ᠠᠷᠠᠳ ᠤᠨ ᠶᠠᠪᠤᠳᠠᠯ ᠤᠨ ᠰᠢᠭᠤᠷᠬᠠᠢ ᠮᠡᠳᠡᠭᠡ
ᠨᠡᠶᠢᠲᠡᠯᠡᠭᠰᠡᠨ ᠴᠠᠭ᠄
2024/7/19
ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ        ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ ᠤᠷᠴᠢᠮ ᠳᠤ 2024 ᠣᠨ ᠤ ᠪᠥᠬᠦ ᠣᠷᠣᠨ ᠤ ᠥᠨᠥᠴᠢᠨ ᠵᠡᠮᠳᠡᠭ ᠬᠡᠦᠬᠡᠳ ᠤᠨ ᠰᠤᠪᠢᠯᠠᠭᠴᠢ ᠶᠢᠨ ᠪᠣᠯᠪᠠᠰᠤᠷᠠᠯ ᠤᠨ ᠠᠩᠭᠢ ᠪᠠ ᠠᠵᠢᠯ ᠤᠨ ᠴᠢᠳᠠᠪᠤᠷᠢ ᠶᠢᠨ ᠳᠡᠰ ᠢ ᠮᠠᠭᠠᠳᠯᠠᠨ ᠲᠣᠭᠲᠠᠭᠠᠬᠤ ᠰᠢᠯᠭᠠᠯᠲᠠ ᠶᠠᠪᠤᠭᠳᠠᠭᠤᠯᠪᠠ᠃ ᠪᠣᠯᠪᠠᠰᠤᠷᠠᠯ ᠲᠡᠬᠡᠷ᠎ᠡ ᠥᠨᠥᠴᠢᠨ ᠵᠡᠮᠳᠡᠭ ᠬᠡᠦᠬᠡᠳ ᠤᠨ ᠰᠤᠪᠢᠯᠠᠭᠴᠢ ᠶᠢᠨ ᠠᠵᠢᠯ  ᠤᠨ ᠶᠣᠰᠣ ᠮᠣᠷᠠᠯ ᠪᠠ ᠥᠨᠥᠴᠢᠨ ᠵᠡᠮᠳᠡᠭ ᠬᠡᠦᠬᠡᠳ ᠤᠨ ᠠᠮᠢᠳᠤᠷᠠᠯ ᠤᠨ ᠬᠠᠷᠠᠭᠠᠯᠵᠠᠯ᠂ ᠡᠷᠡᠭᠦᠯᠵᠢᠯ ᠪᠠ ᠰᠤᠪᠢᠯᠠᠯᠲᠠ᠂ ᠰᠡᠳᠬᠢᠴᠡ ᠶᠢᠨ ᠬᠠᠪᠰᠤᠷᠤᠨ ᠵᠢᠯᠣᠭᠤᠳᠤᠯᠭ᠎ᠠ ᠪᠠ ᠣᠨᠴᠠᠭᠠᠢ ᠰᠤᠷᠭᠠᠨ ᠬᠥᠮᠦᠵᠢᠯ᠂ ᠡᠷᠡᠭᠦᠯᠵᠢᠯ ᠠᠰᠠᠷᠠᠨ ᠬᠥᠮᠦᠵᠢᠯ ᠵᠡᠷᠭᠡ ᠠᠭᠤᠯᠭ᠎ᠠ ᠶᠢ ᠭᠤᠣᠯᠳᠠᠯᠭ᠎ᠠ ᠲᠠᠢ ᠲᠠᠶᠢᠯᠪᠤᠷᠢᠯᠠᠪᠠ᠃ ᠪᠣᠯᠪᠠᠰᠤᠷᠠᠯ ᠳᠤ ᠤᠷᠤᠯᠴᠠᠬᠰᠠᠳ ᠪᠠᠰᠠ  ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠥᠨᠥᠴᠢᠨ ᠵᠡᠮᠳᠡᠭ ᠬᠡᠦᠬᠡᠳ ᠤᠨ ᠰᠤᠪᠢᠯᠠᠭᠴᠢ ᠶᠢᠨ ᠠᠵᠢᠯ ᠴᠢᠳᠠᠪᠤᠷᠢ ᠶᠢᠨ   ᠳᠡᠰ ᠢ ᠮᠠᠭᠠᠳᠯᠠᠨ ᠲᠣᠭᠲᠠᠭᠠᠬᠤ ᠰᠢᠯᠭᠠᠯᠲᠠ ᠳᠤ ᠣᠷᠣᠯᠴᠠᠪᠠ᠃ ᠨᠡᠶᠢᠭᠡᠮ ᠤᠨ  ᠲᠤᠰᠠᠯᠠᠮᠵᠢ       ᠪᠤᠭᠤᠲᠤ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠤᠷᠴᠢᠮ ᠳᠤ ︽ᠪᠤᠭᠤᠲᠤ ᠬᠤᠲᠠ ᠶᠢᠨ ᠨᠡᠶᠢᠭᠡᠮ ᠤᠨ  ᠲᠤᠰᠠᠯᠠᠮᠵᠢ ᠶᠢᠨ ︿ᠨᠢᠭᠡ ᠶᠠᠪᠤᠳᠠᠯ﹀ ᠤᠨ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠪᠠ᠃ ᠰᠠᠭᠤᠭᠠᠯᠢ ᠠᠷᠠᠳ ᠤᠨ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠬᠠᠷᠭᠤᠭᠤᠯᠬᠤ ᠲᠠᠪᠴᠠᠩ ᠢᠶᠠᠷ ᠳᠠᠮᠵᠢᠭᠤᠯᠤᠨ᠂ ᠠᠷᠠᠳ ᠤᠨ ᠶᠠᠪᠤᠳᠠᠯ ᠤᠨ  ᠬᠦᠷᠢᠶ᠎ᠡ ᠴᠠᠷᠠᠭ᠎ᠠ ᠳᠤ ᠬᠢ ᠨᠡᠶᠢᠭᠡᠮ ᠤᠨ ᠲᠤᠰᠠᠯᠠᠮᠵᠢ  ᠶᠢᠨ ᠵᠦᠢᠯᠡᠰ ᠤᠨ ᠭᠤᠶᠤᠴᠢᠯᠠᠯ ᠢ ︽ᠨᠢᠭᠡ ᠬᠦᠰᠦᠨᠦᠭᠲᠦ᠂ ᠨᠢᠭᠡ ᠮᠠᠲ᠋ᠧᠷᠢᠶᠠᠯ᠂ ᠨᠢᠭᠡ ᠯᠡ ᠤᠳᠠᠭ᠎ᠠ ᠳᠤ ᠲᠤᠰᠢᠶᠠᠵᠤ᠂ ᠣᠯᠠᠨ ᠲᠠᠯ᠎ᠠ ᠪᠠᠷ ᠳᠠᠬᠢᠨ ᠬᠡᠷᠡᠭᠯᠡᠬᠦ︾ ᠪᠤᠯᠭᠠᠪᠠ᠃ ᠨᠡᠶᠢᠭᠡᠮ ᠤᠨ ᠲᠤᠰᠠᠯᠠᠮᠵᠢ ᠶᠢᠨ ︽ᠨᠢᠭᠡ ᠶᠠᠪᠤᠳᠠᠯ︾ ᠤᠨ ᠦᠢᠯᠡᠴᠢᠯᠡᠭᠡᠨ ᠤ ᠵᠦᠭᠯᠡᠭᠦᠷ ᠢ ᠲᠣᠭᠲᠠᠭᠠᠨ ᠵᠢᠷᠤᠮᠵᠢᠭᠤᠯᠵᠤ᠂ ᠭᠦᠢᠴᠡᠳᠬᠡᠬᠦ ᠶᠠᠪᠤᠴᠨ ᠶᠢᠨ ᠵᠢᠷᠤᠭ ᠪᠠ ᠨᠡᠶᠢᠭᠡᠮ ᠤᠨ  ᠲᠤᠰᠠᠯᠠᠮᠵᠢ ᠶᠢᠨ ᠶᠢᠨ ᠭᠤᠶᠤᠴᠢᠯᠠᠯ ᠤᠨ ᠬᠦᠰᠦᠨᠦᠭᠲᠦ ᠵᠡᠷᠭᠡ ᠶᠢ ᠲᠣᠭᠲᠠᠭᠠᠨ᠂ ᠬᠦᠴᠢᠷᠳᠡᠯᠲᠡᠢ ᠣᠯᠠᠨ ᠲᠦᠮᠡᠨ ᠤ ᠨᠡᠶᠢᠭᠡᠮ ᠤᠨ ᠲᠤᠰᠠᠯᠠᠮᠵᠢ ᠶᠢᠨ ︽ᠨᠢᠭᠡ ᠶᠠᠪᠤᠳᠠᠯ︾ ᠢ ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨ᠎ᠠ ᠬᠤᠯᠪᠤᠭᠠᠯᠠᠨ ᠬᠥᠳᠡᠯᠦᠯᠴᠡᠵᠦ ᠨᠢᠭᠡ ᠯᠡ ᠤᠳᠠᠭ᠎ᠠ ᠳᠤ ᠭᠦᠢᠴᠡᠳᠬᠡᠬᠦ ᠶᠢ ᠪᠠᠳᠤᠯᠠᠵᠠᠢ᠃ᠨᠡᠶᠢᠭᠡᠮ ᠤᠨ ᠶᠠᠪᠤᠳᠠᠯ      ᠰᠢᠯᠢ ᠶᠢᠨ ᠭᠤᠣᠯ ᠠᠶᠢᠮᠠᠭ ᠤᠨ ᠬᠢᠨ ᠪᠦᠬᠦ ᠠᠶᠢᠮᠠᠭ ᠤᠨ ᠤᠷᠤᠭ ᠤᠨ ᠵᠠᠩᠰᠢᠯ ᠤᠨ ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ᠂ ᠤᠷᠤᠭ ᠤᠨ ᠰᠣᠶᠣᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠭᠡᠷ ᠤᠨ ᠰᠤᠷᠲᠠᠯ ᠭᠡᠷ ᠤᠨ ᠰᠤᠷᠭᠠᠯ ᠤᠨ ᠤᠬᠠᠭᠤᠯᠤᠨ ᠲᠠᠶᠢᠯᠪᠤᠷᠢᠯᠠᠬᠤ ᠰᠠᠭᠤᠷᠢᠨ ᠭᠠᠵᠠᠷ᠂ ᠬᠤᠷᠢᠮ ᠤᠨ ᠴᠡᠴᠡᠷᠯᠢᠭ ᠤᠨ ᠤᠷᠤᠭ ᠤᠨ ᠵᠠᠩᠰᠢᠯ ᠤᠨ ᠥᠭᠡᠷᠡᠴᠢᠯᠡᠯᠲᠡ ᠶᠢᠨ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠡᠯ᠎ᠡ ᠭᠠᠵᠠᠷ ᠤᠨ ᠬᠢᠨ ᠢ ᠵᠢᠯᠤᠭᠤᠳᠴᠤ ᠪᠠᠶᠢᠭᠠᠳ ᠬᠤᠷᠢᠮ ᠤᠨ ᠶᠤᠰᠤᠯᠠᠯ ᠢᠶᠠᠨ ᠬᠠᠮᠳᠤ ᠪᠠᠷ ᠦᠢᠯᠡᠳᠬᠦ᠂ ᠬᠠᠮᠲᠤ ᠳᠤ  ᠨᠢ ᠤᠷᠤᠭ ᠤᠨ ᠪᠠᠳᠤᠯᠠᠪᠤᠷᠢ ᠣᠯᠭᠤᠬᠤ᠂ ᠭᠠᠷ ᠤᠨ ᠦᠰᠦᠭ ᠵᠢᠷᠤᠵᠤ ᠠᠮᠠᠯᠠᠬᠤ ᠵᠡᠷᠭᠡ ᠠᠵᠢᠯᠯᠠᠭ᠎ᠠ ᠥᠷᠨᠢᠭᠦᠯᠦᠨ᠂ ᠰᠢᠯᠢ ᠶᠢᠨ ᠭᠤᠣᠯ ᠠᠶᠢᠮᠠᠭ ᠤᠨ ︽ᠮᠠᠯᠵᠢᠬᠤ ᠣᠷᠣᠨ + ᠲᠠᠷᠢᠶᠠᠯᠠᠬᠤ ᠣᠷᠣᠨ + ᠭᠤᠣᠯ ᠬᠤᠳᠠ ᠶᠢᠨ ᠲᠣᠭᠤᠷᠢᠭ ︾ ᠤᠨ ᠲᠤᠰ ᠲᠤᠰ ᠤᠨ ᠣᠨᠴᠠᠯᠢᠭ ᠲᠠᠢ ᠤᠷᠤᠭ ᠤᠨ ᠵᠠᠩᠰᠢᠯ ᠤᠨ ᠥᠭᠡᠷᠡᠴᠢᠯᠡᠯᠲᠡ ᠶᠢᠨ ᠰᠢᠨ᠎ᠡ ᠦᠷ᠎ᠡ ᠪᠦᠲᠦᠮᠵᠢ ᠶᠢ ᠭᠠᠷᠭᠠᠵᠠᠢ᠃  ᠦᠨᠤ ᠵᠢᠯ ᠬᠠᠮᠲᠤ ᠶᠢᠨ ᠬᠤᠷᠢᠮ ᠤᠨ ᠶᠣᠰᠣᠯᠠᠯ ᠢ 1 ᠲᠠᠯᠠᠪᠤᠷ ᠡᠷᠬᠢᠯᠡᠵᠦ᠂ ᠬᠠᠮᠲᠤ ᠳᠤ ᠨᠢ ᠤᠷᠤᠭ ᠤᠨ ᠪᠠᠳᠤᠯᠠᠪᠤᠷᠢ ᠣᠯᠭᠤᠬᠤ ᠠᠵᠢᠯᠯᠠᠭ᠎ᠠ ᠶᠢ 7 ᠲᠠᠯᠠᠪᠤᠷ ᠡᠷᠬᠢᠯᠡᠵᠦ᠂ ᠥᠪᠡᠷᠮᠢᠴᠡ ᠣᠨᠴᠠᠯᠢᠭ ᠲᠠᠢ ᠪᠦᠲᠦᠭᠡᠯᠴᠢ ᠠᠵᠢᠯᠯᠠᠭ᠎ᠠ ᠶᠢ 30 ᠭᠠᠷᠤᠢ ᠤᠳᠠᠭ᠎ᠠ ᠥᠷᠨᠢᠭᠦᠯᠵᠡᠢ᠃ᠨᠠᠰᠤᠲᠠᠶᠢᠴᠤᠳ ᠤᠨ ᠠᠵᠢᠯ        ᠤᠯᠠᠭᠠᠨᠴᠠᠪ ᠤᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠨᠠᠰᠤᠵᠢᠯ ᠤᠨ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠴᠦ᠂ ︽ᠨᠡᠶᠢᠲᠡ ᠶᠢᠨ ᠠᠰᠠᠷᠠᠮᠵᠢ + ᠨᠠᠰᠤᠵᠢᠯ ᠤᠨ ᠠᠰᠠᠷᠠᠮᠵᠢ︾ ᠶᠢᠨ ᠦᠢᠯᠡᠴᠢᠯᠡᠭᠡᠨ ᠤ ᠵᠠᠭᠪᠤᠷ ᠢ ᠪᠣᠶ ᠪᠣᠯᠭᠠᠵᠤ᠂ ᠡᠯ᠎ᠡ ᠭᠠᠵᠠᠷ ᠢ ᠬᠥᠲᠥᠯᠥᠨ ᠵᠢᠯᠤᠭᠤᠳᠴᠤ ᠪᠠᠶᠢᠭᠠᠳ ᠬᠠᠷᠢᠯᠴᠠᠨ ᠬᠠᠪᠰᠤᠷᠤᠯᠴᠠᠬᠤ ᠨᠠᠰᠤᠵᠢᠯ ᠤᠨ ᠦᠢᠯᠡᠴᠢᠯᠡᠭᠡᠨ ᠤ ᠲᠠᠪᠴᠠᠩ ᠲᠣᠬᠢᠷᠠᠭᠤᠯᠵᠤ᠂ ᠰᠠᠶᠢᠨ ᠲᠤᠷᠠᠴᠤᠤᠯ᠂  ᠨᠠᠰᠤᠲᠠᠶᠢᠴᠤᠳ ᠪᠠ ᠠᠰᠠᠷᠠᠮᠵᠢ ᠶᠢᠨ ᠬᠦᠷᠢᠶᠡᠯᠡᠩ ᠲᠣᠰᠬᠤᠨ ᠤ ᠬᠤᠶᠠᠷ ᠵᠥᠪᠯᠡᠯ ᠵᠡᠷᠭᠡ ᠢ ᠳᠠᠶᠢᠴᠢᠯᠠᠨ ᠨᠠᠰᠤᠲᠠᠶᠢᠴᠤᠳ ᠲᠤ  ᠦᠢᠯᠡᠴᠢᠯᠡᠬᠦᠯᠪᠡ᠃ ᠨᠡᠶᠢᠭᠡᠮ ᠲᠣᠭᠤᠷᠢᠭ ︵ᠲᠣᠰᠬᠤᠨ︶ ᠢᠶᠠᠷ ᠲᠠᠪᠴᠠᠩ ᠪᠣᠯᠭᠠᠭᠰᠠᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠲᠣᠭᠤᠷᠢᠭ ᠤᠨ ᠰᠠᠶᠢᠨ ᠲᠤᠷᠠᠴᠤᠤᠯ᠂ ᠨᠡᠶᠢᠲᠡ ᠶᠢᠨ ᠠᠰᠠᠷᠠᠮᠵᠢ ᠨᠢᠭᠦᠯᠡᠰᠦᠩᠭᠦᠢ ᠶᠢᠨ ᠡᠬᠢ ᠪᠠᠶᠠᠯᠢᠭ ᠢᠶᠠᠷ ᠲᠤᠯᠭᠠᠭᠤᠷᠢᠯᠠᠭᠰᠠᠨ ᠨᠡᠶᠢᠭᠡᠮᠴᠢᠯᠡᠭᠰᠡᠨ ᠨᠠᠰᠤᠵᠢᠯ ᠤᠨ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠵᠤ᠂ ᠨᠡᠶᠢᠭᠡᠮ ᠤᠨ ᠠᠵᠢᠯ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠨᠠᠰᠤᠵᠢᠯ ᠤᠨ ᠦᠢᠯᠡᠴᠢᠯᠡᠭᠡᠨ ᠳᠤ ᠣᠷᠣᠯᠴᠠᠬᠤ ᠶᠢ ᠲᠡᠮᠵᠢᠬᠡᠳ ᠣᠲᠣ ᠪᠣᠯᠲᠠᠯ᠎ᠠ  ᠨᠠᠰᠤᠲᠠᠶᠢᠴᠤᠳ ᠲᠤ 1.8 ᠲᠦᠮᠡ ᠭᠠᠷᠤᠢ ᠤᠳᠠᠭ᠎ᠠ ᠦᠢᠯᠡᠴᠢᠯᠡᠭᠰᠡᠨ ᠪᠠᠶᠢᠨ᠎ᠠ᠃ᠨᠠᠰᠤᠵᠢᠯ ᠤᠨ ᠦᠢᠯᠡᠴᠢᠯᠡᠭᠡ     ᠬᠥᠬᠡᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠸᠢᠴᠠᠲ ᠪᠠ ᠠᠯᠪᠠᠨ ᠤ ᠰᠦᠯᠵᠢᠶ᠎ᠡ ᠪᠠᠷ ᠳᠠᠮᠵᠢᠭᠤᠯᠤᠨ ᠬᠥᠬᠡᠬᠤᠲᠠ ᠶᠢᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠦᠨᠳᠦ ᠶᠡᠭᠡ ᠠᠳᠡᠯ ᠤᠨ ᠳᠠᠯᠳᠠ ᠬᠡᠮ ᠢ ᠢᠯᠡᠴᠢᠯᠡᠬᠦ ᠤᠲᠠᠰᠤ ᠶᠢ ᠨᠡᠶᠢᠲᠡᠯᠡᠵᠦ᠂ ᠠᠷᠠᠳ ᠣᠯᠠᠨ ᠪᠠ ᠨᠡᠶᠢᠭᠡᠮ ᠤᠨ ᠡᠯ᠎ᠡ ᠡᠲᠡᠭᠡᠳ ᠤᠨ  ᠬᠢᠨ ᠤ ᠬᠢᠨᠠᠯᠲᠠ ᠲᠠᠯᠪᠢᠬᠤ ᠶᠢ ᠬᠦᠯᠢᠶᠡᠬᠦ ᠶᠢᠨ ᠬᠠᠮᠲᠤ ᠲᠤᠰᠬᠠᠭᠰᠠᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠬᠦᠨᠳᠦ ᠶᠡᠭᠡ ᠠᠳᠡᠯ ᠤᠨ ᠳᠠᠯᠳᠠ ᠬᠡᠮ ᠤᠨ ᠠᠰᠠᠭᠤᠳᠠᠯ ᠢ ᠬᠢᠨᠠᠮᠠᠭᠠᠢ ᠬᠢᠨᠠᠨ ᠬᠠᠷᠭᠤᠭᠤᠯᠬᠤ ᠶᠢᠨ ᠬᠠᠮᠲᠤ ᠲᠣᠭᠲᠠᠭᠠᠯ ᠶᠣᠰᠣᠭᠠᠷ ᠰᠢᠢᠳᠪᠦᠷᠢᠯᠡᠵᠦ᠂ ᠨᠠᠰᠤᠲᠠᠶᠢᠴᠤᠳ ᠤᠨ ᠲᠣᠰ ᠪᠡᠶ᠎ᠡ ᠶᠢᠨ ᠠᠰᠢᠭ ᠲᠤᠰᠠ ᠶᠢ ᠦᠨᠡᠨ ᠬᠦ ᠬᠠᠮᠠᠭᠠᠯᠠᠵᠤ ᠪᠠᠶᠢᠨ᠎ᠠ᠃      
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠭᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号