠡᠷ ᠲᠤ ᠨᠢ ᠣᠴᠢᠵᠤ ᠠᠰᠠᠷᠠᠬᠤ ᠦᠢᠯᠡᠴᠢᠯᠡᠭᠡᠨ ᠤ ᠠᠵᠢᠯ ᠤᠨ ᠦᠷᠨᠢᠯᠳᠡ ᠶᠢ ᠵᠢᠷᠤᠮᠵᠢᠭᠤᠯᠤᠨ ᠠᠬᠢᠭᠤᠯᠪᠠ᠃   ᠦᠢᠯᠡᠴᠢᠯᠡᠭᠡ ᠬᠦᠷᠳᠡᠭᠰᠡᠳ ᠢᠶᠠᠨ ᠨᠠᠷᠢᠯᠢᠭ ᠣᠨᠣᠴᠠᠲᠠᠢ ᠪᠠᠷ ᠣᠶᠢᠯᠠᠭᠠᠨ ᠲᠤᠬᠳᠠᠭᠠᠪᠠ᠃ ᠠᠷᠠᠳ ᠲᠦᠮᠡᠨ ᠢᠶᠠᠷ ᠭᠤᠣᠯ ᠪᠣᠯᠭᠠᠬᠤ ᠬᠦᠭᠵᠢᠬᠦᠯᠤᠯᠳᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ᠂ ᠣᠨᠴᠠᠭᠠᠢ ᠬᠦᠴᠢᠷᠳᠡᠯ ᠲᠠᠢ  ᠦᠢᠯᠡᠴᠢᠯᠡᠭᠡ ᠬᠦᠷᠳᠡᠭᠰᠡᠳ ᠢ ᠨᠠᠷᠢᠨ ᠬᠢᠨᠠᠮᠠᠭᠠᠢ ᠣᠶᠢᠯᠠᠭᠠᠬᠤ ᠶᠢᠨ ᠬᠠᠮᠲᠤ ᠬᠡᠷᠡᠭᠴᠡᠭᠡ ᠱᠠᠭᠠᠷᠳᠠᠯᠭ᠎ᠠ ᠶᠢ ᠣᠨᠣᠪᠴᠢᠲᠠᠢ ᠢᠯᠭᠠᠨ ᠲᠠᠨᠢᠵᠤ᠂ ᠨᠥᠬᠦᠴᠡᠯ ᠳᠤ ᠨᠡᠶᠢᠴᠡᠬᠦ ᠶᠢ ᠨᠢ ᠲᠦᠷᠦᠯ ᠬᠤᠪᠢᠶᠠᠨ᠂ ᠭᠡᠷ ᠲᠤ ᠪᠠᠨ ᠰᠠᠭᠤᠵᠤ ᠪᠠᠶᠢᠭ᠎ᠠ ᠨᠠᠰᠤᠲᠠᠶᠢᠴᠤᠳ ᠤᠨ ᠭᠡᠷ ᠲᠤ ᠨᠢ ᠣᠴᠢᠵᠤ ᠠᠰᠠᠷᠠᠬᠤ ᠦᠢᠯᠡᠴᠢᠯᠡᠭᠡᠨ ᠤ ᠬᠡᠪᠴᠢᠶᠡᠨ ᠳᠤ ᠣᠷᠣᠭᠤᠯᠬᠤ ᠶᠢᠨ ᠬᠠᠮᠲᠤ ᠨᠢᠭᠡ ᠬᠥᠮᠥᠨ ᠨᠢᠭᠡ ᠳᠡᠰ ᠢᠶᠠᠷ ᠦᠢᠯᠡᠴᠢᠯᠡᠭᠡᠨ ᠤ ᠳᠠᠩᠰᠠ ᠡᠪᠬᠡᠮᠡᠯ  ᠪᠠᠶᠢᠭᠤᠯᠪᠠ᠃   ᠨᠠᠰᠤᠵᠢᠯ ᠤᠨ ᠠᠰᠠᠷᠠᠮᠵᠢ ᠶᠢᠨ ᠣᠶᠤᠨᠴᠢ ᠲᠠᠪᠴᠠᠩ ᠳᠤ ᠲᠦᠰᠢᠭᠯᠡᠨ ᠦᠢᠯᠡᠴᠢᠯᠡᠪᠡ᠃ ᠭᠡᠷ ᠲᠤ ᠨᠢ ᠬᠦᠷᠴᠤ ᠠᠰᠠᠷᠠᠬᠤ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡ ᠶᠢ  ᠰᠠᠷ᠎ᠠ ᠪᠦᠷᠢ ᠠᠳᠠᠭ ᠲᠤ ᠪᠠᠨ 4  ᠤᠳᠠᠭ᠎ᠠ ᠬᠠᠩᠭᠠᠬᠤ ᠶᠢᠨ ᠬᠠᠮᠲᠤ  ᠤᠶᠤᠨᠴᠢ ᠨᠠᠰᠤᠵᠢᠯ ᠤᠨ ᠲᠠᠪᠴᠠᠩ ᠳᠤ ᠲᠦᠰᠢᠭᠯᠡᠨ ᠲᠤᠬᠠᠢ ᠶᠢᠨ ᠴᠠᠭ ᠲᠤ ᠨᠢ ᠪᠠᠶᠢᠴᠠᠭᠠᠨ ᠦᠵᠡᠬᠦ ᠴᠢᠳᠠᠮᠵᠢ ᠬᠠᠩᠭᠠᠵᠤ᠂ ᠦᠢᠯᠡᠴᠢᠯᠡᠬᠦ ᠴᠠᠭ᠂ ᠬᠠᠷᠢᠭᠤ ᠰᠤᠷᠪᠤᠯᠵᠢᠯᠠᠬᠤ ᠠᠬᠢᠴᠠ ᠪᠠ ᠦᠢᠯᠡᠴᠢᠯᠡᠭᠡ ᠶᠢᠨ ᠪᠠᠷᠢᠮᠵᠢᠶᠠᠵᠢᠭᠤᠯᠤᠯᠲᠠ ᠶᠢ  ᠱᠠᠯᠠᠪᠳᠠᠭᠤᠯᠤᠨ ᠱᠠᠭᠠᠷᠳᠠᠵᠤ᠂ ᠦᠢᠯᠡᠴᠢᠯᠡᠭᠡᠨ ᠤ ᠶᠠᠰᠤ ᠴᠢᠨᠠᠷ ᠪᠠ ᠦᠷ᠎ᠡ ᠪᠦᠲᠦᠮᠵᠢ ᠶᠢ ᠪᠠᠳᠤᠯᠠᠪᠠ᠃    ᠣᠨᠴᠠᠭᠠᠶ ᠬᠦᠴᠢᠷᠳᠡᠯ ᠲᠠᠢ ᠨᠠᠰᠤᠲᠠᠶᠢᠴᠤᠳ ᠤᠨ ᠭᠡᠷ ᠲᠤ ᠨᠢ ᠬᠦᠷᠴᠤ ᠠᠰᠠᠷᠠᠬᠤ ᠦᠢᠯᠡᠴᠢᠯᠡᠭᠡ ᠶᠢ ᠥᠷᠨᠢᠭᠦᠯᠬᠦ ᠪᠠᠷ ᠳᠠᠮᠵᠢᠭᠤᠯᠤᠨ᠂ ︽ᠨᠠᠰᠤᠲᠠᠶᠢᠴᠤᠳ ᠢ ᠠᠰᠠᠷᠠᠬᠤ ᠦᠢᠯᠡᠴᠢᠯᠡᠭᠡ ᠨᠢ ᠨᠠᠰᠤᠲᠠᠶᠢᠴᠤᠳ ᠢ ᠳᠠᠭᠠᠬᠤ︾ ᠣᠶᠢᠯᠠᠭᠠᠭᠳᠠᠬᠤᠨ ᠢ ᠪᠠᠲᠤ ᠪᠣᠶ ᠪᠣᠯᠭᠠᠵᠤ᠂ ᠲᠤᠰᠬᠠᠢ ᠬᠠᠷᠠᠭᠠᠯᠵᠠᠨ ᠠᠰᠠᠷᠠᠬᠤ ᠦᠢᠯᠡᠴᠢᠯᠡᠭᠡ ᠶᠢ ᠨᠠᠰᠤᠲᠠᠶᠢᠴᠤᠳ ᠤᠨ ᠭᠡᠷ ᠪᠦᠯᠢ ᠳᠤ ᠬᠦᠷᠭᠡᠵᠦ᠂ ᠨᠠᠰᠤᠲᠠᠶᠢᠴᠤᠳ ᠤᠨ ᠣᠯᠠᠨ ᠳᠠᠪᠬᠤᠷᠭ᠎ᠠ ᠶᠢᠨ᠂ ᠣᠯᠠᠨ ᠶᠠᠩᠵᠤ ᠶᠢᠨ ᠨᠠᠰᠤᠵᠢᠯ ᠤᠨ ᠦᠢᠯᠡᠴᠢᠯᠡᠭᠡᠨ ᠤ ᠬᠡᠷᠡᠭᠴᠡᠭᠡ ᠶᠢ ᠨᠠᠩ ᠰᠠᠶᠢᠲᠤᠷ ᠬᠠᠩᠭᠠᠵᠤ᠂ ᠤᠳᠤᠭ ᠬᠤᠰᠢᠭᠤᠨ ᠤ ᠣᠨᠴᠠᠭᠠᠶ ᠬᠦᠴᠢᠷᠳᠡᠯ ᠲᠠᠢ ᠨᠠᠰᠤᠲᠠᠶᠢᠴᠤᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠠᠮᠤᠭᠤᠯᠠᠩ ᠲᠥᠷᠥᠭᠳᠡᠯ ᠢ  ᠲᠡᠭᠡᠭᠰᠢᠯᠡᠬᠦᠯᠦᠭᠰᠡᠨ ᠪᠠᠶᠢᠨ᠎ᠠ᠃     
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号