ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ | ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ 6 | ᠳ᠋ᠤᠭᠠᠷ ᠰᠠᠷ᠎ᠠ ᠶᠢᠨ 27 — 28 ᠳᠤ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ︵ | ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠳᠤ 2024 ᠣᠨ ᠤ ᠪᠥᠬᠦ ᠣᠷᠣᠨ ᠤ ᠠᠷᠠᠳ ᠤᠨ ᠶᠠᠪᠤᠳᠠᠯ ᠤᠨ | ᠰᠢᠰᠲ᠋ᠧᠮ ᠤᠨ ᠶᠡᠷᠦᠩᠬᠡᠶᠢᠯᠡᠭᠰᠡᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠡᠷᠭᠢᠯᠡᠵᠦ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ᠂ | ᠵᠠᠰᠠᠭ ᠤᠨ ᠶᠠᠪᠤᠳᠠᠯ ᠤᠨ ᠮᠡᠳᠡᠭᠡ ᠵᠠᠩᠭᠢ᠂ ᠲᠠᠩᠰᠠ ᠡᠪᠬᠡᠮᠡᠯ ᠤᠨ ᠬᠠᠮᠢᠶᠠᠷᠤᠯᠲᠠ ᠵᠡᠷᠭᠡ ᠬᠢᠴᠢᠶᠡᠯ ᠢ ᠪᠠᠲᠤ | ᠪᠠᠶᠢᠷᠢᠯᠠᠭᠤᠯᠵᠤ᠂ ᠠᠷᠠᠳ ᠤᠨ ᠶᠠᠪᠤᠳᠠᠯ ᠤᠨ ᠶᠠᠮᠤᠨ ᠤ ᠠᠯᠪᠠᠨ ᠲᠢᠩᠬᠢᠮ᠂ ᠦᠪᠤᠷ ᠮᠤᠩᠭᠤᠯ ᠤᠨ ᠥᠪᠡᠷᠲᠡᠭᠡᠨ | ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ᠂ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ ᠶᠢᠨ | ᠨᠠᠮ ᠤᠨ ᠰᠤᠷᠭᠠᠭᠤᠯᠢ ᠶᠢᠨ ᠲᠤᠰᠬᠠᠢ ᠮᠡᠷᠭᠡᠵᠢᠯᠲᠡᠨ ᠫᠷᠤᠹᠧᠰᠰᠤᠷ ᠢ ᠤᠷᠢᠵᠤ ᠲᠤᠰᠬᠠᠢ ᠰᠡᠳᠦᠪ ᠢᠶᠠᠷ ᠬᠢᠴᠢᠶᠡᠯᠯᠡᠪᠡ | ᠃ ᠪᠦᠬᠦ ᠣᠷᠣᠨ ᠤ ᠠᠷᠠᠳ ᠤᠨ ᠶᠠᠪᠤᠳᠠᠯ ᠤᠨ ᠰᠢᠰᠲ᠋ᠧᠮ ᠤᠨ ᠶᠡᠷᠦᠩᠬᠡᠶᠢᠯᠡᠭᠰᠡᠨ ᠰᠠᠯᠠᠭ᠎ᠠ ᠮᠥᠴᠢᠷ ᠤᠨ 60 ᠭᠠᠷᠤᠢ | ᠬᠥᠮᠥᠨ ᠪᠣᠯᠪᠠᠰᠤᠷᠠᠯ ᠳᠤ ᠣᠷᠣᠯᠴᠠᠪᠠ᠃ | ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ 6 | ᠳ᠋ᠤᠭᠠᠷ ᠰᠠᠷ᠎ᠠ ᠶᠢᠨ 25 — 28 ᠤ ᠡᠳᠦᠷ ᠬᠢᠩᠭᠠᠨ ᠠᠶᠢᠮᠠᠭ ᠲᠤ 2024 ᠣᠨ ᠤ ︽ᠬᠡᠦᠬᠡᠳ ᠢ ᠬᠠᠮᠠᠭᠠᠯᠠᠨ | ᠪᠣᠶᠢᠵᠢᠭᠤᠯᠬᠤ︾ ᠲᠥᠷᠥᠯ ᠵᠦᠢᠯ ᠤᠨ ᠬᠡᠦᠬᠡᠳ ᠢ ᠬᠠᠮᠠᠭᠠᠯᠠᠬᠤ ᠣᠨᠴᠠᠭᠠᠶ ᠬᠡᠷᠡᠭ ᠤᠨ ᠬᠠᠮᠢᠶᠠᠷᠤᠯᠲᠠ ᠶᠢᠨ | ᠨᠢᠭᠡᠳᠦᠭᠡᠷ ᠬᠤᠭᠤᠴᠠᠭᠠᠨ ᠤ ᠪᠣᠯᠪᠠᠰᠤᠷᠠᠯ ᠢ ᠤᠷᠤᠭᠰᠢᠲᠠᠢ ᠡᠷᠭᠢᠯᠡᠪᠡ᠃ ᠲᠥᠷᠥᠯ ᠵᠦᠢᠯ ᠤᠨ ᠭᠠᠵᠠᠷ ᠣᠷᠣᠨ ᠪᠠ | ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠲᠡᠳᠬᠦᠬᠦ ᠬᠤᠰᠢᠭᠤ ᠰᠢᠶᠠᠨ | ᠠᠴᠠ ᠢᠷᠡᠭᠰᠡᠨ 31 ᠨᠡᠶᠢᠭᠡᠮ ᠤᠨ ᠠᠵᠢᠯᠲᠠᠨ ᠪᠣᠯᠪᠠᠰᠤᠷᠠᠯ ᠳᠤ ᠣᠷᠣᠯᠴᠠᠪᠠ᠃ | ᠶᠡᠷᠤᠩᠭᠡᠶᠢᠯᠡᠭᠰᠡᠨ ᠠᠵᠢᠯ | ᠪᠤᠭᠤᠲᠤ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ︽ᠨᠢᠭᠡ ᠶᠠᠪᠤᠳᠠᠯ ᠢ ᠨᠢᠭᠡ | ᠤᠳᠠᠭ᠎ᠠ ᠳᠤ ᠭᠦᠢᠴᠡᠳᠬᠡᠬᠦ︾ ᠪᠠ ︽ᠬᠠᠮᠤᠭ ᠠᠷᠪᠢᠨ ᠳᠤ ᠪᠠᠨ ᠨᠢᠭᠡ ᠯᠨ ᠤᠳᠠᠭ᠎ᠠ ᠳᠤ ᠭᠦᠶᠦᠯᠭᠡᠬᠦ︾ | ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠦᠢᠯᠡᠴᠢᠯᠡᠭᠡᠨ ᠤ ᠥᠭᠡᠷᠡᠴᠢᠯᠡᠯᠲᠡ ᠶᠢᠨ ᠠᠵᠢᠯ ᠢ ᠠᠬᠢᠭᠤᠯᠵᠤ᠂ | ᠠᠷᠠᠳ ᠤᠨ ᠶᠠᠪᠤᠳᠠᠯ ᠤᠨ ︽ᠨᠢᠭᠡ ᠶᠠᠪᠤᠳᠠᠯ︾ ᠤᠨ ᠦᠢᠯᠡᠴᠢᠯᠡᠭᠡᠨ ᠤ ᠲᠤᠰᠬᠠᠢ ᠴᠤᠩᠬᠤᠪᠴᠢ᠂ ᠨᠢᠭᠡ ᠢᠵᠢ | ᠮᠠᠲ᠋ᠧᠷᠢᠶᠠᠯ ᠢ ᠨᠡᠮᠡᠨ ᠪᠠᠶᠢᠭᠤᠯᠵᠤ᠂ ᠨᠢᠭᠡ ᠤᠳᠠᠭ᠎ᠠ ᠳᠤ ᠲᠤᠰᠢᠶᠠᠵᠤ᠂ ᠨᠢᠭᠡ ᠤᠳᠠᠭ᠎ᠠ ᠳᠤ ᠭᠥᠯᠢᠶᠡᠨ ᠠᠪᠴᠤ᠂ | ᠨᠢᠭᠡ ᠤᠳᠠᠭ᠎ᠠ ᠳᠤ ᠰᠢᠢᠳᠪᠦᠷᠢᠯᠡᠵᠦ ᠳᠡᠩᠰᠡᠯᠡᠨ ᠲᠡᠮᠳᠡᠭᠯᠡᠬᠦ ᠶᠢ ᠬᠠᠮᠲᠤ ᠳᠤ ᠨᠢ ᠭᠦᠢᠴᠡᠳᠬᠡᠵᠦ᠂ ᠠᠷᠠᠳ ᠲᠤ | ᠲᠥᠬᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠶᠢ ᠬᠠᠮᠤᠭ ᠤᠨ ᠶᠡᠭᠡ ᠬᠡᠮᠵᠢᠶ᠎ᠡ ᠪᠠᠷ ᠪᠡᠶᠡᠯᠡᠬᠦᠯᠪᠡ᠃ | ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ | ᠬᠥᠬᠡᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ︽ᠬᠥᠬᠡᠬᠤᠲᠠ ᠶᠢᠨ ᠠᠵᠢᠯ ᠲᠥᠷᠥᠯ ᠤᠨ | ᠨᠡᠶᠢᠭᠡᠮᠯᠢᠭ ᠬᠤᠳᠠᠯᠳᠤᠭᠠᠴᠢᠳ ᠤᠨ ᠨᠡᠶᠢᠬᠡᠮᠯᠢᠭ ᠤᠨ ᠴᠢᠨᠠᠷᠯᠢᠭ ᠬᠥᠭᠵᠢᠯᠲᠡ ᠳᠤ ᠦᠢᠯᠡᠴᠢᠯᠡᠬᠦ ᠲᠤᠰᠬᠠᠢ | ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠵᠤ᠂ ᠶᠡᠷᠦᠩᠬᠡᠢ ᠬᠠᠷᠠᠯᠲᠠ᠂ ᠭᠤᠣᠯᠳᠠᠯᠭ᠎ᠠ ᠲᠠᠢ | ᠡᠭᠦᠷᠭᠡ᠂ ᠱᠠᠲᠤ ᠦᠶ᠎ᠡ ᠶᠢᠨ ᠠᠯᠬᠤᠮ ᠳᠠᠷᠠᠭ᠎ᠠ ᠪᠠ ᠠᠵᠢᠯ ᠤᠨ ᠱᠠᠭᠠᠷᠳᠠᠯᠭ᠎ᠠ ᠶᠢ ᠲᠣᠳᠣᠷᠬᠠᠢ ᠲᠣᠭᠲᠠᠭᠠᠪᠠ᠃ | ᠣᠳᠣᠬᠠᠨ ᠳᠤ ᠪᠥᠬᠦ ᠬᠤᠲᠠ ᠳᠤ 253 ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠨ ᠤ ᠨᠡᠶᠢᠬᠡᠮᠯᠢᠭ᠂ | ᠬᠡᠪᠴᠢᠶ᠎ᠡ ᠠᠴᠠ ᠳᠡᠭᠡᠭᠰᠢᠬᠢ ᠭᠡᠰᠢᠭᠦᠨ ᠠᠵᠤ ᠠᠬᠤᠶᠢᠯᠠᠯ ᠨᠢᠬᠡᠴᠢ 63 ᠪᠠᠶᠢᠬᠤ ᠪᠦᠬᠡᠳ16 ᠤᠳᠠᠭ᠎ᠠ ᠠᠵᠢᠯ | ᠲᠥᠷᠥᠯ ᠤᠨ ᠪᠣᠯᠪᠠᠰᠤᠷᠠᠯ ᠡᠷᠭᠢᠯᠡᠵᠦ᠂ 1462 ᠤᠳᠠᠭ᠎ᠠ ᠪᠤᠯᠪᠠᠰᠤᠷᠠᠯ ᠬᠦᠷᠳᠡᠭᠡᠭᠰᠡᠨ ᠪᠦᠬᠡᠳ ᠠᠵᠢᠯ | ᠲᠦᠷᠦᠯ ᠤᠨ ᠠᠵᠤ ᠠᠬᠤᠶᠢᠯᠠᠯ ᠢ ᠬᠠᠪᠰᠤᠷᠤᠨ 36 ᠬᠥᠮᠥᠨ ᠳᠤ ᠠᠵᠢᠯ ᠣᠯᠭᠤᠪᠠ᠃ | ᠨᠡᠶᠢᠭᠡᠮ ᠤᠨ ᠲᠤᠰᠠᠯᠠᠮᠵᠢ | ᠣᠷᠳᠣᠰ ᠤᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ︽ᠣᠷᠳᠣᠰ ᠬᠤᠲᠠ ᠶᠢᠨ ᠲᠠᠷᠠᠬᠠᠢ | ᠠᠰᠠᠷᠠᠨ ᠲᠡᠵᠢᠭᠡᠵᠦ ᠪᠠᠶᠢᠭ᠎ᠠ ᠣᠨᠴᠠ ᠬᠦᠴᠢᠷᠳᠡᠯᠲᠡᠢ ᠬᠥᠮᠥᠰ ᠢ ᠲᠣᠭᠲᠠᠮᠠᠯ ᠬᠤᠭᠤᠴᠠᠭ᠎ᠠ ᠲᠠᠢ ᠪᠠᠷ ᠰᠤᠷᠪᠤᠯᠵᠢᠯᠠᠬᠤ | ᠳᠦᠷᠢᠮ︾ ᠢ ᠳᠠᠷᠤᠮᠠᠯᠯᠠᠨ ᠲᠠᠷᠬᠠᠭᠠᠵᠤ᠂ ᠰᠤᠷᠪᠤᠯᠵᠢᠯᠠᠬᠳᠠᠬᠴᠢ᠂ ᠰᠤᠷᠪᠤᠯᠵᠢᠯᠠᠬᠤ ᠬᠠᠷᠢᠭᠤᠴᠠᠯᠭᠠᠲᠠᠨ᠂ | ᠰᠤᠷᠪᠤᠯᠵᠢᠯᠠᠬᠤ ᠠᠷᠭ᠎ᠠ᠂ ᠰᠤᠷᠪᠤᠯᠵᠢᠯᠠᠬᠤ ᠠᠭᠤᠯᠭ᠎ᠠ ᠵᠡᠷᠭᠡ ᠶᠢ ᠲᠣᠳᠣᠷᠬᠠᠢ ᠲᠣᠭᠲᠠᠭᠠᠨ᠂ ᠪᠥᠬᠦ ᠬᠤᠲᠠ ᠶᠢᠨ | ᠲᠠᠷᠠᠬᠠᠢ ᠪᠤᠲᠠᠷᠬᠠᠢ ᠣᠨᠴᠠ ᠬᠦᠴᠢᠷᠳᠡᠯᠲᠡᠢ ᠬᠥᠮᠥᠰ ᠢ ᠬᠠᠷᠠᠭᠠᠯᠵᠠᠬᠤ ᠦᠢᠯᠡᠴᠢᠯᠡᠭᠡ ᠶᠢ ᠤᠯᠠᠮ ᠴᠢᠩᠭᠠᠳᠬᠠᠵᠤ᠂ | ᠲᠠᠷᠠᠬᠠᠢ ᠠᠰᠠᠷᠠᠨ ᠲᠡᠵᠢᠭᠡᠵᠦ ᠪᠠᠶᠢᠭ᠎ᠠ ᠣᠨᠴᠠ ᠬᠦᠴᠢᠷᠳᠡᠯᠲᠡᠢ ᠬᠥᠮᠥᠰ ᠤᠨ ᠠᠮᠢᠳᠤᠷᠠᠯ ᠤᠨ ᠶᠠᠰᠤ ᠴᠢᠨᠠᠷ ᠢ | ᠳᠡᠭᠡᠭᠰᠢᠯᠡᠭᠦᠯᠪᠡ᠃ | ᠨᠠᠰᠤᠵᠢᠯ ᠤᠨ ᠦᠢᠯᠡᠴᠢᠯᠡᠭᠡ | ᠰᠢᠯᠢ ᠶᠢᠨ ᠭᠤᠣᠯ ᠠᠶᠢᠮᠠᠭ ᠤᠨ ᠬᠢᠨ ᠢᠳᠡᠪᠬᠢᠲᠡᠢ ᠬᠠᠮᠲᠤᠷᠠᠯᠴᠠᠭᠠᠨ ᠤ ᠲᠠᠪᠴᠠᠩ ᠪᠠᠶᠢᠭᠤᠯᠬᠤ᠂ ᠠᠯᠪᠠᠨ ᠠᠴᠠ | ᠡᠷᠭᠢᠯᠡᠭᠰᠡᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠣᠷᠣ ᠶᠢ ᠴᠢᠯᠦᠭᠡᠲᠡᠢ ᠪᠣᠯᠭᠠᠬᠤ᠂ ᠳᠤᠮᠳᠠ ᠳᠡᠭᠡᠳᠦ | ᠲᠠᠰ ᠤᠨ ᠠᠷᠠᠳ ᠠᠴᠠ ᠡᠷᠭᠢᠯᠡᠭᠰᠡᠨ ᠵᠢᠭᠤᠯᠴᠢᠯᠠᠵᠤ ᠰᠠᠭᠤᠬᠤ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢ | ᠪᠣᠶᠢᠵᠢᠭᠤᠯᠬᠤ ᠵᠡᠷᠭᠡ ᠠᠷᠭ᠎ᠠ ᠪᠠᠷ ᠵᠣᠨ ᠳᠤ ᠪᠠᠨ ᠵᠢᠭᠤᠯᠴᠢᠯᠠᠵᠤ ᠰᠠᠭᠤᠬᠤ ᠨᠠᠰᠤᠵᠢᠯ ᠤᠨ ᠠᠰᠠᠷᠠᠮᠵᠢ ᠶᠢᠨ | ᠰᠠᠶᠢᠬᠠᠨ ᠲᠣᠬᠢᠶᠠᠯ ᠢ ᠠᠳᠬᠤᠨ᠂ ︽ᠨᠡᠭᠦᠳᠡᠯ ᠤᠨ ᠰᠢᠪᠠᠭᠤ ᠮᠠᠶ᠋ᠢᠭ︾ ᠤᠨ ᠵᠢᠭᠤᠯᠴᠢᠯᠠᠵᠤ ᠰᠠᠭᠤᠬᠤ | ᠨᠠᠰᠤᠵᠢᠯ ᠤᠨ ᠠᠰᠠᠷᠠᠮᠵᠢ ᠶᠢᠨ ᠵᠠᠭᠪᠤᠷ ᠢ ᠪᠣᠶ ᠪᠣᠯᠭᠠᠵᠤ᠂ ᠵᠢᠭᠤᠯᠴᠢᠯᠠᠵᠤ ᠰᠠᠭᠤᠬᠤ ᠦᠢᠯᠡᠴᠢᠯᠡᠭᠡᠨ ᠤ | ᠴᠢᠳᠠᠪᠤᠷᠢ ᠶᠢ ᠳᠡᠭᠡᠭᠰᠢᠯᠡᠭᠦᠯᠪᠡ᠃ ᠣᠳᠣᠬᠠᠨ ᠳᠤ᠂ ᠪᠡᠭᠡᠵᠢᠩ ᠤᠨ ᠾᠧ ᠰᠢᠨ ᠵᠢᠶᠠ ᠨᠠᠰᠤᠵᠢᠯ ᠤᠨ ᠠᠰᠠᠷᠠᠮᠵᠢ ᠶᠢᠨ | ᠪᠡᠯᠡ ᠣᠷᠣᠭᠤᠯᠤᠯᠲᠠ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠵᠡᠷᠭᠡ ᠪᠠᠶᠢᠭᠤᠯᠤᠮᠵᠢ ᠲᠠᠢ ᠬᠠᠮᠲᠤᠷᠠᠯᠴᠠᠬᠤ | ᠰᠠᠨᠠᠮᠵᠢ ᠲᠣᠭᠲᠠᠵᠤ᠂ ᠪᠥᠬᠦ ᠠᠶᠢᠮᠠᠭ ᠤᠨ ᠡᠷᠡᠭᠦᠯᠵᠢᠯ ᠨᠠᠰᠤᠵᠢᠯ ᠤᠨ ᠠᠰᠠᠷᠠᠮᠵᠢ ᠶᠢᠨ ᠳᠠᠭᠠᠭᠠᠨ ᠠᠪᠬᠤ | ᠴᠢᠳᠠᠪᠤᠷᠢ ᠲᠠᠢ 7 ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠳᠤ ᠨᠡᠶᠢᠲᠡ 1500 ᠭᠠᠷᠤᠢ ᠣᠷᠣ ᠨᠡᠭᠡᠭᠡᠪᠡ᠃ | | | | |