ᠠᠷᠠᠳ ᠤᠨ ᠶᠠᠪᠤᠳᠠᠯ ᠤᠨ  ᠰᠢᠭᠤᠷᠬᠠᠢ ᠮᠡᠳᠡᠭᠡ
ᠨᠡᠶᠢᠲᠡᠯᠡᠭᠰᠡᠨ ᠴᠠᠭ᠄
2024/7/19
ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ    ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ ᠤᠷᠴᠢᠮ ᠳᠤ ︽ᠵᠤᠯ ᠵᠢᠷᠭᠠᠯᠳᠤ ᠬᠡᠷ ᠪᠦᠯᠢ ᠶᠢᠨ ᠲᠦᠯᠤᠬᠡ ᠮᠡᠬᠡᠯᠡᠯ ᠠᠴᠠ ᠰᠡᠷᠬᠡᠶᠢᠯᠡᠬᠦ︾ ᠪᠠᠷ ᠭᠤᠣᠯ ᠰᠡᠳᠦᠪ ᠪᠣᠯᠭᠠᠵᠤ᠂ ᠪᠥᠬᠦ ᠣᠷᠣᠨ ᠤ ᠬᠡᠪᠴᠢᠶᠡᠨ ᠳᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠦᠷᠢᠶ᠎ᠡ ᠴᠠᠷᠠᠭ᠎ᠠ  ᠳᠤ ᠬᠢ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢ ᠥᠷᠨᠢᠭᠦᠯᠪᠡ᠃ ᠡᠯᠪᠡᠭ ᠪᠠᠶᠠᠯᠢᠭ ᠣᠯᠠᠨ ᠶᠠᠩᠵᠤ ᠶᠢᠨ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠨᠠᠰᠤᠵᠢᠯ ᠤᠨ ᠦᠢᠯᠡᠴᠢᠯᠡᠭᠡᠨ ᠤ ᠬᠦᠷᠢᠶ᠎ᠡ ᠴᠠᠷᠠᠭ᠎ᠠ ᠳᠤ ᠬᠢ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠥᠬᠦ ᠲᠠᠯ᠎ᠠ ᠪᠠᠷ ᠪᠣᠶ ᠪᠣᠯᠭᠠᠵᠤ᠂ ᠨᠠᠰᠤᠲᠠᠶᠢᠴᠤᠳ ᠪᠠ ᠲᠡᠳᠡᠨ ᠤ ᠭᠡᠷ ᠪᠦᠯᠢ ᠶᠢᠨ ᠬᠢᠨ ᠤ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ ᠦᠵᠡᠯ ᠤᠬᠠᠮᠰᠠᠷ ᠪᠠ ᠴᠢᠳᠠᠪᠤᠷᠢ ᠶᠢ ᠲᠡᠭᠡᠭᠰᠢᠯᠡᠬᠦᠯᠪᠡ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ      ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠪᠠ ᠠᠷᠠᠳ ᠤᠨ ᠠᠮᠢᠳᠤᠷᠠᠯ ᠤᠨ ᠦᠢᠯᠡᠴᠢᠯᠡᠭᠡ ᠶᠢ ᠳᠡᠮᠵᠢᠬᠦ ᠲᠠᠯ᠎ᠠ ᠪᠠᠷ ᠬᠢ ᠦᠢᠯᠡᠳᠦᠯ ᠢ ᠤᠯᠠᠮ ᠪᠠᠳᠠᠷᠠᠭᠤᠯᠬᠤ ᠶᠢᠨ ᠲᠥᠯᠥᠭᠡ᠂ ᠬᠢᠩᠭᠠᠨ ᠠᠶᠢᠮᠠᠭ ᠤᠨ ᠬᠢᠨ ︽ᠬᠢᠩᠭᠠᠨ ᠤ ᠬᠢᠨ ᠳᠤ ᠪᠠᠨ ᠲᠤᠰᠠᠯᠠᠬᠤ︾ ᠰᠢᠷᠢᠰ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠶᠢ ᠥᠷᠨᠢᠭᠦᠯᠵᠦ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠢᠨ ᠢ ᠢᠳᠡᠪᠬᠢᠲᠡᠢ ᠪᠠᠷ ᠳᠠᠶᠢᠴᠢᠯᠠᠨ ᠵᠢᠯᠤᠭᠤᠳᠴᠤ ᠪᠠᠶᠢᠭᠠᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠤ ᠣᠷᠣᠯᠴᠠᠭᠤᠯᠪᠠ᠃ 2024 ᠣᠨ ᠠᠴᠠ ᠨᠠᠭᠠᠰᠢ ᠪᠦᠬᠦ ᠠᠶᠢᠮᠠᠭ ᠤᠨ ᠬᠢᠨ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠢᠯᠡᠴᠢᠯᠡᠭᠡᠨ ᠤ ᠲᠠᠪᠴᠠᠩ ᠤᠨ 18 ᠲᠦᠷᠦᠯ ᠵᠦᠢᠯ ᠢ ᠪᠡᠶᠡᠯᠡᠭᠦᠯᠵᠦ᠂ ᠨᠡᠶᠢᠳᠡ 9.71 ᠲᠦᠮᠡᠨ ᠲᠥᠭᠦᠷᠢᠭ ᠤᠨ ᠪᠡᠯᠡ ᠮᠥᠩᠭᠦ ᠡᠳ᠋ ᠪᠣᠳᠠᠰ ᠣᠷᠣᠭᠤᠯᠵᠤ᠂ 1241 ᠬᠥᠮᠥᠨ ᠤᠳᠠᠭ᠎ᠠ ᠶᠢᠨ ᠠᠰᠢᠭ ᠬᠦᠷᠲᠡᠵᠡᠢ᠃ ᠨᠡᠶᠢᠭᠡᠮ ᠤᠨ ᠲᠤᠰᠠᠯᠠᠮᠵᠢ      ᠰᠢᠯᠢ ᠶᠢᠨ ᠭᠤᠣᠯ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠰᠠᠨᠠᠭᠠᠴᠢᠯᠠᠭ᠎ᠠ ᠠᠴᠠ ᠪᠠᠨ ᠢᠯᠡᠷᠡᠭᠦᠯᠬᠦ ᠠᠵᠢᠯ ᠤᠨ  ᠲᠤᠤᠷᠵᠢᠯ ᠢ ᠪᠠᠶᠢᠭᠤᠯᠬᠤ ᠪᠠᠷ ᠳᠠᠮᠵᠢᠭᠤᠯᠤᠨ᠂ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠤᠨ ᠬᠡᠷᠡᠭᠯᠡᠯᠲᠡ ᠶᠢ ᠴᠢᠩᠭᠠᠳᠬᠠᠵᠤ᠂ ᠰᠤᠷᠪᠤᠯᠵᠢᠯᠠᠨ ᠪᠠᠶᠢᠴᠠᠭᠠᠬᠤ ᠠᠵᠢᠯ ᠤᠨ ᠡᠷᠴᠢᠮ ᠢᠶᠠᠨ ᠴᠢᠩᠭᠠᠷᠠᠭᠤᠯᠤᠨ᠂  ᠲᠤᠰᠠᠯᠠᠮᠵᠢ ᠶᠢᠨ ᠪᠠᠶᠢᠡᠭᠭᠤ ᠶᠢᠨ ᠤᠲᠠᠰᠤ ᠶᠢ ᠭᠦᠢᠴᠡᠳᠬᠡᠬᠦ ᠦᠢᠯᠡᠴᠢᠯᠡᠭᠡ ᠶᠢ ᠰᠠᠶᠢᠲᠤᠷ ᠬᠢᠵᠦ ᠂ ︽ᠬᠥᠮᠥᠨ ᠨᠢ ᠲᠥᠷᠥ ᠶᠢᠨ ᠪᠣᠳᠣᠯᠭ᠎ᠠ ᠶᠢ ᠡᠷᠢᠬᠦ︾  ᠠᠴᠠ ︽ᠲᠥᠷᠥ ᠶᠢᠨ ᠪᠣᠳᠣᠯᠭ᠎ᠠ ᠨᠢ ᠬᠥᠮᠥᠨ ᠢ ᠡᠷᠢᠬᠦ︾ ᠪᠣᠯᠭᠠᠨ ᠬᠤᠪᠢᠷᠠᠭᠤᠯᠵᠤ᠂ ᠤᠯᠠᠮ ᠨᠠᠷᠢᠯᠢᠭ ᠣᠨᠣᠴᠠᠲᠠᠢ ᠪᠠᠷ ᠲᠤᠰᠠᠯᠠᠬᠤ  ᠪᠤᠯᠪᠠ᠃ ᠰᠢᠯᠢ ᠶᠢᠨ ᠭᠤᠤᠯ ᠠᠶᠢᠮᠠᠭ  ᠤᠨ ᠬᠢᠨ 2024 ᠣᠨ ᠠᠴᠠ ᠨᠠᠭᠠᠰᠢ ᠡᠳᠦᠷ ᠲᠤᠲᠤᠮ ᠤᠨ ᠰᠣᠷᠪᠤᠯᠵᠢᠯᠠᠭ᠎ᠠ ᠬᠢᠬᠦ᠂ ᠲᠥᠪᠯᠡᠷᠡᠭᠦᠯᠦᠨ ᠪᠠᠶᠢᠴᠠᠭᠠᠵᠤ ᠦᠵᠡᠬᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠲᠤᠭ᠎ᠠ ᠪᠠᠷᠢᠮᠲᠠ ᠶᠢ ᠬᠠᠷᠢᠴᠠᠭᠤᠯᠬᠤ ᠪᠠ ᠨᠡᠶᠢᠭᠡᠮ ᠤᠨ ᠲᠤᠰᠠᠯᠠᠮᠵᠢ ᠶᠢᠨ ᠪᠠᠶᠢᠡᠭᠭᠤ ᠶᠢᠨ ᠤᠲᠠᠰᠤ ᠶᠢ ᠰᠤᠳᠤᠯᠤᠨ ᠮᠠᠭᠠᠳᠯᠠᠬᠤ ᠵᠡᠷᠭᠡ ᠠᠷᠭ᠎ᠠ  ᠪᠠᠷ ᠣᠷᠣᠯᠭ᠎ᠠ  ᠪᠠᠭ᠎ᠠ 6894 ᠬᠦᠮᠦᠰ ᠢ ᠰᠠᠨᠠᠭᠠᠴᠢᠯᠠᠭ᠎ᠠ ᠠᠴᠠ ᠪᠠᠨ ᠢᠯᠡᠷᠡᠭᠦᠯᠵᠦ᠂ ᠨᠠᠭᠠᠲᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠢ ᠬᠥᠮᠥᠰ᠂ ᠲᠦᠷ ᠴᠠᠭ ᠤᠨ ᠲᠤᠰᠠᠯᠠᠮᠵᠢ ᠵᠡᠷᠭᠡ 2599 ᠬᠥᠮᠥᠨ ᠳᠤ ᠨᠡᠶᠢᠭᠡᠮ ᠤᠨ ᠲᠤᠰᠠᠯᠠᠮᠵᠢ  ᠬᠦᠷᠳᠡᠬᠡᠵᠡᠢ᠃    ᠤᠯᠠᠭᠠᠨᠴᠠᠪ ᠤᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ  ᠶᠢᠨ ᠬᠢᠨ ᠦᠨᠤ ᠵᠢᠯ ︽1+11+N ︾ ᠲᠡᠨᠤᠬᠦᠴᠢᠯᠡᠨ ᠭᠤᠶᠢᠷᠠᠨᠴᠢᠯᠠᠬᠰᠠᠳ ᠢ ᠲᠤᠰᠠᠯᠠᠬᠤ ᠬᠠᠮᠢᠶᠠᠷᠤᠯᠲᠠ ᠶᠢᠨ ᠵᠠᠭᠪᠤᠷ ᠢ ᠪᠠᠶᠢᠭᠤᠯᠪᠠ᠂ ᠲᠤᠬᠠᠶᠢᠯᠠᠪᠠᠯ ᠤᠯᠠᠭᠠᠨᠴᠠᠪ ᠬᠤᠲᠠ ᠶᠢᠨ ᠨᠡᠶᠢᠭᠡᠮ ᠤᠨ ᠲᠤᠰᠠᠯᠠᠮᠵᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠢᠶᠠᠷ ᠣᠷᠣᠨ ᠪᠦᠰᠡ ᠶᠢᠨ ᠲᠥᠪ ᠥᠷᠲᠡᠭᠡ ᠪᠣᠯᠭᠠᠵᠤ᠂ 11 ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠪᠠ N ᠰᠢᠶᠠᠩ ᠪᠠᠯᠭᠠᠰᠤ ᠶᠢᠨ ᠲᠦᠷ ᠴᠠᠭ ᠤᠨ ᠲᠤᠰᠠᠯᠠᠮᠵᠢ ᠶᠢᠨ ᠴᠡᠭ ᠲᠠᠢ ᠬᠤᠯᠪᠤᠭᠠᠯᠠᠨ ᠬᠥᠳᠡᠯᠦᠯᠴᠡᠵᠦ᠂ ᠲᠤᠰᠠᠯᠠᠮᠵᠢ ᠶᠢᠨ ᠲᠤᠤᠷᠵᠢᠯ ᠢ ᠲᠡᠭᠦᠯᠳᠡᠷᠵᠢᠭᠦᠯᠦᠨ᠂ ᠣᠷᠣᠨ ᠪᠦᠰᠡ ᠶᠢᠨ ᠡᠬᠢ ᠪᠠᠶᠠᠯᠢᠭ ᠢ ᠠᠮᠢᠯᠠᠭᠤᠯᠵᠤ᠂ ᠲᠡᠨᠤᠬᠦᠴᠢᠯᠡᠨ ᠭᠤᠶᠢᠷᠠᠨᠴᠢᠯᠠᠬᠰᠠᠳ ᠤᠨ ᠲᠥᠷᠥᠯ ᠰᠠᠳᠤᠨ ᠢ ᠨᠢ ᠡᠷᠢᠵᠦ ᠬᠡᠷ ᠨᠤᠳᠤᠭ  ᠲᠤ ᠨᠢ ᠬᠦᠷᠬᠡᠬᠦ᠂ ᠡᠮᠨᠡᠯᠭᠡ ᠳᠤ ᠬᠦᠷᠭᠡᠵᠦ ᠠᠪᠤᠷᠠᠨ ᠵᠠᠰᠠᠬᠤ᠂ ᠡᠷᠦᠬᠡ ᠠᠮᠠ ᠣᠷᠣᠭᠤᠯᠵᠤ ᠲᠥᠪᠬᠢᠨᠡᠭᠦᠯᠬᠦ ᠵᠡᠷᠭᠡ ᠠᠵᠢᠯ ᠢ ᠬᠠᠮᠵᠢᠯᠴᠠᠨ ᠠᠬᠢᠭᠤᠯᠵᠤ ᠣᠲᠣ ᠪᠣᠯᠲᠠᠯ᠎ᠠ 255ᠲᠡᠨᠤᠬᠦᠴᠢᠯᠡᠨ ᠭᠤᠶᠢᠷᠠᠨᠴᠢᠯᠠᠬᠰᠠᠳ ᠢ ᠲᠤᠰᠠᠯᠠᠵᠤ ᠪᠠᠶᠢᠨ᠎ᠠ᠃ᠨᠠᠰᠤᠵᠢᠯ ᠤᠨ ᠦᠢᠯᠡᠴᠢᠯᠡᠭᠡ     ᠪᠤᠭᠤᠲᠤ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ 7 ᠰᠠᠷ᠎ᠠ ᠶᠢᠨ 17  ᠠᠴᠠ 19 ᠤ ᠡᠳᠦᠷ   ᠪᠦᠬᠦ ᠬᠤᠲᠠ ᠶᠢᠨ ᠵᠤᠭᠠᠴᠠᠨ ᠰᠠᠭᠤᠵᠤ ᠡᠷᠡᠭᠦᠯ ᠮᠡᠨᠳᠦ ᠠᠰᠠᠷᠠᠨ ᠲᠡᠵᠢᠭᠡᠬᠦ ᠲᠠᠨᠢᠯᠴᠠᠭᠤᠯᠭ᠎ᠠ ᠶᠢᠨ ᠬᠤᠷᠠᠯ ᠬᠢᠵᠦ᠂ ᠲᠤᠬᠠᠢ ᠶᠢᠨ ᠭᠠᠵᠠᠷ ᠲᠤ ᠨᠢ ᠲᠣᠭᠤᠷᠢᠨ ᠦᠵᠡᠬᠦ᠂ ᠲᠥᠷᠥᠯ ᠵᠦᠢᠯ ᠢ ᠲᠠᠨᠢᠯᠴᠠᠭᠤᠯᠬᠤ᠂ ᠲᠥᠷᠥᠯ ᠵᠦᠢᠯ ᠤᠨ ᠭᠡᠷ᠎ᠡ ᠲᠣᠭᠲᠠᠬᠤ ᠵᠡᠷᠭᠡ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠨᠠᠰᠤᠵᠢᠯ ᠤᠨ ᠦᠢᠯᠡᠴᠢᠯᠡᠭᠡᠨ ᠤ ᠰᠢᠨ᠎ᠡ ᠮᠡᠷᠭᠡᠵᠢᠯ᠂ ᠰᠢᠨ᠎ᠡ ᠦᠢᠯᠡᠳᠬᠦᠨ᠂ ᠰᠢᠨ᠎ᠡ ᠦᠷ᠎ᠡ ᠪᠦᠲᠦᠭᠡᠯ ᠢ ᠳᠡᠯᠭᠡᠨ ᠦᠵᠡᠭᠦᠯᠵᠦ᠂ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠦᠢᠯᠡᠴᠢᠯᠡᠭᠡᠨ ᠤ ᠲᠠᠪᠴᠠᠩ ᠢ ᠪᠠᠶᠢᠭᠤᠯᠤᠨ᠂ ᠲᠣᠰ ᠭᠠᠵᠠᠷ ᠣᠷᠣᠨ ᠤ ᠣᠨᠴᠠᠯᠢᠭᠲᠤ ᠵᠢᠭᠤᠯᠴᠢᠯᠠᠯ ᠤᠨ ᠡᠬᠢ ᠪᠠᠶᠠᠯᠢᠭ ᠪᠠ ᠪᠠᠶᠢᠭᠠᠯᠢ ᠶᠢᠨ ᠣᠷᠴᠢᠨ ᠲᠣᠭᠤᠷᠢᠨ ᠳᠤ ᠲᠦᠰᠢᠭᠯᠡᠨ᠂ ᠨᠠᠰᠤᠵᠢᠯ ᠤᠨ ᠦᠢᠯᠡᠰ ᠬᠢᠭᠡᠳ ᠨᠠᠰᠤᠵᠢᠯ ᠤᠨ ᠠᠵᠤ ᠦᠢᠯᠡᠰ ᠤᠨ ᠬᠥᠭᠵᠢᠯᠲᠡ ᠶᠢ ᠬᠠᠮᠵᠢᠯᠴᠠᠨ ᠠᠬᠢᠭᠤᠯᠪᠠ᠃ ᠪᠥᠬᠦ ᠤᠯᠤᠰ ᠤᠨ 10 ᠮᠤᠵᠢ ᠬᠤᠲᠠ᠂ ᠨᠡᠶᠢᠭᠡᠮ ᠤᠨ ᠨᠠᠰᠤᠵᠢᠯ ᠤᠨ ᠠᠰᠠᠷᠠᠮᠵᠢ ᠶᠢᠨ ᠠᠵᠤ ᠠᠬᠤᠶᠢᠯᠠᠯ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠪᠥᠬᠦ ᠬᠤᠲᠠ ᠶᠢᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠪᠤᠶᠤ ᠭᠡᠷ ᠲᠤ ᠨᠢ ᠬᠦᠷᠴᠤ ᠠᠰᠠᠷᠠᠬᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠴᠡᠭ ᠤᠨ ᠬᠠᠷᠢᠭᠤᠴᠠᠯᠭᠠᠲᠠᠨ ᠢ ᠤᠷᠢᠵᠤ᠂ ᠪᠠᠷᠤᠭ 110 ᠭᠠᠷᠤᠢ ᠬᠥᠮᠥᠨ ᠢ ᠣᠷᠣᠯᠴᠠᠭᠤᠯᠵᠠᠢ᠃     
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号