ᠰᠢᠯᠵᠢᠬᠦᠯᠦᠭᠰᠡᠨ᠄ ᠶᠠᠮᠠᠷ ᠡᠮ ᠢ ᠲᠠᠩᠰᠠ ᠳᠡᠶᠢᠯᠵᠦ ᠪᠣᠯᠬᠤ ᠪᠣᠶ︖ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯᠡᠰ ᠤᠨ ᠭᠠᠷᠴᠠᠭ ᠢ ᠬᠠᠮᠢᠭ᠎ᠠ ᠠᠴᠠ ᠡᠷᠢᠬᠦ ᠪᠤᠢ︖
ᠨᠡᠶᠢᠲᠡᠯᠡᠭᠰᠡᠨ ᠴᠠᠭ᠄
2024/7/18
    ᠤᠯᠤᠰ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯᠡᠰ ᠤᠨ ᠭᠠᠷᠴᠠᠭ ᠭᠡᠵᠦ ᠶᠠᠭᠤ ᠪᠤᠢ︖    ᠲᠠᠩᠰᠠ ᠲᠠᠶᠢᠯᠬᠤ ᠲᠥᠷᠥᠯ ᠵᠦᠢᠯ ᠳᠠᠬᠢ ᠬᠥᠬᠡ ᠲᠥᠷᠥᠯ ᠪᠠ ᠬᠥᠬᠡᠭᠴᠢᠨ ᠲᠥᠷᠥᠯ ᠭᠡᠳᠡᠭ ᠨᠢ ᠶᠠᠮᠠᠷ ᠤᠳᠬ᠎ᠠ ᠲᠠᠢ ᠪᠣᠶ︖    ᠶᠠᠮᠠᠷ ᠶᠠᠮᠠᠷ ᠡᠮ ᠤᠨ ᠵᠦᠢᠯᠡᠰ ᠢ ᠤᠯᠤᠰ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯᠡᠰ ᠤᠨ ᠭᠠᠷᠴᠠᠭ ᠲᠤ ᠣᠷᠣᠭᠤᠯᠤᠭᠰᠠᠨ ᠦᠭᠡᠢ ᠪᠤᠢ︖    ᠡᠮᠴᠢᠯᠡᠭᠡᠨ ᠤ ᠳᠠᠭᠠᠳᠬᠠᠯ ᠤᠨ ᠭᠠᠷᠴᠠᠭ ᠲᠠᠬᠢ ᠡᠮ ᠤᠨ ᠵᠦᠢᠯᠡᠰ ᠤᠨ ᠮᠡᠳᠡᠭᠡ ᠵᠠᠩᠭᠢ ᠶᠢ ᠬᠡᠷᠬᠢᠨ ᠪᠠᠶᠢᠴᠠᠭᠠᠨ ᠯᠠᠪᠯᠠᠬᠤ ᠪᠤᠢ︖ ᠬᠠᠮᠲᠤ ᠳᠤ ᠪᠠᠨ ᠣᠶᠢᠯᠭᠠᠶ᠎ᠠ᠃    1. ᠤᠯᠤᠰ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯᠡᠰ ᠤᠨ ᠭᠠᠷᠴᠠᠭ ᠭᠡᠵᠦ ᠶᠠᠭᠤ ᠪᠤᠢ︖    ᠳᠠᠭᠠᠳᠬᠠᠯ ᠳᠤ ᠣᠷᠣᠯᠴᠠᠭᠰᠠᠳ ᠤᠨ ᠦᠨᠳᠦᠰᠦᠨ ᠡᠮᠴᠢᠯᠡᠭᠡᠨ ᠤ ᠬᠡᠷᠡᠭᠴᠡᠭᠡ ᠶᠢ ᠪᠠᠲᠤᠯᠠᠵᠤ᠂ ᠦᠨᠳᠦᠰᠦᠨ ᠡᠮᠴᠢᠯᠡᠭᠡᠨ ᠤ ᠳᠠᠭᠠᠳᠬᠠᠯ ᠤᠨ ᠬᠡᠷᠡᠭᠯᠡᠬᠦ ᠡᠮ ᠤᠨ ᠬᠠᠮᠢᠶᠠᠷᠤᠯᠲᠠ ᠶᠢ ᠵᠢᠷᠤᠮᠵᠢᠭᠤᠯᠬᠤ ᠶᠢᠨ ᠲᠥᠯᠥᠭᠡ᠂ ᠤᠯᠤᠰ ᠠᠴᠠ ᠦᠨᠳᠦᠰᠦᠨ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯᠡᠰ ᠤᠨ ᠭᠠᠷᠴᠠᠭ ᠢ ᠲᠣᠭᠲᠠᠭᠠᠪᠠ᠃ ᠳᠠᠭᠠᠳᠬᠠᠯ ᠳᠤ ᠣᠷᠣᠯᠴᠠᠭᠰᠠᠳ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠡᠭᠦᠰᠦᠭᠰᠡᠨ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯᠡᠰ ᠤᠨ ᠭᠠᠷᠴᠠᠭ ᠲᠤ ᠨᠡᠶᠢᠴᠡᠬᠦ ᠬᠠᠮᠢᠶ᠎ᠠ ᠪᠦᠬᠦᠢ ᠡᠮᠴᠢᠯᠡᠭᠡᠨ ᠤ ᠵᠠᠷᠤᠳᠠᠯ ᠢ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠠᠴᠠ ᠲᠣᠭᠲᠠᠭᠠᠯ ᠶᠣᠰᠣᠭᠠᠷ ᠲᠥᠯᠥᠵᠦ ᠥᠭᠭᠦᠨ᠎ᠡ᠃    ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ 2018 ᠣᠨ ᠳᠤ ᠪᠠᠶᠢᠭᠤᠯᠤᠭᠳᠠᠭᠰᠠᠨ ᠠᠴᠠ ᠨᠠᠭᠠᠰᠢ ᠂ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯᠡᠰ ᠤᠨ ᠭᠠᠷᠴᠠᠭ ᠲᠤ ᠬᠥᠳᠡᠯᠦᠩᠭᠦᠢ ᠲᠣᠬᠢᠷᠠᠭᠤᠯᠤᠯᠲᠠ ᠬᠢᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠪᠡ᠃ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯᠡᠰ ᠤᠨ ᠭᠠᠷᠴᠠᠭ ᠲᠤ ᠵᠠᠷᠴᠢᠮ ᠳᠡᠭᠡᠷ᠎ᠡ ᠪᠠᠨ ᠵᠢᠯ ᠪᠦᠷᠢ ᠨᠢᠭᠡ ᠤᠳᠠᠭ᠎ᠠ ᠲᠣᠬᠢᠷᠠᠭᠤᠯᠤᠯᠲᠠ ᠬᠢᠵᠦ᠂ ᠡᠮᠴᠢᠯᠡᠭᠡᠨ ᠳᠤ ᠵᠠᠪᠠᠯ ᠱᠠᠭᠠᠷᠳᠠᠭᠳᠠᠬᠤ᠂ ᠠᠮᠤᠷ ᠲᠦᠪᠰᠢᠨ ᠪᠥᠭᠡᠳ ᠪᠦᠲᠦᠮᠵᠢᠲᠡᠶ᠂ ᠦᠨ᠎ᠡ ᠬᠠᠩᠰᠢ ᠵᠣᠬᠢᠰᠲᠠᠢ ᠵᠡᠷᠭᠡ ᠦᠨᠳᠦᠰᠦᠨ ᠨᠥᠬᠦᠴᠡᠯ ᠳᠤ ᠨᠡᠶᠢᠴᠡᠬᠦ ᠡᠮ ᠤᠨ ᠵᠦᠢᠯᠡᠰ ᠢ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯᠡᠰ ᠤᠨ ᠭᠠᠷᠴᠠᠭ ᠲᠤ ᠣᠷᠣᠭᠤᠯᠤᠨ᠎ᠠ᠃    2. ᠲᠠᠩᠰᠠ ᠲᠠᠶᠢᠯᠬᠤ ᠲᠥᠷᠥᠯ ᠵᠦᠢᠯ ᠳᠠᠬᠢ ᠬᠥᠬᠡ ᠲᠥᠷᠥᠯ ᠪᠠ ᠬᠥᠬᠡᠭᠴᠢᠨ ᠲᠥᠷᠥᠯ ᠭᠡᠳᠡᠭ ᠨᠢ ᠶᠠᠮᠠᠷ ᠤᠳᠬ᠎ᠠ ᠲᠠᠢ ᠪᠣᠶ︖    ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯᠡᠰ ᠤᠨ ᠭᠠᠷᠴᠠᠭ ᠲᠠᠬᠢ ᠡᠸᠦ᠋ᠷᠦᠫᠡ ᠡᠮ ᠪᠠ ᠬᠢᠲᠠᠳ ᠪᠡᠯᠡᠨ ᠡᠮ ᠢ ᠬᠥᠬᠡ᠂ ᠬᠥᠬᠡᠭᠴᠢᠨ ᠭᠡᠵᠦ ᠬᠤᠶᠠᠷ ᠲᠦᠷᠦᠯ ᠳᠤ ᠬᠤᠪᠢᠶᠠᠨ᠎ᠠ᠃    ︽ᠬᠥᠬᠡ ᠲᠥᠷᠥᠯ ᠤᠨ ᠡᠮ ᠤᠨ ᠵᠦᠢᠯᠡᠰ︾ ᠭᠡᠳᠡᠭ ᠨᠢ ᠡᠮᠴᠢᠯᠡᠭᠡᠨ ᠳᠤ ᠵᠠᠪᠠᠯ ᠱᠠᠭᠠᠷᠳᠠᠭᠳᠠᠬᠤ᠂ ᠥᠷᠭᠡᠨ ᠬᠡᠷᠡᠭᠴᠡᠭᠡ ᠲᠠᠢ᠂ ᠡᠮᠴᠢᠯᠡᠭᠡᠨ ᠤ ᠦᠢᠯᠡᠳᠦᠯ ᠨᠢ ᠣᠨᠣᠪᠴᠢᠲᠠᠶ᠂ ᠠᠳᠠᠯᠢ ᠲᠥᠷᠥᠯ ᠤᠨ ᠡᠮ ᠤᠨ ᠵᠦᠢᠯᠡᠰ ᠤᠨ ᠳᠣᠲᠣᠷ᠎ᠠ ᠦᠨ᠎ᠡ ᠬᠠᠩᠰᠢ ᠪᠤᠶᠤ ᠡᠮᠴᠢᠯᠡᠭᠡᠨ ᠤ ᠵᠠᠷᠤᠳᠠᠯ ᠢᠶᠠᠷ ᠨᠡᠯᠢᠶᠡᠳ ᠳᠣᠣᠷ᠎ᠠ ᠡᠮ ᠤᠨ ᠵᠦᠢᠯᠡᠰ ᠢ ᠵᠢᠭᠠᠵᠤ ᠪᠠᠶᠢᠨ᠎ᠠ᠃ ᠳᠠᠭᠠᠳᠬᠠᠯ ᠳᠤ ᠣᠷᠣᠯᠴᠠᠭᠰᠠᠳ ᠡᠨᠡ ᠲᠥᠷᠥᠯ ᠤᠨ ᠡᠮ ᠢ ᠬᠡᠷᠡᠭᠯᠡᠪᠡᠯ ᠪᠥᠬᠦ ᠲᠤᠭ᠎ᠠ ᠪᠠᠷ ᠨᠢ ᠲᠠᠩᠰᠠ ᠲᠠᠶᠢᠯᠬᠤ ᠬᠡᠪᠴᠢᠶᠡᠨ ᠳᠤ ᠣᠷᠣᠭᠤᠯᠵᠤ᠂ ᠳᠠᠷᠠᠭ᠎ᠠ ᠨᠢ ᠲᠣᠭᠲᠠᠭᠠᠭᠰᠠᠨ ᠬᠠᠷᠢᠴᠠᠯ ᠢᠶᠠᠷ ᠲᠠᠩᠰᠠ ᠳᠡᠶᠢᠯᠵᠦ ᠪᠣᠯᠣᠨ᠎ᠠ     ︽ᠬᠥᠬᠡᠭᠴᠢᠨ ᠲᠥᠷᠥᠯ ᠤᠨ ᠡᠮ ᠤᠨ ᠵᠦᠢᠯᠡᠰ︾ ᠭᠡᠳᠡᠭ ᠨᠢ ᠡᠮᠴᠢᠯᠡᠭᠡᠨ ᠳᠤ ᠰᠣᠩᠭᠤᠨ ᠬᠡᠷᠡᠭᠯᠡᠵᠦ ᠪᠣᠯᠬᠤ᠂ ᠡᠮᠴᠢᠯᠡᠭᠡᠨ ᠤ ᠦᠢᠯᠡᠳᠦᠯ ᠨᠢ ᠣᠨᠣᠪᠴᠢᠲᠠᠶ᠂ ᠠᠳᠠᠯᠢ ᠲᠥᠷᠥᠯ ᠤᠨ ᠡᠮ ᠤᠨ ᠵᠦᠢᠯᠡᠰ ᠤᠨ ᠳᠣᠲᠣᠷ᠎ᠠ ᠦᠨ᠎ᠡ ᠬᠠᠩᠰᠢ ᠪᠤᠶᠤ ᠡᠮᠴᠢᠯᠡᠭᠡᠨ ᠤ ᠵᠠᠷᠤᠳᠠᠯ ᠢᠶᠠᠷ ︽ᠬᠥᠬᠡ ᠲᠥᠷᠥᠯ ᠤᠨ ᠡᠮ ᠤᠨ ᠵᠦᠢᠯᠡᠰ︾ ᠠᠴᠠ ᠵᠢᠭᠠᠬᠠᠨ ᠥᠨᠳᠥᠷ ᠡᠮ ᠤᠨ ᠵᠦᠢᠯᠡᠰ ᠢ ᠵᠢᠭᠠᠵᠤ ᠪᠠᠶᠢᠨ᠎ᠠ᠃ ᠳᠠᠭᠠᠳᠬᠠᠯ ᠳᠤ ᠣᠷᠣᠯᠴᠠᠭᠰᠠᠳ ᠡᠨᠡ ᠲᠥᠷᠥᠯ ᠤᠨ ᠡᠮ ᠢ ᠬᠡᠷᠡᠭᠯᠡᠪᠡᠯ ᠬᠤᠪᠢ ᠬᠥᠮᠥᠨ ᠵᠣᠬᠢᠬᠤ ᠬᠠᠷᠢᠴᠠᠯ ᠢᠶᠠᠷ ᠥᠪᠡᠷ ᠢᠶᠠᠨ ᠲᠥᠯᠥᠵᠦ᠂ ᠦᠯᠡᠳᠡᠭᠰᠡᠨ ᠬᠡᠰᠡᠭ ᠢ ᠨᠢ ᠲᠠᠩᠰᠠ ᠲᠠᠶᠢᠯᠬᠤ ᠬᠡᠪᠴᠢᠶᠡᠨ ᠳᠤ ᠣᠷᠣᠭᠤᠯᠵᠤ᠂ ᠳᠠᠬᠢᠨ ᠲᠣᠭᠲᠠᠭᠠᠭᠰᠠᠨ ᠬᠠᠷᠢᠴᠠᠯ ᠢᠶᠠᠷ ᠲᠠᠩᠰᠠ ᠲᠠᠶᠢᠯᠤᠨ᠎ᠠ᠃    3. ᠶᠠᠮᠠᠷ ᠶᠠᠮᠠᠷ ᠡᠮ ᠢ ᠤᠯᠤᠰ ᠤᠨ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯᠡᠰ ᠤᠨ ᠭᠠᠷᠴᠠᠭ ᠲᠤ ᠣᠷᠣᠭᠤᠯᠤᠭᠰᠠᠨ ᠦᠭᠡᠢ ᠪᠤᠢ︖    ︵ᠨᠢᠭᠡ︶ ᠭᠤᠣᠯᠳᠠᠭᠤ ᠰᠢᠮᠡᠵᠢᠭᠦᠯᠬᠦ ᠦᠢᠯᠡᠳᠦᠯ ᠦᠵᠡᠭᠦᠯᠳᠡᠭ ᠡᠮ ᠤᠨ ᠵᠦᠢᠯᠡᠰ︔    ︵ᠬᠤᠶᠠᠷ︶ ᠤᠯᠤᠰ ᠤᠨ ᠬᠤᠪᠣᠷ ᠨᠠᠨᠳᠢᠨ᠂ ᠮᠥᠬᠦᠬᠦ ᠰᠢᠬᠠᠭᠰᠠᠨ ᠬᠡᠭᠡᠷ᠎ᠡ ᠶᠢᠨ ᠠᠮᠢᠳᠡᠠ ᠤᠷᠭᠤᠮᠠᠯ ᠤᠨ ᠡᠮ ᠤᠨ ᠮᠠᠲ᠋ᠧᠷᠢᠶᠠᠯ ᠢ ᠠᠭᠤᠯᠤᠭᠰᠠᠨ ᠡᠮ ᠤᠨ ᠵᠦᠢᠯᠡᠰ︔    ︵ᠭᠤᠷᠪᠠ︶ ᠡᠷᠡᠭᠦᠯᠵᠢᠯ ᠤᠨ ᠡᠮ ᠤᠨ ᠵᠦᠢᠯᠡᠰ︔    ︵ᠳᠥᠷᠪᠡ︶ ᠰᠡᠷᠭᠡᠶᠢᠯᠡᠬᠦ ᠴᠢᠨᠠᠷᠲᠠᠢ ᠸᠠᠺᠼᠢᠨ ᠪᠠ ᠵᠢᠷᠮᠦᠰᠦᠯᠡᠬᠦ ᠶᠢ ᠬᠤᠷᠢᠭᠯᠠᠬᠤ ᠡᠮ ᠤᠨ ᠵᠦᠢᠯᠡᠰ︔    ︵ᠲᠠᠪᠤ︶ ᠭᠤᠣᠯᠳᠠᠭᠤ ᠪᠡᠯᠭᠡ ᠶᠢᠨ ᠠᠵᠢᠯᠯᠠᠭ᠎ᠠ ᠶᠢ ᠴᠢᠩᠭᠠᠷᠠᠭᠤᠯᠬᠤ᠂ ᠦᠰᠦ ᠤᠨᠠᠬᠤ ᠶᠢ ᠵᠠᠰᠠᠬᠤ᠂ ᠮᠠᠷᠢᠶ᠎ᠠ ᠰᠢᠭᠤᠷᠠᠭᠤᠯᠬᠤ᠂ ᠵᠢᠰᠦ ᠭᠤᠶᠣᠯᠠᠬᠤ᠂ ᠲᠠᠮᠠᠬᠢ ᠲᠠᠲᠠᠬᠤ ᠶᠢ ᠵᠣᠭᠰᠣᠭᠠᠬᠤ᠂ ᠠᠷᠢᠬᠢ ᠤᠤᠭᠤᠬᠤ ᠶᠢ ᠵᠣᠭᠰᠣᠭᠠᠬᠤ ᠵᠡᠷᠭᠡ ᠦᠢᠯᠡᠳᠦᠯ ᠲᠠᠢ ᠡᠮ ᠤᠨ ᠵᠦᠢᠯᠡᠰ︔    ︵ᠵᠢᠷᠭᠤᠭ᠎ᠠ︶ ᠣᠨᠣᠰᠢᠯᠠᠨ ᠡᠮᠴᠢᠯᠡᠬᠦ ᠵᠦᠢᠯᠡᠰ ᠲᠤ ᠣᠷᠣᠭᠤᠯᠤᠭᠰᠠᠨ ᠵᠡᠷᠭᠡ ᠰᠢᠯᠲᠠᠭᠠᠨ ᠠᠴᠠ ᠪᠣᠯᠵᠤ᠂ ᠠᠰᠳᠠᠭᠠᠨ ᠰᠦᠢᠳᠬᠡᠯ ᠬᠤᠷᠢᠶᠠᠬᠤ ᠠᠷᠭ᠎ᠠ ᠦᠭᠡᠢ ᠪᠣᠯᠤᠭᠰᠠᠨ ᠡᠮ ᠤᠨ ᠵᠦᠢᠯᠡᠰ︔    ︵ᠲᠤᠯᠤᠭ᠎ᠠ︶ ᠠᠷᠢᠬᠢᠨ ᠤ ᠨᠠᠶᠢᠷᠠᠯᠭ᠎ᠠ᠂ ᠴᠠᠢ ᠶᠢᠨ ᠨᠠᠶᠢᠷᠠᠯᠭ᠎ᠠ᠂ ᠡᠯ᠎ᠡ ᠲᠦᠷᠦᠯ ᠤᠨ ᠵᠢᠮᠢᠰ ᠤᠨ ᠠᠮᠲᠠᠲᠤ ᠨᠠᠶᠢᠷᠠᠯᠭ᠎ᠠ ︵ᠣᠨᠴᠠᠭᠠᠶ ᠪᠠᠶᠢᠳᠠᠯ ᠳᠣᠣᠷᠠᠬᠢ ᠬᠡᠦᠬᠡᠳ ᠲᠤ ᠬᠡᠷᠡᠭᠯᠡᠬᠦ ᠡᠮ ᠠᠴᠠ ᠭᠠᠳᠠᠨᠠᠬᠢ︶᠂ ᠭᠦᠯᠭᠦᠬᠦ ᠡᠮ ᠪᠠ ᠤᠤᠭᠤᠬᠤ ᠬᠥᠭᠡᠰᠦᠷᠡᠬᠦ ᠡᠮ ︵ᠣᠨᠴᠠᠭᠠᠶ ᠲᠣᠭᠲᠠᠭᠠᠭᠰᠠᠨ ᠪᠠᠶᠢᠳᠠᠯ ᠠᠴᠠ ᠭᠠᠳᠠᠨᠠᠬᠢ︶ ᠵᠡᠷᠭᠡ︔    ︵ᠨᠠᠢᠮᠠ︶ ᠡᠮᠴᠢᠯᠡᠭᠡᠨ ᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠬᠡᠷᠡᠭᠯᠡᠬᠦ ᠡᠮ ᠤᠨ ᠲᠣᠭᠲᠠᠭᠠᠯ ᠳᠤ ᠥᠯᠥ ᠨᠡᠶᠢᠴᠡᠬᠦ ᠪᠤᠰᠤᠳ ᠡᠮ ᠤᠨ ᠵᠦᠢᠯᠡᠰ᠃    4. ᠡᠮᠴᠢᠯᠡᠭᠡᠨ ᠤ ᠳᠠᠭᠠᠳᠬᠠᠯ ᠤᠨ ᠭᠠᠷᠴᠠᠭ ᠲᠠᠬᠢ ᠡᠮ ᠤᠨ ᠵᠦᠢᠯᠡᠰ ᠤᠨ ᠮᠡᠳᠡᠭᠡ ᠵᠠᠩᠭᠢ ᠶᠢ ᠬᠡᠷᠬᠢᠨ ᠪᠠᠶᠢᠴᠠᠭᠠᠨ ᠯᠠᠪᠯᠠᠬᠤ ᠪᠤᠢ︖    ᠨᠢᠭᠡᠳᠦᠭᠡᠷ ᠠᠯᠬᠤᠮ᠄ ︽ᠲᠥᠷᠥ ᠶᠢᠨ ᠶᠠᠪᠤᠳᠠᠯ ᠤᠨ ᠬᠤᠷᠢᠶᠠᠨ ᠤ ᠬᠡᠷᠡᠭᠯᠡᠭᠴᠢ ᠶᠢᠨ ᠦᠵᠦᠭᠦᠷ︾ ᠤᠨ ᠵᠢᠵᠢᠭ ᠫᠷᠣᠭ᠍ᠷᠠᠮ — — ᠤᠯᠤᠰ ᠤᠨ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯᠡᠰ ᠤᠨ ᠭᠠᠷᠴᠠᠭ ᠢ ᠪᠠᠶᠢᠴᠠᠭᠠᠨ ᠯᠠᠪᠯᠠᠬᠤ ᠳᠤ ᠣᠷᠣᠨ᠎ᠠ᠂ ᠳᠣᠣᠷᠠᠬᠢ ᠵᠢᠵᠢᠭ ᠫᠷᠣᠭ᠍ᠷᠠᠮ ᠤᠨ ᠺᠠᠷᠲ ᠢ ᠲᠣᠪᠴᠢᠳᠠᠵᠤ ᠪᠠᠶᠢᠴᠠᠭᠠᠨ ᠯᠠᠪᠯᠠᠬᠤ ᠨᠢᠭᠤᠷ ᠲᠤ ᠣᠷᠣᠨ᠎ᠠ᠃
    6.28-1.png    ᠬᠤᠶᠠᠳᠤᠭᠠᠷ ᠠᠯᠬᠤᠮ᠄ ᠪᠣᠳᠠᠲᠠᠢ ᠡᠮ ᠤᠨ ᠵᠦᠢᠯᠡᠰ ᠤᠨ ᠨᠡᠷᠡᠶᠢᠳᠦᠯ ᠢ ᠣᠷᠣᠭᠤᠯᠵᠤ ᠬᠠᠶᠢᠪᠠᠯ ᠳᠠᠷᠤᠢ
ᠲᠣᠰ ᠡᠮ ᠤᠨ ᠵᠦᠢᠯ ᠨᠢ ᠡᠮᠴᠢᠯᠡᠭᠡᠨ ᠤ ᠳᠠᠭᠠᠳᠬᠠᠯ ᠤᠨ ᠭᠠᠷᠴᠠᠭ ᠤᠨ ᠬᠡᠪᠴᠢᠶᠡᠨ ᠳᠤ ᠪᠠᠶᠢᠬᠤ ᠡᠰᠡᠬᠦ᠂ ᠬᠠᠷᠢᠶᠠᠯᠠᠭᠳᠠᠬᠤ ᠡᠮ ᠤᠨ ᠵᠦᠢᠯᠡᠰ ᠤᠨ ᠲᠥᠷᠥᠯ ᠵᠦᠢᠯ ᠵᠢᠴᠢ ᠪᠣᠳᠠᠲᠠᠢ ᠲᠠᠩᠰᠠ ᠲᠠᠶᠢᠯᠬᠤ ᠲᠥᠷᠥᠯ ᠵᠡᠷᠭᠡ ᠨᠠᠷᠢᠨ ᠲᠣᠳᠣᠷᠬᠠᠢ ᠮᠡᠳᠡᠭᠡ ᠵᠠᠩᠭᠢ ᠶᠢ ᠣᠶᠢᠯᠠᠭᠠᠵᠤ ᠪᠣᠯᠣᠨ᠎ᠠ᠃
6.28-2.png    
    ᠥᠪᠡᠷ ᠤᠨ ᠬᠡᠷᠡᠭᠴᠡᠭᠡ ᠪᠠᠨ ᠦᠨᠳᠦᠰᠦᠯᠡᠨ᠂ ︽ᠡᠮ ᠤᠨ ᠵᠦᠢᠯᠡᠰ ᠤᠨ ᠲᠥᠷᠥᠯ ᠵᠦᠢᠯ︾᠂ ︽ᠡᠮ ᠤᠨ ᠵᠦᠢᠯᠡᠰ ᠤᠨ ᠲᠥᠷᠥᠯ ᠠᠩᠭᠢᠯᠠᠯ︾ ᠪᠤᠶᠤ ︽ᠲᠠᠩᠰᠠ ᠲᠠᠶᠢᠯᠬᠤ ᠲᠥᠷᠥᠯ︾ ᠢᠶᠠᠷ ᠳᠡᠮᠵᠢᠨ ᠰᠢᠭᠰᠢᠨ ᠰᠣᠩᠭᠤᠵᠤ ᠪᠣᠯᠣᠨ᠎ᠠ᠃
  6.28-3.png 
    ᠨᠠᠩ ᠣᠯᠠᠨ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯᠡᠰ ᠤᠨ ᠭᠠᠷᠴᠠᠭ ᠢ ᠪᠠᠶᠢᠴᠠᠭᠠᠨ ᠯᠠᠪᠯᠠᠶ᠎ᠠ ᠭᠡᠪᠡᠯ ᠲᠥᠷᠥ ᠶᠢᠨ ᠶᠠᠪᠤᠳᠠᠯ ᠤᠨ ᠬᠤᠷᠢᠶᠠᠨ ᠤ ᠵᠢᠵᠢᠭ ᠫᠷᠣᠭ᠍ᠷᠠᠮ ᠳᠤ ᠭᠠᠷᠤᠭᠠᠷᠠᠢ᠃    
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号