ᠠᠷᠠᠳ ᠤᠨ ᠶᠠᠪᠤᠳᠠᠯ ᠤᠨ ᠶᠠᠮᠤᠨ ᠤ ᠣᠷᠣᠯᠭ᠎ᠠ ᠪᠠᠭ᠎ᠠ ᠭᠡᠷ ᠪᠦᠯᠢ ᠶᠢ ᠮᠠᠭᠠᠳᠯᠠᠨ ᠲᠣᠭᠲᠠᠭᠠᠬᠤ ᠠᠵᠢᠯ ᠤᠨ ᠵᠢᠯᠤᠭᠤᠳᠬᠤ ᠲᠥᠪ ᠤᠨ ᠡᠷᠬᠢᠯᠡᠭᠴᠢ ᠴᠧᠨ ᠰᠢᠶᠦ᠋ᠨ ᠹᠧᠩ ᠨᠠᠷ ᠮᠠᠨ ᠤ ᠤᠷᠤᠨ ᠳᠤ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/7/19
    ᠠᠷᠠᠳ ᠤᠨ ᠶᠠᠪᠤᠳᠠᠯ ᠤᠨ ᠶᠠᠮᠤᠨ ᠤ ᠣᠷᠣᠯᠭ᠎ᠠ ᠪᠠᠭ᠎ᠠ ᠭᠡᠷ ᠪᠦᠯᠢ ᠶᠢ ᠮᠠᠭᠠᠳᠯᠠᠨ ᠲᠣᠭᠲᠠᠭᠠᠬᠤ ᠵᠢᠯᠤᠭᠤᠳᠬᠤ ᠲᠥᠪ ᠤᠨ ᠡᠷᠬᠢᠯᠡᠭᠴᠢ ᠴᠧᠨ ᠰᠢᠶᠦ᠋ᠨ ᠹᠧᠩ ᠨᠠᠷ 7 ᠳ᠋ᠤᠭᠠᠷ ᠰᠠᠷ᠎ᠠ ᠶᠢᠨ 16 ᠤ ᠡᠳᠦᠷ ᠮᠠᠨ ᠤ ᠣᠷᠣᠨ ᠳᠤ ᠨᠡᠶᠢᠭᠡᠮ ᠤᠨ ᠲᠤᠰᠠᠯᠠᠮᠵᠢ ᠬᠦᠷᠳᠡᠬᠦ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠬᠠᠷᠭᠤᠭᠤᠯᠬᠤ ᠠᠵᠢᠯ ᠢ ᠪᠠᠶᠢᠴᠠᠭᠠᠨ ᠰᠤᠳᠤᠯᠪᠠ᠂ ᠠᠷᠠᠳ ᠤᠨ ᠶᠠᠪᠤᠳᠠᠯ ᠤᠨ ᠲᠢᠩᠬᠢᠮ ᠤᠨ ᠨᠡᠶᠢᠭᠡᠮ ᠤᠨ  ᠲᠤᠰᠠᠯᠠᠮᠵᠢ ᠶᠢᠨ ᠭᠠᠵᠠᠷ ᠤᠨ ᠳᠠᠷᠤᠭ᠎ᠠ ᠯᠢ ᠸᠧᠢ᠂ ᠣᠷᠳᠣᠰ ᠤᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠯᠢᠦ ᠵᠧᠩ ᠬᠠᠮᠳᠤ ᠪᠠᠶᠢᠴᠠᠭᠠᠨ ᠰᠤᠳᠤᠯᠪᠠ᠃
W020240718390266046269_ORIGIN.png
    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ  ᠡᠵᠡᠨ ᠬᠤᠷᠤᠭ᠎ᠠ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ᠂ ᠳ᠋ᠦᠩᠱᠧᠩ ᠲᠣᠭᠤᠷᠢᠭ ᠤᠨ ᠵᠠᠮ ᠬᠠᠷᠢᠯᠴᠠᠭᠠᠨ ᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠳ᠋ᠦᠩᠱᠧᠩ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠳᠤ ᠭᠦᠨᠵᠡᠭᠡᠶᠢᠷᠡᠨ᠂ ᠦᠨᠳᠦᠰᠦᠨ ᠱᠠᠲᠤᠨ ᠤ ᠨᠡᠶᠢᠭᠡᠮ ᠤᠨ ᠲᠤᠰᠠᠯᠠᠮᠵᠢ ᠬᠦᠷᠳᠡᠬᠦ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠬᠠᠷᠭᠤᠭᠤᠯᠵᠤ ᠭᠦᠢᠴᠡᠳᠬᠡᠬᠦ ᠦᠢᠯᠡᠴᠢᠯᠡᠭᠡᠨ ᠤ ᠶᠠᠪᠤᠴᠠ᠂ ᠨᠡᠶᠢᠭᠡᠮ ᠤᠨ ᠲᠤᠰᠠᠯᠠᠮᠵᠢ ᠶᠢᠨ ︽ᠨᠢᠭᠡ ᠰᠠᠯᠠᠭ᠎ᠠ ᠮᠥᠴᠢᠷ ᠨᠢ ᠭᠥᠯᠢᠶᠡᠨ ᠠᠪᠴᠤ ᠰᠢᠢᠳᠪᠦᠷᠢᠯᠡᠬᠦ᠂ ᠬᠠᠮᠵᠢᠯᠴᠠᠨ ᠭᠦᠢᠴᠡᠳᠬᠡᠬᠦ︾ ᠠᠵᠢᠯ ᠤᠨ ᠪᠠᠶᠢᠳᠠᠯ᠂ ᠦᠢᠯᠡᠴᠢᠯᠡᠭᠡᠨ ᠤ ᠲᠥᠷᠥᠯ ᠤᠨ ᠨᠡᠶᠢᠭᠡᠮ ᠤᠨ ᠲᠤᠰᠠᠯᠠᠮᠵᠢ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠨᠠᠷᠢᠨ ᠣᠶᠢᠯᠠᠭᠠᠪᠠ᠃ ᠪᠠᠰᠨ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠯᠭ᠎ᠠ ᠪᠠᠭ᠎ᠠ ᠬᠦᠮᠦᠰ ᠤᠨ ᠬᠥᠳᠡᠯᠦᠩᠭᠦᠢ ᠬᠢᠨᠠᠨ ᠬᠡᠮᠵᠢᠯᠲᠡ ᠶᠢᠨ ᠮᠡᠳᠡᠭᠡ ᠵᠠᠩᠭᠢ ᠶᠢᠨ ᠲᠠᠪᠴᠠᠩ ᠤᠨ ᠦᠵᠡᠭᠦᠯᠦᠯᠭᠡ ᠶᠢᠨ ᠶᠠᠷᠢᠯᠴᠠᠬᠤ ᠬᠤᠷᠠᠯ ᠬᠤᠷᠠᠯᠳᠤᠭᠤᠯᠵᠤ ᠦᠨᠳᠦᠰᠦᠨ ᠱᠠᠲᠤᠨ ᠤ ᠠᠷᠠᠳ ᠤᠨ ᠶᠠᠪᠤᠳᠠᠯ ᠤᠨ ᠠᠵᠢᠯᠲᠠᠳ ᠲᠠᠢ ᠰᠠᠨᠠᠯ ᠢᠶᠠᠨ ᠭᠦᠢᠴᠡᠳ ᠰᠣᠯᠢᠯᠴᠠᠪᠠ᠃
W020240718390266770824.png
   ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠠᠨ ᠤ ᠣᠷᠣᠨ ᠤ ᠤᠷᠴᠢᠮ ᠤᠨ ᠵᠢᠯ ᠤᠨ ᠲᠤᠷᠰᠢᠬᠢ ᠨᠡᠶᠢᠭᠡᠮ ᠤᠨ ᠲᠤᠰᠠᠯᠠᠮᠵᠢ ᠬᠦᠷᠳᠡᠬᠦ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠬᠠᠷᠭᠤᠭᠤᠯᠬᠤ ᠠᠵᠢᠯ ᠤᠨ ᠣᠯᠣᠭᠰᠠᠨ ᠦᠷ᠎ᠡ ᠪᠦᠲᠦᠮᠵᠢ ᠶᠢ ᠭᠦᠢᠴᠡᠳ ᠨᠤᠲᠠᠯᠠᠪᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ  ᠬᠢᠨ ᠤ ᠦᠵᠡᠬᠦ ᠪᠠᠷ᠂ ᠪᠦᠬᠦ ᠣᠷᠣᠨ ᠤ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠨᠡᠶᠢᠭᠡᠮ ᠤᠨ ᠲᠤᠰᠠᠯᠠᠮᠵᠢ ᠠᠵᠢᠯ ᠢ ᠴᠢᠬᠤᠯᠠᠴᠢᠯᠠᠨ᠂ ᠠᠷᠠᠳ ᠤᠨ ᠶᠠᠪᠤᠳᠠᠯ ᠤᠨ ᠶᠠᠮᠤᠨ ᠤ ᠨᠡᠶᠢᠭᠡᠮ ᠤᠨ ᠲᠤᠰᠠᠯᠠᠮᠵᠢ ᠶᠢᠨ ᠳᠦᠷᠢᠮ ᠤᠨ ᠥᠭᠡᠷᠡᠴᠢᠯᠡᠯᠲᠡ ᠶᠢᠨ ᠬᠠᠮᠢᠶ᠎ᠠ ᠪᠦᠬᠦᠢ ᠪᠠᠶᠢᠷᠢᠯᠠᠭᠤᠯᠤᠯᠲᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠣᠷᠣᠯᠭ᠎ᠠ  ᠪᠠᠭ᠎ᠠ ᠬᠦᠮᠦᠰ ᠤᠨ ᠬᠥᠳᠡᠯᠦᠩᠭᠦᠢ ᠪᠠᠶᠢᠳᠠᠯ ᠢ ᠬᠢᠨᠠᠨ ᠬᠡᠮᠵᠢᠬᠦ᠂ ᠨᠡᠶᠢᠭᠡᠮ ᠤᠨ ᠲᠤᠰᠠᠯᠠᠮᠵᠢ ᠬᠦᠷᠳᠡᠬᠦ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠬᠠᠷᠭᠤᠭᠤᠯᠬᠤ ᠲᠣᠭᠲᠠᠴᠠ ᠶᠢᠨ ᠪᠠᠶᠢᠭᠤᠯᠤᠯᠲᠠ ᠵᠡᠷᠭᠡ ᠭᠤᠣᠯᠳᠠᠯᠭ᠎ᠠ  ᠲᠠᠢ ᠠᠵᠢᠯ ᠢ ᠢᠳᠡᠪᠬᠢᠲᠡᠢ ᠠᠬᠢᠭᠤᠯᠵᠤ᠂ ᠣᠷᠣᠯᠭ᠎ᠠ ᠪᠠᠭ᠎ᠠ ᠬᠦᠮᠦᠰ ᠤᠨ ᠬᠥᠳᠡᠯᠦᠩᠭᠦᠢ ᠬᠢᠨᠠᠨ ᠬᠡᠮᠵᠢᠯᠲᠡ ᠶᠢᠨ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ᠂ ︽ᠥᠪᠥᠷ ᠮᠣᠩᠭᠤᠯ ᠤᠨ ᠲᠤᠰᠠᠯᠠᠮᠵᠢ ᠶᠢᠨ ᠰᠤᠹᠲ︾ ᠶᠢ ᠲᠣᠰ ᠣᠷᠣᠨᠴᠢᠯᠠᠬᠤ ᠪᠠᠶᠢᠷᠢᠯᠠᠭᠤᠯᠤᠯᠲᠠ ᠵᠡᠷᠭᠡ ᠲᠠᠯ᠎ᠠ ᠪᠠᠷ ᠢᠳᠡᠪᠬᠢᠲᠡᠢ ᠦᠷ᠎ᠡ ᠪᠦᠲᠦᠮᠵᠢ ᠣᠯᠵᠤ᠂ ᠪᠥᠬᠦ ᠤᠯᠤᠰ ᠤᠨ ᠡᠮᠦᠨ᠎ᠡ ᠡᠩᠨᠡᠭᠡᠨ ᠳᠤ ᠶᠠᠪᠤᠵᠤ᠂ ᠥᠪᠥᠷ ᠮᠣᠩᠭᠤᠯ ᠤᠨ ᠬᠠᠷᠭᠤᠭᠤᠯᠬᠤ ᠠᠵᠢᠯ ᠨᠢ ᠨᠠᠷᠢᠯᠢᠭ ᠣᠨᠣᠴᠠᠲᠠᠢ ᠪᠠᠷ ᠲᠤᠰᠠᠯᠠᠬᠤ᠂ ᠠᠷᠠᠳ ᠲᠤ ᠲᠥᠬᠦᠮ ᠦᠵᠡᠭᠦᠯᠵᠦ ᠳᠠᠷᠤᠭᠠᠰᠤ ᠶᠢ ᠬᠥᠩᠭᠡᠷᠡᠭᠦᠯᠬᠦ ᠵᠡᠷᠭᠡ ᠲᠠᠯ᠎ᠠ ᠪᠠᠷ ᠢᠯᠡᠳᠲᠡ ᠦᠢᠯᠡᠳᠦᠯ ᠴᠢᠳᠠᠪᠤᠷᠢ ᠪᠠᠨ ᠪᠠᠳᠠᠷᠠᠭᠤᠯᠪᠠ᠃
W020240718390266838614_ORIGIN.png    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ᠄ ︽ᠥᠪᠥᠷ ᠮᠣᠩᠭᠤᠯ ᠤᠨ ᠬᠢᠨ ︿ᠲᠦᠷᠪᠡᠨ ᠰᠡᠳᠬᠢᠴᠡ﹀
 ᠶᠢ ᠡᠵᠡᠮᠳᠡᠵᠦ᠂  ︿ᠭᠤᠷᠪᠠᠨ ᠦᠢᠯᠡᠴᠢᠯᠡᠭᠡ﹀  ᠳᠤ ᠰᠠᠭᠤᠷᠢᠯᠠᠵᠤ᠂ ︿ᠥᠪᠥᠷ ᠮᠣᠩᠭᠤᠯ ᠤᠨ ᠲᠤᠰᠠᠯᠠᠮᠵᠢ ᠶᠢᠨ ᠰᠤᠹᠲ﹀ ᠢ ᠦᠷᠭᠦᠯᠵᠢᠯᠡᠨ  ᠲᠡᠯᠬᠡᠷᠡᠬᠦᠯᠵᠤ᠂ ᠮᠤᠵᠢ ᠠᠯᠤᠰᠯᠠᠨ ᠬᠠᠷᠭᠤᠭᠤᠯᠬᠤ ᠠᠦ᠋ᠲ᠋ᠣᠴᠢᠯᠠᠯᠲᠠ ᠶᠢ  ᠲᠦᠷᠬᠡᠳᠬᠡᠨ᠂ ᠬᠢᠨᠠᠨ ᠪᠠᠶᠢᠴᠠᠭᠠᠬᠤ ᠲᠤᠭ᠎ᠠ ᠪᠠᠷᠢᠮᠲᠠ ᠶᠢᠨ ᠬᠥᠮᠥᠷᠭᠡ ᠶᠢ ᠪᠠᠶᠢᠭᠤᠯᠤᠨ ᠲᠡᠭᠦᠯᠳᠡᠷᠵᠢᠭᠦᠯᠵᠦ᠂ ᠨᠡᠶᠢᠭᠡᠮ ᠤᠨ ᠲᠤᠰᠠᠯᠠᠮᠵᠢ ᠬᠦᠷᠳᠡᠬᠦ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠬᠠᠷᠭᠤᠭᠤᠯᠬᠤ ᠪᠠᠷᠢᠮᠵᠢᠶᠠᠵᠢᠭᠤᠯᠤᠯᠲᠠ᠂ ᠲᠣᠭᠠᠴᠢᠯᠠᠯᠲᠠ᠂ ᠠᠦ᠋ᠲ᠋ᠣᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠠᠷᠠᠳ ᠤᠨ ᠶᠠᠪᠤᠳᠠᠯ ᠤᠨ ᠦᠢᠯᠡᠰ ᠤᠨ ᠴᠢᠨᠠᠷᠯᠢᠭ ᠬᠥᠭᠵᠢᠯᠲᠡ ᠶᠢ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ︾ ᠬᠡᠪᠡ᠃    
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号