ᠮᠠᠨ ᠤ ᠣᠷᠣᠨ ᠭᠠᠮᠰᠢᠭᠳᠠᠭᠰᠠᠨ ᠬᠦᠴᠢᠷᠳᠡᠯᠲᠡᠢ ᠣᠯᠠᠨ ᠲᠦᠮᠡᠨ ᠢ ᠲᠤᠰᠠᠯᠠᠬᠤ ᠠᠵᠢᠯ ᠢ  ᠰᠠᠶᠢᠳᠤᠷ ᠬᠢᠵᠤ ᠪᠠᠶᠢᠨ᠎ᠠ
ᠨᠡᠶᠢᠲᠡᠯᠡᠭᠰᠡᠨ ᠴᠠᠭ᠄
2024/7/18
    ᠬᠠᠪᠤᠷ ᠠᠴᠠ ᠨᠠᠭᠠᠰᠢ ᠮᠠᠨ ᠤ ᠣᠷᠣᠨ ᠤ ᠣᠯᠠᠨ ᠭᠠᠵᠠᠷ ᠲᠤ ᠦᠷᠭᠦᠯᠵᠢᠯᠡᠨ ᠭᠠᠩᠳᠠᠵᠤ᠂ ᠠᠷᠠᠳ ᠣᠯᠠᠨ ᠢᠯᠠᠩᠭᠤᠶ᠎ᠠ ᠬᠦᠴᠢᠷᠳᠡᠯᠲᠡᠢ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠬᠦᠨᠳᠦ ᠨᠣᠴᠢᠲᠠᠢ ᠨᠥᠯᠥᠭᠡ ᠦᠵᠡᠭᠦᠯᠵᠦ᠂ ᠡᠯ᠎ᠡ ᠱᠠᠲᠤᠨ  ‍ᠤᠨ‌ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠠᠨᠠᠭᠠᠴᠢᠯᠠᠭ᠎ᠠ ᠠᠴᠠ ᠪᠠᠨ ᠠᠵᠢᠯ ᠬᠢᠵᠦ᠂ ᠤᠷᠢᠳᠴᠢᠯᠠᠨ ᠣᠷᠣᠯᠴᠠᠵᠤ᠂ ᠭᠠᠮᠰᠢᠭᠳᠠᠭᠰᠠᠨ ᠬᠦᠴᠢᠷᠳᠡᠯᠲᠡᠢ ᠤᠯᠠᠨ ᠲᠦᠮᠡᠨ ᠢ ᠠᠪᠤᠷᠠᠨ ᠲᠤᠰᠠᠯᠠᠬᠤ ᠡᠷᠴᠢᠮ ᠢ ᠨᠡᠮᠡᠭᠳᠡᠭᠦᠯᠦᠨ᠂ ᠡᠯ᠎ᠡ ᠵᠦᠢᠯ ᠤᠨ ᠠᠪᠤᠷᠠᠨ ᠲᠤᠰᠠᠯᠠᠬᠤ ᠠᠷᠭ᠎ᠠ ᠶᠢ ᠴᠠᠭ ᠲᠤᠬᠠᠢ ᠳᠤ ᠨᠢ ᠨᠠᠶᠢᠳᠠᠪᠤᠷᠢᠵᠢᠭᠤᠯᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠤᠷᠢᠭ᠎ᠠ ᠱᠤᠭᠤᠮ ᠢ  ᠣᠨᠣᠪᠴᠢᠲᠠᠶ ᠰᠠᠶᠢᠲᠤᠷ ᠪᠠᠲᠤᠯᠠᠪᠠ᠃   ᠨᠢᠭᠡ ᠳᠤ᠂ ᠴᠠᠭ ᠲᠤᠬᠠᠢ ᠳᠤ ᠨᠢ ᠪᠠᠶᠢᠷᠢᠯᠠᠭᠤᠯᠵᠤ᠂ ᠲᠤᠰᠠᠯᠠᠬᠤ ᠠᠷᠭ᠎ᠠ ᠵᠠᠮ ᠢ ᠰᠠᠭᠠᠳ ᠦᠭᠡᠢ ᠨᠡᠪᠳᠡᠷᠡᠬᠦᠯᠪᠡ ᠃ ᠭᠠᠮᠰᠢᠭ ᠡᠭᠦᠰᠦᠭᠰᠡᠨ ᠤ ᠲᠠᠷᠠᠭ᠎ᠠ ᠠᠷᠠᠳ ᠤᠨ ᠶᠠᠪᠤᠳᠠᠯ ᠤᠨ ᠲᠢᠩᠬᠢᠮ ᠤᠨ ᠬᠢᠨ ᠦᠳᠲᠡᠷ ᠮᠡᠳᠡᠭᠳᠡᠯ ᠪᠠᠭᠤᠯᠭᠠᠵᠤ ᠭᠠᠮᠰᠢᠭᠳᠠᠭᠰᠠᠨ ᠣᠷᠣᠨ ᠢ ᠵᠢᠯᠤᠭᠤᠳᠴᠤ ᠪᠠᠶᠢᠭᠠᠳ ᠭᠠᠮᠰᠢᠭᠳᠠᠭᠰᠠᠨ ᠬᠦᠴᠢᠷᠳᠡᠯ ᠲᠠᠢ ᠤᠯᠠᠨ ᠲᠦᠮᠡᠨ ᠢ ᠲᠤᠰᠠᠯᠠᠬᠤ ᠪᠠᠲᠤᠯᠠᠭ᠎ᠠ ᠶᠢ  ᠰᠠᠶᠢᠲᠤᠷ  ᠬᠢᠯᠬᠡᠬᠦ ᠳᠤ ᠪᠠᠨ ᠬᠠᠮᠤᠭ ᠲᠡᠷᠢᠭᠦᠨ ᠳᠤ ᠪᠠᠶᠢᠳᠠᠯ ᠢ ᠣᠶᠢᠯᠠᠭᠠᠬᠤ ᠳᠠᠷᠠᠭᠠᠯᠠᠨ ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠭᠠᠮᠰᠢᠭᠳᠠᠭᠰᠠᠨ ᠣᠷᠣᠨ ᠤ ᠪᠠᠶᠢᠳᠠᠯ ᠪᠠ ᠭᠠᠮᠰᠢᠭᠳᠠᠭᠰᠠᠨ ᠤᠯᠠᠨ ᠲᠦᠮᠡᠨ ᠤ ᠰᠠᠭᠤᠷᠢ ᠲᠤᠭ᠎ᠠ ᠶᠢ ᠴᠠᠭ ᠲᠤᠬᠠᠢ  ᠳᠤ ᠨᠢ ᠡᠵᠡᠮᠰᠢᠵᠦ᠂ ᠭᠠᠮᠰᠢᠭ ᠲᠤ ᠨᠥᠯᠥᠭᠡᠯᠡᠭᠳᠡᠭᠰᠡᠨ ᠬᠦᠴᠢᠷᠳᠡᠯ ᠲᠠᠢ ᠤᠯᠠᠨ ᠲᠦᠮᠡᠨ ᠤ ᠦᠨᠳᠦᠰᠦᠨ ᠠᠮᠢᠳᠤᠷᠠᠯ ᠢ ᠦᠷᠭᠦᠯᠵᠢᠯᠡᠨ ᠠᠩᠬᠠᠷᠴᠤ᠂ ᠭᠠᠮᠰᠢᠭ ᠠᠴᠠ ᠪᠣᠯᠵᠤ ᠲᠠᠬᠢᠨ ᠶᠠᠳᠠᠭᠤᠷᠠᠬᠤ ᠠᠴᠠ ᠰᠡᠷᠭᠡᠶᠢᠯᠡᠪᠡ᠃ ᠪᠡᠯᠡ ᠮᠥᠩᠭᠦ ᠣᠯᠭᠤᠬᠤ ᠡᠳᠦᠷ ᠤᠨ ᠲᠣᠬᠢᠷᠠᠭᠤᠯᠬᠤ ᠲᠣᠭᠲᠠᠴᠠ ᠶᠢ ᠪᠠᠶᠢᠭᠤᠯᠵᠤ᠂ ᠭᠠᠮᠰᠢᠭᠳᠠᠭᠰᠠᠨ ᠭᠠᠵᠠᠷ ᠣᠷᠣᠨ ᠢ ᠵᠢᠯᠣᠭᠤᠳᠤᠨ 7 ᠳ᠋ᠤᠭᠠᠷ ᠰᠠᠷ᠎ᠠ ᠶᠢᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠮᠥᠩᠭᠦ ᠪᠠ ᠣᠨᠴᠠ ᠬᠦᠴᠢᠷᠳᠡᠯᠲᠡᠢ ᠬᠥᠮᠥᠰ ᠢ  ᠲᠤᠰᠠᠯᠠᠮᠵᠢ ᠶᠢᠨ ᠮᠥᠩᠭᠦ ᠶᠢ ᠴᠠᠭ ᠲᠤᠬᠠᠢ  ᠳᠤ ᠨᠢ ᠲᠤᠭ᠎ᠠ ᠶᠣᠰᠣᠭᠠᠷ ᠤᠯᠭᠤᠪᠠ᠃ ᠨᠡᠶᠢᠭᠡᠮ ᠤᠨ ᠲᠤᠰᠠᠯᠠᠮᠵᠢ ᠶᠢᠨ ᠦᠢᠯᠡᠴᠢᠯᠡᠭᠡᠨ ᠤ  ᠪᠠᠶᠢᠡᠭᠭᠤ ᠶᠢᠨ ᠤᠲᠠᠰᠤ ᠶᠢ ᠰᠠᠭᠠᠳ ᠦᠭᠡᠢ ᠨᠠᠪᠲᠠᠷᠡᠭᠦᠯᠵᠦ᠂ ᠭᠠᠮᠰᠢᠭᠳᠠᠭᠰᠠᠨ ᠬᠦᠴᠢᠷᠳᠡᠯᠲᠡᠢ ᠣᠯᠠᠨ ᠲᠦᠮᠡᠨ ᠤ ᠲᠤᠰᠠᠯᠠᠮᠵᠢ ᠶᠢᠨ ᠭᠤᠶᠤᠴᠢᠯᠠᠯ ᠢ ᠴᠠᠭ ᠲᠤᠬᠠᠢ ᠳᠤ ᠨᠢ ᠭᠥᠯᠢᠶᠡᠨ ᠠᠪᠴᠤ ᠰᠢᠢᠳᠪᠦᠷᠢᠯᠡᠬᠦ ᠪᠠ ᠬᠠᠷᠢᠭᠤ ᠥᠭᠴᠦ᠂ ᠲᠤᠰᠠᠯᠠᠮᠵᠢ ᠭᠤᠶᠤᠴᠢᠯᠠᠬᠤ ᠭᠠᠵᠠᠷ ᠲᠠᠢ᠂ ᠴᠠᠭ ᠲᠤᠬᠠᠢ ᠳᠤ ᠨᠢ ᠲᠤᠰᠠᠯᠠᠮᠵᠢ ᠭᠥᠷᠳᠡᠬᠦ ᠶᠢ ᠦᠨᠡᠨ ᠬᠦ ᠪᠠᠳᠤᠯᠠᠬᠰᠠᠨ ᠪᠠᠶᠢᠨ᠎ᠠ᠃ 7 ᠳ᠋ᠤᠭᠠᠷ ᠰᠠᠷ᠎ᠠ ᠶᠢᠨ 15 ᠤ ᠡᠳᠦᠷ ᠪᠣᠯᠲᠠᠯ᠎ᠠ᠂  ᠬᠡᠷ ᠲᠤ ᠨᠢ ᠤᠴᠢᠬᠤ᠂ ᠤᠲᠠᠰᠤ ᠪᠠᠷ ᠶᠠᠷᠢᠯᠴᠠᠬᠤ ᠵᠡᠷᠭᠡ ᠠᠷᠭ᠎ᠠ ᠪᠠᠷ ᠰᠢᠯᠢ ᠶᠢᠨ ᠭᠤᠣᠯ ᠠᠶᠢᠮᠠᠭ᠂ ᠪᠠᠶᠠᠨᠨᠠᠭᠤᠷ ᠬᠤᠲᠠ᠂ ᠠᠯᠠᠱᠠ ᠠᠶᠢᠮᠠᠭ ᠤᠨ ᠭᠠᠩ ᠤᠨ ᠭᠠᠮᠰᠢᠭ ᠲᠤ ᠨᠥᠯᠥᠭᠡᠯᠡᠭᠳᠡᠭᠰᠡᠨ ᠬᠦᠴᠢᠷᠳᠡᠯᠲᠡᠢ ᠣᠯᠠᠨ ᠲᠦᠮᠡᠨ ᠲᠠᠢ 4.22 ᠲᠦᠮᠡ ᠤᠳᠠᠭ᠎ᠠ ᠬᠠᠷᠢᠯᠴᠠᠵᠠᠢ᠃   ᠬᠤᠶᠠᠷ ᠲᠤ᠂ ᠵᠣᠯᠭᠠᠭᠤᠯᠤᠨ ᠬᠠᠮᠵᠢᠯᠴᠠᠬᠤ ᠡᠷᠴᠢᠮ ᠢ ᠴᠢᠩᠭᠠᠳᠬᠠᠵᠤ᠂ ᠡᠯ᠎ᠡ ᠵᠦᠢᠯ ᠤᠨ ᠲᠤᠰᠠᠯᠠᠮᠵᠢ ᠶᠢᠨ ᠲᠥᠷᠥ ᠶᠢᠨ ᠪᠣᠳᠣᠯᠭ᠎ᠠ ᠶᠢ ᠨᠢᠭᠡᠳᠦᠯᠲᠡᠢ ᠲᠦᠯᠦᠪᠯᠡᠪᠡ᠃ ᠪᠠᠴᠢᠮ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠯᠦᠭᠡ ᠬᠠᠮᠵᠢᠯᠴᠠᠬᠤ ᠶᠢ ᠴᠢᠩᠭᠠᠳᠬᠠᠵᠤ᠂ ᠨᠡᠶᠢᠭᠡᠮ ᠤᠨ ᠲᠤᠰᠠᠯᠠᠮᠵᠢ ᠬᠢᠭᠡᠳ ᠭᠠᠮᠰᠢᠭᠳᠠᠭᠰᠠᠨ ᠬᠥᠮᠥᠰ ᠢ ᠲᠤᠰᠠᠯᠠᠬᠤ ᠲᠥᠷᠥ ᠶᠢᠨ ᠪᠣᠳᠣᠯᠭ᠎ᠠ ᠶᠢ ᠵᠣᠯᠭᠠᠭᠤᠯᠬᠤ ᠶᠢ ᠴᠢᠩᠭᠠᠷᠠᠭᠤᠯᠤᠨ᠂ ᠬᠠᠮᠵᠢᠯᠴᠠᠨ ᠬᠤᠯᠪᠤᠭᠠᠯᠠᠨ ᠬᠥᠳᠡᠯᠦᠯᠴᠡᠵᠦ ᠪᠠᠶᠢᠭᠠᠳ ᠨᠥᠬᠦᠴᠡᠯ ᠳᠤ ᠨᠡᠶᠢᠴᠡᠬᠦ ᠭᠠᠮᠰᠢᠭᠳᠠᠭᠰᠠᠨ ᠣᠯᠠᠨ ᠲᠦᠮᠡᠨ ᠢ ᠴᠠᠭ ᠲᠤᠬᠠᠢ ᠳᠤ ᠨᠢ ᠨᠠᠭᠠᠲᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠥᠰ ᠢ  ᠲᠤᠰᠠᠯᠠᠵᠤ ᠠᠰᠠᠷᠠᠨ ᠲᠡᠵᠢᠭᠡᠬᠦ ᠬᠦᠷᠢᠶ᠎ᠡ ᠬᠡᠪᠴᠢᠶᠡᠨ ᠳᠤ ᠣᠷᠣᠭᠤᠯᠵᠤ᠂ ︽ᠪᠠᠲᠤᠯᠠᠬᠤ ᠶᠣᠰᠣᠲᠠᠢ ᠶᠢ ᠨᠢ ᠪᠦᠬᠦᠨ ᠢ ᠪᠠᠳᠤᠯᠠᠪᠠ᠃︾ ᠲᠦᠷ ᠲᠤᠰᠠᠯᠠᠵᠤ᠂ ᠪᠠᠴᠢᠮ ᠠᠴᠠ ᠠᠪᠤᠷᠠᠬᠤ᠂ ᠬᠦᠴᠢᠷᠳᠡᠯ ᠢ ᠨᠢ ᠰᠢᠢᠳᠪᠦᠷᠢᠯᠡᠬᠦ ᠦᠢᠯᠡᠳᠦᠯ ᠢ ᠭᠦᠢᠴᠡᠳ ᠪᠠᠳᠠᠷᠠᠭᠤᠯᠵᠤ᠂  ᠲᠤᠰᠠᠯᠠᠮᠵᠢ ᠶᠢᠨ ᠲᠠᠰ ᠳᠠᠷᠠᠭᠠᠯᠠᠯ ᠢ ᠳᠥᠭᠦᠮᠴᠢᠯᠡᠨ᠂ ︽ᠤᠷᠢᠳ ᠢᠶᠠᠷ ᠲᠤᠰᠠᠯᠠᠬᠤ︾ ᠠᠷᠭ᠎ᠠ ᠶᠢ ᠬᠡᠷᠡᠭᠵᠢᠭᠦᠯᠵᠦ᠂ ︽ᠬᠦᠴᠢᠷᠳᠡᠯ ᠲᠠᠢ ᠪᠣᠯ ᠵᠠᠪᠠᠯ ᠬᠠᠪᠰᠤᠷᠴᠤ᠂ ᠬᠦᠴᠢᠷ ᠲᠠᠢ ᠪᠣᠯ ᠵᠠᠪᠠᠯ ᠠᠪᠤᠷᠠᠪᠠ︾᠃ 7 ᠳ᠋ᠤᠭᠠᠷ ᠰᠠᠷ᠎ᠠ ᠶᠢᠨ 15 ᠤ ᠡᠳᠦᠷ ᠪᠣᠯᠲᠠᠯ᠎ᠠ ᠰᠢᠯᠢ ᠶᠢᠨ ᠭᠤᠣᠯ ᠠᠶᠢᠮᠠᠭ᠂ ᠪᠠᠶᠠᠨᠨᠠᠭᠤᠷ ᠬᠤᠲᠠ᠂ ᠠᠯᠠᠱᠠ ᠠᠶᠢᠮᠠᠭ ᠭᠠᠩ ᠤᠨ ᠭᠠᠮᠰᠢᠭ ᠲᠤ ᠨᠥᠯᠥᠭᠡᠯᠡᠭᠳᠡᠭᠰᠡᠨ ᠬᠦᠴᠢᠷᠳᠡᠯᠲᠡᠢ ᠣᠯᠠᠨ ᠲᠦᠮᠡᠨ ᠢ 3501 ᠤᠳᠠᠭ᠎ᠠ ᠲᠦᠷ ᠲᠤᠰᠠᠯᠠᠵᠤ᠂ 411.54 ᠲᠦᠮᠡᠨ ᠲᠥᠭᠦᠷᠢᠭ ᠤᠨ ᠲᠤᠰᠠᠯᠠᠮᠵᠢ ᠶᠢᠨ ᠮᠥᠩᠭᠦ ᠵᠠᠷᠤᠴᠠᠭᠤᠯᠵᠤ᠂ ᠨᠥᠬᠦᠴᠡᠯ ᠳᠤ ᠨᠡᠶᠢᠴᠡᠬᠦ 97 ᠭᠠᠮᠰᠢᠭᠳᠠᠭᠰᠠᠨ ᠣᠯᠠᠨ ᠲᠦᠮᠡᠨ ᠢ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠡᠪᠴᠢᠶᠡᠨ ᠳᠤ ᠴᠠᠭ ᠲᠤᠬᠠᠢ ᠳᠤ ᠨᠢ ᠣᠷᠣᠭᠤᠯᠵᠠᠢ᠃   ᠭᠤᠷᠪᠠ ᠳᠤ᠂ ᠪᠡᠯᠡ ᠮᠥᠩᠭᠦᠨ ᠤ ᠣᠷᠣᠭᠤᠯᠤᠯᠲᠠ ᠪᠠᠨ ᠨᠡᠮᠡᠭᠳᠡᠭᠦᠯᠵᠦ᠂ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠠᠳᠤᠯᠠᠪᠠ᠃ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠤᠨ ᠬᠢᠨ ᠬᠦᠴᠢᠷᠳᠡᠯᠲᠡᠢ ᠣᠯᠠᠨ ᠲᠦᠮᠡᠨ ᠢ ᠲᠤᠰᠠᠯᠠᠬᠤ ᠨᠥᠬᠦᠪᠦᠷᠢ ᠶᠢ 500 ᠲᠦᠮᠡᠨ ᠲᠥᠭᠦᠷᠢᠭ ᠢ ᠪᠠᠴᠢᠮ ᠪᠠᠭᠤᠯᠭᠠᠵᠤ᠂ ᠰᠢᠯᠢ ᠶᠢᠨ ᠭᠤᠣᠯ ᠠᠶᠢᠮᠠᠭ᠂ ᠪᠠᠶᠠᠨᠨᠠᠭᠤᠷ ᠬᠤᠲᠠ᠂ ᠠᠯᠠᠱᠠ ᠠᠶᠢᠮᠠᠭ ᠵᠡᠷᠭᠡ ᠭᠠᠮᠰᠢᠭᠳᠠᠭᠰᠠᠨ ᠣᠷᠣᠨ ᠤ ᠲᠦᠷ ᠴᠠᠭ ᠤᠨ ᠲᠤᠰᠠᠯᠠᠮᠵᠢ ᠶᠢᠨ ᠠᠵᠢᠯ ᠢ ᠳᠡᠮᠵᠢᠬᠦ ᠳᠤ ᠬᠡᠷᠡᠭᠯᠡᠵᠦ᠂ ᠭᠠᠮᠰᠢᠭᠳᠠᠭᠰᠠᠨ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠢ  ᠪᠠᠳᠤᠯᠠᠯ᠎ᠠ᠃   ᠳᠥᠷᠪᠡ ᠳᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠵᠢᠯᠤᠭᠤᠳᠴᠤ᠂ ᠤᠯᠠᠨ  ᠶᠠᠩᠵᠤ ᠶᠢᠨ ᠲᠤᠰᠠᠯᠠᠮᠵᠢ  ᠶᠢᠨ ᠠᠵᠢᠯᠯᠠᠭ᠎ᠠ ᠦᠷᠨᠢᠬᠦᠯᠪᠡ᠃ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ  ᠠᠷᠠᠳ ᠤᠨ ᠶᠠᠪᠤᠳᠠᠯ ᠤᠨ ᠲᠢᠩᠬᠢᠮ ᠤᠨ ᠬᠢᠨ ᠨᠢᠭᠦᠯᠡᠰᠦᠩᠭᠦᠢ ᠶᠢᠨ ᠵᠣᠬᠢᠶᠠᠨ ᠪᠠᠶᠢᠭᠤᠯᠤᠯᠲᠠ ᠶᠢ ᠵᠢᠯᠤᠭᠤᠳᠴᠤ ᠪᠠᠶᠢᠭᠠᠳ  ᠬᠠᠨᠳᠢᠪ ᠤᠨ ᠠᠵᠤ ᠠᠬᠤᠶᠢᠯᠠᠯ᠂  ᠪᠦᠯᠬᠦᠮ ᠪᠠ ᠬᠤᠪᠢ ᠬᠥᠮᠥᠨ ᠢ ᠲᠠᠶᠢᠴᠢᠯᠠᠨ ᠭᠠᠩ ᠬᠠᠭᠰᠠᠷᠠᠭᠠᠨ ᠤ ᠭᠠᠮᠰᠢᠭ  ᠠᠴᠠ ᠠᠪᠤᠷᠠᠬᠤ ᠠᠵᠢᠯ ᠳᠤ ᠢᠳᠡᠪᠬᠢᠲᠡᠢ ᠣᠷᠣᠯᠴᠠᠭᠤᠯᠵᠤ᠂ ᠡᠬᠢ ᠪᠠᠶᠠᠯᠢᠭ ᠢ ᠥᠷᠭᠡᠨ ᠢᠶᠠᠷ ᠬᠤᠯᠪᠣᠵᠤ᠂ ᠨᠢᠭᠦᠯᠡᠰᠦᠩᠭᠦᠢ ᠶᠢᠨ ᠲᠡᠳᠬᠦᠮᠵᠢ ᠶᠢ ᠨᠠᠷᠢᠯᠢᠭ ᠣᠨᠣᠴᠠᠲᠠᠢ ᠪᠠᠷ ᠬᠡᠷᠡᠭᠵᠢᠭᠦᠯᠪᠡ᠃ ᠥᠪᠥᠷ ᠮᠣᠩᠭᠤᠯ ᠤᠨ ᠮᠧᠩ ᠨᠢᠦ ᠨᠡᠶᠢᠲᠡ ᠶᠢᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ ᠤᠨ ᠬᠢᠨ ᠪᠠᠶᠠᠨᠨᠠᠭᠤᠷ ᠬᠤᠲᠠ ᠶᠢᠨ ᠳ᠋ᠧᠩᠺᠸᠤ ᠰᠢᠶᠠᠨ ᠳᠤ 1750 ᠲᠦᠮᠡᠨ ᠲᠥᠭᠦᠷᠢᠭ ᠬᠠᠨᠳᠢᠪᠯᠡᠵᠤ ᠪᠠᠶᠢᠭᠠᠯᠢ ᠶᠢᠨ ᠭᠠᠮᠰᠢᠭ ᠤᠨ ᠪᠠᠴᠢᠮ ᠢ  ᠠᠷᠭᠠᠴᠠᠭᠠᠬᠤ ᠳᠤ ᠬᠡᠷᠡᠭᠯᠡᠭᠦᠯᠪᠡ᠃ ᠥᠪᠥᠷ ᠮᠣᠩᠭᠤᠯ ᠤᠨ ᠢᠯᠢ ᠶᠢᠨ ᠨᠡᠶᠢᠲᠡ ᠶᠢᠨ ᠠᠰᠠᠷᠠᠮᠵᠢ ᠶᠢᠨ ᠰᠠᠭᠤᠷᠢ ᠮᠥᠩᠭᠦᠨ ᠤ ᠨᠡᠶᠢᠭᠡᠮᠯᠢᠭ ᠂ ᠥᠪᠥᠷ ᠮᠣᠩᠭᠤᠯ ᠤᠨ ︽ᠨᠢᠬᠦᠯᠡᠰᠤᠩᠭᠦᠢ ᠶᠢᠨ ᠬᠤᠷ᠎ᠠ︾ ᠬᠠᠶᠢᠷ᠎ᠠ ᠬᠠᠯᠠᠮᠵᠢ ᠶᠢᠨ ᠨᠡᠶᠢᠭᠡᠮᠯᠢᠭ᠂ ᠥᠪᠥᠷ ᠮᠣᠩᠭᠤᠯ ᠤᠨ ︽ᠲᠤᠰᠤᠯ ᠤᠰᠤ︾  ᠨᠢᠭᠦᠯᠡᠰᠦᠩᠭᠦᠢ ᠶᠢᠨ ᠨᠡᠶᠢᠭᠡᠮᠯᠢᠭ ᠤᠨ ᠬᠢᠨ ᠰᠢᠯᠢ ᠶᠢᠨ ᠭᠤᠣᠯ ᠠᠶᠢᠮᠠᠭ ᠤᠨ ᠰᠥᠨᠢᠳ ᠪᠠᠷᠠᠭᠤᠨ ᠬᠤᠰᠢᠭᠤᠨ ᠳᠤ 25 ᠲᠦᠮᠡᠨ ᠲᠥᠭᠦᠷᠢᠭ ᠤᠨ ᠦᠷᠳᠡᠭ ᠪᠦᠬᠦᠢ  75 ᠲᠣᠨ ᠨᠠᠷᠢᠯᠢᠭ ᠪᠣᠷᠳᠤᠭ᠎ᠠ ᠬᠠᠨᠳᠢᠪᠯᠠᠬᠰᠠᠨ ᠪᠠᠶᠢᠨ᠎ᠠ᠃    
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号