ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ ᠵᠡᠭᠦᠨ ᠬᠤᠶᠢᠲᠤ ᠶᠢᠨ ᠭᠤᠷᠪᠠᠨ ᠮᠤᠵᠢ ᠨᠢᠭᠡ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠩᠬᠠᠳᠠᠭᠴᠢ ᠬᠠᠮᠵᠢᠯᠴᠠᠨ ᠬᠠᠤᠯᠢ ᠲᠣᠭᠲᠠᠭᠠᠬᠤ ᠲᠦᠷᠦᠯ ᠵᠦᠢᠯ ᠢ ᠤᠬᠠᠭᠤᠯᠤᠨ ᠲᠠᠨᠢᠯᠴᠭᠤᠯᠪᠠ
ᠨᠡᠶᠢᠲᠡᠯᠡᠭᠰᠡᠨ ᠴᠠᠭ᠄
2024/7/2
   ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠢᠨ 7 ᠳ᠋ᠤᠭᠠᠷ ᠰᠠᠷ᠎ᠠ ᠶᠢᠨ 1 ᠤ ᠡᠳᠦᠷ  ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ ᠂ ᠦᠪᠤᠷ ᠮᠤᠩᠭᠤᠯ  ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠷᠪᠠᠳᠤᠭᠠᠷ ᠬᠤᠷᠠᠯᠳᠤᠭᠠᠨ ᠠᠴᠠ ᠪᠠᠲᠤᠯᠠᠭᠰᠠᠨ ︽ᠵᠡᠭᠦᠨ ᠬᠤᠶᠢᠲᠤ ᠶᠢᠨ ᠭᠤᠷᠪᠠᠨ ᠮᠤᠵᠢ ᠨᠢᠭᠡ ᠣᠷᠣᠨ ᠤ ᠵᠢᠭᠤᠯᠴᠢᠯᠠᠯ ᠤᠨ ᠦᠢᠯᠡᠰ ᠤᠨ ᠬᠠᠮᠵᠢᠯᠴᠠᠨ ᠬᠥᠭᠵᠢᠬᠦ ᠶᠢ ᠠᠬᠢᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠣᠭᠲᠠᠭᠠᠯ︾ ︵︽ᠲᠣᠭᠲᠠᠭᠠᠯ︾ ᠭᠡᠵᠦ ᠲᠤᠪᠴᠢᠯᠠᠶ᠎ᠠ︶ ᠢ ᠤᠬᠠᠭᠤᠯᠤᠨ ᠲᠠᠨᠢᠯᠴᠠᠭᠤᠯᠵᠤ᠂ ︽ᠲᠣᠭᠲᠠᠭᠠᠯ︾ ᠢ ᠰᠤᠷᠤᠯᠴᠠᠵᠤ ᠤᠬᠠᠭᠤᠯᠬᠤ ᠪᠠ  ᠲᠤᠭᠤᠰᠢᠯᠠᠭᠤᠯᠤᠨ ᠬᠡᠷᠡᠭᠵᠢᠭᠦᠯᠬᠦ ᠠᠵᠢᠯ ᠢ ᠠᠬᠢᠭᠤᠯᠪᠠ᠃   ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ ᠤᠨ ᠠᠵᠢᠯ ᠤᠨ ᠵᠥᠪᠯᠡᠯ ᠤᠨ ᠬᠠᠷᠢᠭᠤᠴᠠᠯᠭᠠᠲᠠᠨ ᠶᠡᠷᠤᠩᠭᠡᠢ ᠳᠤ ᠨᠢ ᠨᠡᠶᠢᠳᠡᠯᠡᠵᠤ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ ᠤᠨ ᠠᠵᠢᠯ ᠤᠨ ᠵᠥᠪᠯᠡᠯ᠂ ᠬᠠᠤᠯᠢ ᠴᠠᠭᠠᠵᠠ ᠶᠢᠨ ᠠᠵᠢᠯ ᠤᠨ ᠵᠥᠪᠯᠡᠯ ᠤᠨ ᠬᠠᠷᠢᠭᠤᠴᠠᠯᠭᠠᠲᠠᠨ ᠨᠥᠬᠦᠳ ᠬᠠᠤᠯᠢ ᠲᠣᠭᠲᠠᠭᠠᠭᠰᠠᠨ ᠠᠬᠤᠢ ᠪᠠᠶᠢᠳᠠᠯ᠂ ᠠᠴᠢ ᠬᠤᠯᠪᠣᠭᠳᠠᠯ ᠪᠠ ᠲᠤᠷᠰᠢᠯᠭ᠎ᠠ ᠠᠷᠭ᠎ᠠ ᠬᠢᠳᠡᠯ ᠤᠨ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠵᠤ᠂ ᠦᠪᠤᠷ ᠮᠤᠩᠭᠤᠯ  ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠲᠢᠩᠬᠢᠮ ᠤᠨ ᠬᠠᠷᠢᠭᠤᠴᠠᠯᠭᠠᠲᠠᠨ ︽ᠲᠣᠭᠲᠠᠭᠠᠯ︾ ᠢ ᠬᠡᠷᠡᠭᠵᠢᠭᠦᠯᠬᠦ ᠠᠵᠢᠯ ᠢ ᠠᠬᠢᠭᠤᠯᠬᠤ ᠲᠤᠬᠠᠢ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠵᠤ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠲᠢᠩᠬᠢᠮ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠰᠣᠨᠢᠨ ᠮᠡᠳᠡᠭᠡ ᠨᠡᠶᠢᠲᠡᠯᠡᠬᠦ ᠬᠤᠷᠠᠯ ᠢ ᠡᠷᠭᠢᠯᠡᠪᠡ᠃   ᠰᠣᠨᠢᠨ ᠮᠡᠳᠡᠭᠡ ᠨᠡᠶᠢᠲᠡᠯᠡᠬᠦ ᠬᠤᠷᠠᠯ ᠤᠨ ᠲᠠᠨᠢᠯᠴᠠᠭᠤᠯᠤᠭᠰᠠᠨ ᠢᠶᠠᠷ᠂ ᠰᠢ ᠶᠢᠨ ᠫᠢᠩ ᠶᠡᠷᠦᠩᠬᠡᠢ ᠱᠦᠵᠢ ᠶᠢᠨ ᠰᠢᠨ᠎ᠡ ᠴᠠᠭ ᠦᠶ᠎ᠡ ᠳᠤ ᠵᠡᠭᠦᠨ ᠬᠤᠶᠢᠲᠤ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠵᠤᠭᠠᠴᠠᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠴᠢᠬᠤᠯᠠ ᠥᠭᠦᠯᠡᠯᠲᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ ᠵᠡᠭᠦᠨ ᠬᠤᠶᠢᠲᠤ ᠶᠢᠨ ᠭᠤᠷᠪᠠᠨ ᠮᠤᠵᠢ ᠨᠢᠭᠡ ᠣᠷᠣᠨ ᠤ ᠵᠤᠭᠠᠴᠠᠯ ᠤᠨ ᠦᠢᠯᠡᠰ ᠤᠨ  ᠴᠢᠨᠠᠷᠯᠢᠭ ᠢᠶᠠᠷ ᠬᠠᠮᠵᠢᠯᠴᠠᠨ ᠬᠥᠭᠵᠢᠬᠦ ᠶᠢ ᠠᠬᠢᠭᠤᠯᠵᠤ᠂ ᠯᠢᠶᠣᠤᠨᠢᠩ ᠮᠤᠵᠢ᠂ ᠬᠢᠷᠢᠨ ᠮᠤᠵᠢ᠂ ᠬᠠᠷᠠᠮᠥ᠋ᠷᠡᠨ ᠮᠤᠵᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ  ᠶᠢᠨ ᠬᠢᠨ ᠬᠠᠮᠳᠤ ᠪᠠᠷ ᠵᠡᠭᠦᠨ ᠬᠤᠶᠢᠲᠤ ᠶᠢᠨ ᠭᠤᠷᠪᠠᠨ ᠮᠤᠵᠢ ᠨᠢᠭᠡ ᠣᠷᠣᠨ ᠤ ᠵᠤᠭᠠᠴᠠᠯ ᠤᠨ ᠦᠢᠯᠡᠰ ᠤᠨ ᠬᠠᠮᠵᠢᠯᠴᠠᠨ ᠬᠥᠭᠵᠢᠬᠦ ᠶᠢ ᠠᠬᠢᠭᠤᠯᠬᠤ ᠲᠤᠬᠠᠢ ᠲᠣᠭᠲᠠᠭᠠᠯ ᠢ ᠨᠡᠶᠢᠲᠡᠯᠡᠪᠡ᠃ ᠣᠶᠢᠯᠠᠭᠠᠭᠰᠠᠨ ᠢᠶᠠᠷ ᠡᠨᠡ ᠪᠣᠯ ᠵᠡᠭᠦᠨ ᠬᠤᠶᠢᠲᠤ ᠶᠢᠨ ᠭᠤᠷᠪᠠᠨ ᠮᠤᠵᠢ ᠨᠢᠭᠡ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠩᠬᠠᠳᠠᠭᠴᠢ ᠬᠠᠮᠵᠢᠯᠴᠠᠨ ᠬᠠᠤᠯᠢ ᠲᠣᠭᠲᠠᠭᠠᠬᠤ ᠵᠦᠢᠯᠡᠰ ᠪᠣᠯᠣᠨ᠎ᠠ᠃   ︽ᠲᠣᠭᠲᠠᠭᠠᠯ︾ ᠳᠤ ᠨᠡᠶᠢᠳᠡ 16 ᠵᠦᠢᠯ ᠲᠠᠢ᠂ ᠨᠢᠭᠡ ᠳᠤ᠂ ᠬᠠᠮᠵᠢᠯᠴᠠᠨ ᠬᠥᠭᠵᠢᠭᠦᠯᠬᠦ ᠶᠢᠨ ᠵᠢᠯᠤᠭᠤᠳᠬᠤ ᠦᠵᠡᠯ ᠰᠠᠨᠠᠭ᠎ᠠ ᠪᠠ ᠬᠠᠷᠠᠯᠲᠠ ᠶᠢᠨ ᠪᠠᠶᠢᠷᠢ ᠲᠣᠭᠲᠠᠭᠠᠯᠲᠠ ᠶᠢ ᠲᠣᠳᠣᠷᠬᠠᠶᠢᠯᠠᠪᠠ᠃ ᠬᠤᠶᠠᠷ ᠲᠤ᠂ ᠬᠠᠮᠵᠢᠯᠴᠠᠨ ᠬᠥᠭᠵᠢᠬᠦ ᠠᠵᠢᠯ ᠤᠨ ᠲᠣᠭᠲᠠᠴᠠ ᠶᠢ ᠲᠡᠬᠦᠯᠳᠡᠷᠵᠢᠬᠦᠯᠪᠡ᠃ ᠭᠤᠷᠪᠠ ᠳᠤ᠂ ᠵᠡᠭᠦᠨ ᠬᠤᠶᠢᠲᠤ ᠣᠷᠣᠨ ᠪᠠ ᠥᠪᠥᠷ ᠮᠣᠩᠭᠤᠯ ᠤᠨ ᠣᠨᠴᠠᠯᠢᠭ ᠲᠠᠢ ᠵᠤᠭᠠᠴᠠᠯ ᠤᠨ ᠪᠦᠲᠦᠭᠡᠭᠳᠡᠬᠦᠨ ᠢ ᠬᠠᠮᠲᠤᠷᠠᠨ ᠨᠡᠭᠡᠭᠡᠨ ᠬᠦᠭᠵᠢᠬᠦᠯᠬᠦ ᠪᠤᠯᠤᠨ᠎ᠠ᠃ ᠳᠥᠷᠪᠡ ᠳᠤ᠂ ᠬᠠᠮᠵᠢᠯᠴᠠᠨ ᠬᠥᠭᠵᠢᠬᠦ ᠪᠣᠳᠠᠲᠠᠢ ᠠᠷᠭ᠎ᠠ ᠶᠢ ᠨᠠᠷᠢᠯᠢᠬᠵᠢᠭᠤᠯᠪᠠ᠃ ᠲᠠᠪᠤ ᠳᠤ᠂ ᠵᠣᠬᠢᠶᠠᠨ ᠪᠠᠶᠢᠭᠤᠯᠵᠤ ᠬᠡᠷᠡᠭᠵᠢᠭᠦᠯᠬᠦ ᠪᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠮᠵᠢᠯᠴᠠᠭ᠎ᠠ ᠶᠢ ᠴᠢᠩᠭᠠᠳᠬᠠᠪᠠ᠃    ᠲᠤᠰ ᠡᠳᠦᠷ ᠯᠢᠶᠣᠤᠨᠢᠩ ᠮᠤᠵᠢ᠂ ᠬᠢᠷᠢᠨ ᠮᠤᠵᠢ᠂ ᠬᠠᠷᠠᠮᠥ᠋ᠷᠡᠨ ᠮᠤᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠢᠨ ᠵᠡᠭᠦᠨ ᠬᠤᠶᠢᠲᠤ ᠶᠢᠨ ᠭᠤᠷᠪᠠᠨ ᠮᠤᠵᠢ ᠨᠢᠭᠡ ᠣᠷᠣᠨ ᠤ ᠵᠤᠭᠠᠴᠠᠯ ᠤᠨ ᠦᠢᠯᠡᠰ ᠤᠨ ᠬᠠᠮᠵᠢᠯᠴᠠᠨ ᠬᠥᠭᠵᠢᠬᠦ ᠶᠢ ᠠᠬᠢᠭᠤᠯᠬᠤ ᠲᠤᠬᠠᠢ ᠲᠣᠭᠲᠠᠭᠠᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠢ ᠵᠡᠷᠬᠡ ᠪᠠᠷ ᠬᠤᠷᠠᠯᠳᠤᠭᠤᠯᠵᠠᠢ᠃     
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号