ᠠᠷᠠᠳ ᠤᠨ ᠶᠠᠪᠤᠳᠠᠯ ᠤᠨ ᠶᠠᠮᠤᠨ | ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠠᠷᠠᠳ ᠤᠨ ᠶᠠᠪᠤᠳᠠᠯ ᠤᠨ ᠶᠠᠮᠤᠨ ᠵᠡᠷᠭᠡ 16 | ᠰᠠᠯᠠᠭ᠎ᠠ ᠮᠥᠴᠢᠷ ᠤᠨ ᠬᠢᠨ ᠬᠠᠮᠲᠤᠷᠠᠨ ᠤᠷᠴᠢᠮ ᠳᠤ ︽︿ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠶᠢᠨ ᠣᠨ﹀ ᠤ | ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠵᠤ᠂ 2024 ᠣᠨ ᠠᠴᠠ ᠡᠬᠢᠯᠡᠨ ᠭᠤᠷᠪᠠᠨ | ᠵᠢᠯ ᠣᠷᠴᠢᠮ ᠤᠨ ᠴᠠᠭ ᠢ ᠬᠡᠷᠡᠭᠯᠡᠵᠤ ᠪᠠᠶᠢᠭᠠᠳ ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠶᠢᠨ ᠳᠡᠮᠵᠢᠯᠭᠡ ᠶᠢᠨ | ᠴᠢᠨᠠᠷᠲᠠᠢ ᠣᠷᠴᠢᠨ ᠨᠥᠬᠦᠴᠡᠯ ᠢ ᠥᠷᠭᠡᠨ ᠢᠶᠠᠷ ᠪᠠᠶᠢᠭᠤᠯᠵᠤ᠂ ᠪᠥᠬᠦ ᠠᠷᠠᠳ ᠤᠨ ᠪᠡᠶ᠎ᠡ ᠶᠢᠨ ᠬᠦᠨᠳᠦ ᠶᠢᠨ | ᠬᠠᠮᠢᠶᠠᠷᠤᠯᠲᠠ ᠶᠢᠨ ᠤᠬᠠᠮᠰᠠᠷ ᠪᠠ ᠤᠷ᠎ᠠ ᠴᠢᠳᠠᠪᠤᠷᠢ ᠶᠢ ᠢᠯᠡᠳᠲᠡ ᠳᠡᠭᠡᠭᠰᠢᠯᠡᠭᠦᠯᠦᠨ᠂ ᠡᠷᠡᠭᠦᠯ ᠰᠠᠷᠠᠭᠤᠯ | ᠠᠮᠢᠳᠤᠷᠠᠯ ᠤᠨ ᠠᠷᠭ᠎ᠠ ᠶᠢ ᠨᠠᠩ ᠲᠦᠭᠡᠮᠡᠯᠵᠢᠭᠦᠯᠵᠦ᠂ ᠪᠥᠬᠦ ᠠᠷᠠᠳ ᠢᠶᠠᠷ ᠢᠶᠠᠨ ᠣᠷᠣᠯᠴᠠᠵᠤ᠂ ᠬᠥᠮᠥᠨ ᠪᠦᠬᠦᠨ | ᠠᠰᠢᠭ ᠭᠥᠷᠳᠡᠬᠦ ᠪᠡᠶ᠎ᠡ ᠶᠢᠨ ᠬᠦᠨᠳᠦ ᠶᠢᠨ ᠬᠠᠮᠢᠶᠠᠷᠤᠯᠲᠠ ᠶᠢᠨ ᠰᠠᠶᠢᠨ ᠰᠠᠶᠢᠬᠠᠨ ᠪᠠᠶᠢᠳᠠᠯ ᠢ ᠢᠳᠡᠭ ᠢᠳᠡᠭ ᠢᠶᠠᠷ | ᠪᠣᠶ ᠪᠣᠯᠭᠠᠵᠤ᠂ ᠬᠡᠰᠡᠭ ᠬᠥᠮᠥᠰ ᠤᠨ ᠪᠡᠶ᠎ᠡ ᠶᠢᠨ ᠬᠦᠨᠳᠦ ᠶᠢᠨ ᠬᠡᠪ ᠤᠨ ᠪᠤᠰᠤ ᠪᠠᠶᠢᠳᠠᠯ ᠢ ᠰᠠᠶᠢᠵᠢᠷᠠᠭᠤᠯᠤᠨ᠎ᠠ ᠭᠡᠵᠦ | ᠲᠣᠳᠣᠷᠬᠠᠢ ᠲᠣᠭᠲᠠᠭᠠᠪᠠ᠃ ᠡᠭᠦᠨ ᠳᠤ ᠬᠤᠲᠠ ᠬᠥᠳᠡᠭᠡ ᠶᠢᠨ ᠨᠡᠶᠢᠭᠡᠮ ᠲᠣᠭᠤᠷᠢᠭ᠂ ᠨᠠᠰᠤᠲᠠᠶᠢᠴᠤᠳ ᠤᠨ ᠶᠡᠭᠡ | ᠰᠤᠷᠭᠠᠭᠤᠯᠢ᠂ ᠨᠠᠰᠤᠲᠠᠶᠢᠴᠤᠳ ᠤᠨ ᠠᠵᠢᠯᠯᠠᠭᠠᠨ ᠤ ᠲᠥᠪ᠂ ᠦᠨᠳᠦᠰᠦᠨ ᠱᠠᠲᠤᠨ ᠤ ᠨᠠᠰᠤᠲᠠᠶᠢᠴᠤᠳ ᠤᠨ | ᠨᠡᠶᠢᠭᠡᠮᠯᠢᠭ᠂ ᠬᠢᠷᠢ ᠬᠡᠮ ᠲᠠᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠶᠢᠨ ᠨᠠᠰᠤᠲᠠᠶᠢᠴᠤᠳ ᠤᠨ ᠪᠡᠶ᠎ᠡ ᠶᠢᠨ | ᠬᠦᠨᠳᠦ ᠶᠢᠨ ᠬᠠᠮᠢᠶᠠᠷᠤᠯᠲᠠ ᠶᠢᠨ ᠬᠥᠮᠦᠵᠢᠯ ᠥᠷᠨᠢᠭᠦᠯᠬᠦ ᠶᠢ ᠵᠣᠷᠢᠭᠵᠢᠭᠤᠯᠤᠨ ᠳᠡᠮᠵᠢᠬᠦ ᠬᠡᠷᠡᠭᠲᠡᠢ ᠬᠡᠵᠡᠢ᠃ | ᠠᠷᠠᠳ ᠤᠨ ᠶᠠᠪᠤᠳᠠᠯ ᠤᠨ ᠶᠠᠮᠤᠨ ᠤ ᠬᠢᠨ ᠤᠷᠴᠢᠮ ᠳᠤ ᠬᠢᠴᠢᠶᠡᠯ ᠨᠡᠬᠡᠬᠡᠵᠤ᠂ ᠪᠥᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠠᠵᠢᠯ ᠤᠨ | ᠺᠣᠮᠢᠰ ᠤᠨ ᠨᠡᠶᠢᠭᠡᠮ ᠤᠨ ᠬᠠᠤᠯᠢ ᠶᠢᠨ ᠲᠠᠰᠤᠭ ᠤᠨ ᠡᠷᠬᠢᠯᠡᠭᠴᠢ ᠱᠢ ᠬᠤᠩ ᠢ ᠤᠷᠢᠵᠤ ᠵᠠᠰᠠᠪᠤᠷᠢ | ᠣᠷᠣᠭᠤᠯᠤᠭᠰᠠᠨ ᠤ ᠳᠠᠷᠠᠭᠠᠬᠢ ᠨᠢᠭᠦᠯᠡᠰᠦᠩᠭᠦᠢ ᠶᠢᠨ ᠬᠠᠤᠯᠢ ᠶᠢ ᠲᠠᠶᠢᠯᠪᠤᠷᠢᠯᠠᠭᠤᠯᠪᠠ᠃ ᠠᠷᠠᠳ ᠤᠨ ᠶᠠᠪᠤᠳᠠᠯ ᠤᠨ | ᠶᠠᠮᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠶᠠᠮᠤᠨ ᠤ ᠰᠠᠶᠢᠳ ᠯᠦ ᡁᠢ ᠶᠤᠸᠠᠨ ᠬᠤᠷᠠᠯ | ᠡᠷᠭᠢᠯᠡᠪᠡ᠃ ᠬᠤᠷᠠᠯ ᠲᠡᠬᠡᠷ᠎ᠡ ᠨᠢᠭᠦᠯᠡᠰᠦᠩᠭᠦᠢ ᠶᠢᠨ ᠬᠠᠤᠯᠢ ᠶᠢᠨ ᠰᠤᠷᠤᠯᠴᠠᠯᠭ᠎ᠠ ᠪᠣᠯᠪᠠᠰᠤᠷᠠᠯ ᠪᠠ ᠤᠬᠠᠭᠤᠯᠭ᠎ᠠ | ᠲᠦᠭᠡᠮᠡᠯᠵᠢᠯᠲᠡ ᠶᠢ ᠯᠠᠪᠳᠠᠭᠤᠨ ᠪᠠᠲᠤᠲᠠᠢ ᠥᠷᠨᠢᠭᠦᠯᠵᠦ᠂ ᠨᠡᠩ ᠪᠦᠷᠢᠨ ᠲᠡᠭᠦᠯᠳᠡᠷ ᠨᠢᠭᠦᠯᠡᠰᠦᠩᠭᠦᠢ ᠶᠢᠨ | ᠲᠦᠷᠦ ᠶᠢᠨ ᠪᠣᠳᠣᠯᠭ᠎ᠠ ᠬᠠᠤᠯᠢ ᠲᠣᠭᠲᠠᠭᠠᠯ ᠤᠨ ᠰᠢᠰᠲ᠋ᠧᠮ ᠢ ᠲᠦᠷᠭᠡᠨ ᠪᠠᠶᠢᠭᠤᠯᠵᠤ᠂ ᠨᠢᠭᠦᠯᠡᠰᠦᠩᠭᠦᠢ ᠶᠢᠨ | ᠬᠠᠤᠯᠢ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ ᠭᠡᠵᠤ ᠱᠠᠭᠠᠷᠳᠠᠪᠠ᠃ | ᠠᠷᠠᠳ ᠤᠨ ᠶᠠᠪᠤᠳᠠᠯ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽2024 ᠣᠨ ᠤ | ᠪᠥᠬᠦ ᠣᠷᠣᠨ ᠤ ᠨᠡᠶᠢᠭᠡᠮ ᠤᠨ ᠲᠤᠰᠠᠯᠠᠮᠵᠢ ᠶᠢᠨ ᠪᠠᠷᠢᠮᠵᠢᠶ᠎ᠠ ᠶᠢᠨ ᠬᠤᠯᠪᠣᠭᠳᠠᠯ ᠪᠦᠬᠦᠢ ᠵᠦᠢᠯᠡᠰ ᠤᠨ ᠲᠤᠬᠠᠢ | ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠬᠢᠨᠠᠨ ᠬᠠᠷᠭᠤᠭᠤᠯᠵᠤ ᠲᠣᠭᠲᠠᠭᠠᠭᠰᠠᠨ ᠲᠤᠰᠠᠯᠠᠮᠵᠢ ᠶᠢᠨ ᠪᠠᠷᠢᠮᠵᠢᠶ᠎ᠠ ᠶᠢ | ᠴᠢᠩᠭ᠎ᠠ ᠬᠡᠷᠡᠭᠵᠢᠭᠦᠯᠵᠦ᠂ ᠲᠤᠰᠠᠯᠠᠮᠵᠢ ᠶᠢᠨ ᠪᠠᠷᠢᠮᠵᠢᠶ᠎ᠠ ᠶᠢ ᠬᠥᠳᠡᠯᠦᠩᠭᠦᠢ ᠪᠠᠷ ᠲᠣᠬᠢᠷᠠᠭᠤᠯᠬᠤ ᠲᠣᠭᠲᠠᠴᠠ ᠶᠢ | ᠲᠡᠭᠦᠯᠳᠡᠷᠵᠢᠭᠦᠯᠦᠨ᠂ ᠬᠦᠴᠢᠷᠳᠡᠯ ᠲᠠᠢ ᠤᠯᠠᠨ ᠲᠦᠮᠡᠨ ᠢ ᠲᠤᠰᠠᠯᠠᠮᠵᠢ ᠶᠢᠨ ᠨᠥᠬᠦᠪᠦᠷᠢ ᠶᠢᠨ ᠪᠡᠯᠡ ᠮᠥᠩᠭᠦ | ᠲᠠᠷᠬᠠᠭᠠᠬᠤ ᠶᠢ ᠵᠢᠷᠤᠮᠵᠢᠭᠤᠯᠵᠤ᠂ ᠣᠷᠣᠯᠭ᠎ᠠ ᠪᠠᠭ᠎ᠠ ᠬᠦᠮᠦᠰ ᠤᠨ ᠬᠥᠳᠡᠯᠦᠩᠭᠦᠢ ᠪᠠᠶᠢᠳᠠᠯ ᠢ ᠬᠢᠨᠠᠨ ᠬᠡᠮᠵᠢᠬᠦ ᠪᠠ | ᠪᠠᠶᠢᠩᠭᠤ ᠶᠢᠨ ᠴᠢᠨᠠᠷᠲᠠᠢ ᠲᠤᠰᠠᠯᠠᠮᠵᠢ ᠵᠡᠷᠭᠡ 4 ᠲᠠᠯ᠎ᠠ ᠪᠠᠷ ᠲᠣᠳᠣᠷᠬᠠᠢ ᠱᠠᠭᠠᠷᠳᠠᠯᠭ᠎ᠠ ᠭᠠᠷᠭᠠᠪᠠ᠃ 2024 | ᠣᠨ ᠤ ᠨᠡᠶᠢᠭᠡᠮ ᠤᠨ. ᠲᠤᠰᠠᠯᠠᠮᠵᠢ ᠶᠢᠨ ᠪᠠᠷᠢᠮᠵᠢᠶ᠎ᠠ ᠶᠢ 2024 ᠣᠨ ᠤ 7 ᠰᠠᠷ᠎ᠠ ᠠᠴᠠ ᠡᠬᠢᠯᠡᠵᠦ | ᠬᠡᠷᠡᠭᠵᠢᠭᠦᠯᠦᠨ᠎ᠡ᠃ | ᠶᠡᠷᠤᠩᠭᠡᠶᠢᠯᠡᠭᠰᠡᠨ ᠠᠵᠢᠯ | ᠪᠤᠭᠤᠲᠤ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠤᠷᠴᠢᠮ ᠳᠤ ᠪᠥᠬᠦ ᠬᠤᠲᠠ ᠶᠢᠨ | ᠠᠷᠠᠳ ᠤᠨ ᠶᠠᠪᠤᠳᠠᠯ ᠤᠨ ᠰᠢᠰᠲ᠋ᠧᠮ ᠤᠨ ︽ᠠᠵᠢᠯ ᠤᠨ ᠪᠠᠶᠢᠷᠢ ᠶᠢᠨ ᠪᠣᠯᠪᠠᠰᠤᠷᠠᠯ ᠤᠨ ᠤᠷᠤᠯᠳᠤᠭᠠᠨ︾ ᠭᠡᠬᠦ | ᠮᠡᠳᠡᠯᠭᠡ ᠶᠢᠨ ᠤᠷᠤᠯᠳᠤᠭᠠᠨ ᠢ ᠶᠠᠪᠤᠬᠳᠠᠭᠤᠯᠪᠠ᠃ ᠲᠤᠬᠠᠢ ᠶᠢᠨ ᠲᠠᠯᠠᠪᠤᠷ ᠲᠤ ᠪᠦᠯᠬᠦᠮ ᠨᠡᠶᠢᠲᠡ ᠶᠢᠨ | ᠲᠤᠬᠠᠢ ᠶᠢᠨ ᠲᠠᠯᠠᠪᠤᠷ ᠲᠤ ᠥᠷᠢᠰᠦᠯᠳᠦᠨ ᠬᠠᠷᠢᠭᠤᠯᠬᠤ ᠬᠡᠯᠪᠡᠷᠢ ᠪᠠᠷ ᠶᠠᠪᠤᠭᠳᠠᠭᠤᠯᠵᠤ᠂ ᠨᠡᠶᠢᠭᠡᠮ ᠤᠨ ᠲᠤᠰᠠᠯᠠᠮᠵᠢ | ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ᠂ ᠬᠡᠦᠬᠡᠳ ᠤᠨ ᠠᠰᠠᠷᠠᠮᠵᠢ᠂ ᠨᠡᠶᠢᠭᠡᠮ ᠤᠨ ᠶᠠᠪᠤᠳᠠᠯ᠂ ᠨᠡᠶᠢᠭᠡᠮ ᠤᠨ | ᠵᠣᠬᠢᠶᠠᠨ ᠪᠠᠶᠢᠭᠤᠯᠤᠯᠲᠠ ᠪᠠ ᠨᠢᠭᠦᠯᠡᠰᠦᠩᠭᠦᠢ ᠶᠢᠨ ᠦᠢᠯᠡᠰ ᠵᠡᠷᠭᠡ ᠲᠤᠬᠠᠶᠢᠯᠠᠭᠰᠠᠨ ᠠᠵᠢᠯ ᠤᠨ ᠮᠡᠳᠡᠯᠭᠡ ᠶᠢ | ᠬᠠᠮᠤᠷᠤᠭᠰᠠᠨ ᠲᠠᠪᠤᠨ ᠭᠤᠭᠴᠤᠭ᠎ᠠ ᠶᠢ ᠲᠣᠬᠢᠷᠠᠭᠤᠯᠪᠠ᠃ ᠪᠤᠭᠤᠳᠤ ᠬᠤᠲᠠ ᠶᠢᠨ ᠲᠣᠪᠴᠢᠶ᠎ᠠ ᠶᠢᠨ ᠪᠠᠶᠢᠭᠤᠯᠭ᠎ᠠ᠂ | ᠲᠣᠪᠴᠢᠶ᠎ᠠ ᠶᠢᠨ ᠬᠠᠷᠢᠶ᠎ᠠ ᠠᠵᠢᠯ ᠦᠢᠯᠡᠰ ᠤᠨ ᠨᠢᠬᠡᠴᠢ ᠪᠣᠯᠣᠨ ᠬᠤᠰᠢᠭᠤ ᠰᠢᠶᠠᠨ ᠲᠣᠭᠤᠷᠢᠭ ᠤᠨ ᠠᠷᠠᠳ ᠤᠨ | ᠶᠠᠪᠤᠳᠠᠯ ᠤᠨ ᠰᠠᠯᠠᠭ᠎ᠠ ᠮᠥᠴᠢᠷ ᠤᠨ 20 ᠪᠠᠭ ᠤᠨ 70 ᠬᠦᠮᠦᠨ ᠠᠩᠬᠠᠨ ᠤ ᠤᠷᠤᠯᠳᠤᠭᠠᠨ ᠳᠤ ᠤᠷᠤᠯᠴᠠᠬᠰᠠᠨ | ᠪᠠᠶᠢᠨ᠎ᠠ᠃ | ᠨᠡᠶᠢᠭᠡᠮ ᠤᠨ ᠶᠠᠪᠤᠳᠠᠯ | ᠤᠯᠠᠭᠠᠨᠬᠠᠳᠠ ᠬᠤᠲᠠ ᠶᠢᠨ ᠠᠩᠬᠠᠳᠠᠭᠴᠢ ᠬᠤᠷᠢᠮ ᠤᠨ ᠵᠠᠩᠰᠢᠯ ᠤᠨ ᠥᠭᠡᠷᠡᠴᠢᠯᠡᠯᠲᠡ ᠶᠢᠨ ᠵᠢᠱᠢᠶ᠎ᠡ ᠦᠵᠡᠭᠦᠯᠬᠦ | ᠰᠠᠭᠤᠷᠢᠨ ᠭᠠᠵᠠᠷ ᠪᠠ ᠣᠶᠤᠲᠠᠳ ᠤᠨ ᠤᠯᠠᠮᠵᠢᠯᠠᠯᠲᠤ ᠰᠣᠶᠣᠯ ᠤᠨ ᠬᠥᠮᠦᠵᠢᠯ ᠤᠨ ᠦᠢᠯᠡᠳᠦᠯᠭᠡ ᠶᠢᠨ ᠰᠠᠭᠤᠷᠢᠨ | ᠭᠠᠵᠠᠷ 6 ᠳ᠋ᠤᠭᠠᠷ ᠰᠠᠷ᠎ᠠ ᠶᠢᠨ 29 ᠤ ᠡᠳᠦᠷ ᠪᠠᠶᠢᠭᠤᠯᠤᠭᠳᠠᠪᠠ᠃ ᠰᠠᠭᠤᠷᠢᠨ ᠭᠠᠵᠠᠷ ᠤᠨ ᠬᠢᠨ ᠠᠵᠢᠯ | ᠣᠯᠭᠤᠯᠲᠠ ᠶᠢᠨ ᠳᠠᠳᠤᠯᠭ᠎ᠠ ᠪᠠ ᠨᠡᠶᠢᠭᠡᠮ ᠤᠨ ᠦᠢᠯᠡᠳᠦᠯᠭᠡ ᠶᠢᠨ ᠣᠶᠤᠲᠠᠳ ᠤᠨ ᠲᠣᠭᠤᠷᠢᠨ ᠦᠵᠡᠵᠦ ᠰᠢᠨᠵᠢᠯᠡᠨ | ᠪᠠᠶᠢᠴᠠᠭᠠᠬᠤ᠂ ᠰᠤᠷᠤᠯᠴᠠᠵᠤ ᠪᠠᠶᠢᠴᠠᠭᠠᠨ ᠰᠤᠳᠤᠯᠬᠤ᠂ ᠪᠣᠯᠪᠠᠰᠤᠷᠠᠯ ᠳᠠᠳᠤᠯᠭ᠎ᠠ ᠬᠢᠬᠦ᠂ ᠠᠵᠢᠯ ᠣᠯᠭᠤᠯᠲᠠ ᠶᠢ | ᠵᠢᠯᠤᠭᠤᠳᠬᠤ ᠵᠡᠷᠭᠡ ᠲᠠᠯ᠎ᠠ ᠪᠠᠷ ᠰᠠᠶᠢᠨ ᠰᠠᠶᠢᠬᠠᠨ ᠦᠢᠯᠡᠴᠢᠯᠡᠭᠡ ᠪᠠ ᠣᠷᠴᠢᠨ ᠲᠣᠭᠤᠷᠢᠨ ᠢ ᠬᠠᠩᠭᠠᠬᠤ ᠶᠢᠨ | ᠬᠠᠮᠲᠤ ᠵᠠᠯᠠᠭᠤᠴᠤᠳ ᠤᠨ ᠵᠥᠪ ᠣᠨᠣᠪᠴᠢᠲᠠᠢ ᠤᠷᠤᠭ ᠢᠨᠠᠭ ᠤᠨ ᠦᠵᠡᠯᠲᠡ ᠶᠢ ᠪᠤᠢ ᠪᠣᠯᠭᠠᠬᠤ ᠶᠢ ᠤᠬᠠᠭᠤᠯᠤᠨ | ᠲᠠᠶᠢᠴᠢᠯᠠᠵᠤ᠂ ᠲᠡᠩᠳᠡᠬᠦᠤ ᠦᠨ᠎ᠡ ᠲᠠᠢ ᠰᠠᠭᠠᠯᠢ ᠪᠡᠯᠡᠭ ᠠᠪᠬᠤ ᠵᠡᠷᠭᠡ ᠮᠠᠭᠤ ᠰᠤᠷᠲᠠᠯ ᠢ ᠲᠡᠪᠴᠢᠵᠦ᠂ ᠠᠷᠪᠢᠴᠢ | ᠭᠠᠮᠲᠠᠢ᠂ ᠪᠣᠯᠪᠠᠰᠤᠨ ᠤᠷᠤᠭ ᠬᠤᠷᠢᠮ ᠤᠨ ᠰᠢᠨ᠎ᠡ ᠬᠡᠪ ᠰᠤᠷᠲᠠᠯ ᠢ ᠰᠠᠨᠠᠭᠠᠴᠢᠯᠠᠪᠠ᠃ | | | | | | | | | | | | |