ᠨᠠᠮ ᠳᠤ ᠤᠷᠤᠬᠰᠠᠨ 50 ᠵᠢᠯ ᠂ ᠦᠡᠭᠭᠡ ᠬᠡᠷᠡᠯᠳᠤ 50 ᠵᠢᠯ᠃ ᠳᠤᠮᠳᠠᠳᠤ ᠤᠯᠤᠰ ᠤᠨ ᠡᠪ ᠬᠠᠮᠲᠤ ᠨᠠᠮ | ᠪᠠᠶᠢᠭᠤᠯᠤᠭᠳᠠᠭᠰᠠᠨ 103 ᠵᠢᠯ ᠤᠨ ᠣᠶ ᠶᠢᠨ ᠲᠠᠰᠢᠷᠠᠮ ᠢᠶᠠᠷ ᠮᠠᠨ ᠤ ᠣᠷᠣᠨ ᠤ ᠡᠯ᠎ᠡ ᠭᠠᠵᠠᠷ ᠤᠨ ᠬᠢᠨ ᠣᠯᠠᠨ | ᠵᠦᠢᠯ ᠤᠨ ᠬᠡᠯᠪᠡᠷᠢ ᠪᠠᠷ ︽ᠨᠠᠮ ᠳᠤ ᠤᠷᠤᠬᠰᠠᠨ ᠢᠷᠡᠭᠤ ᠠᠯᠳᠠᠷᠳᠤ 50 ᠵᠢᠯ︾ ᠤᠨ ᠳᠤᠷᠠᠰᠬᠠᠯ ᠤᠨ ᠲᠡᠮᠳᠡᠭ | ᠣᠯᠭᠤᠬᠤ ᠠᠵᠢᠯᠯᠠᠭ᠎ᠠ ᠥᠷᠨᠢᠭᠦᠯᠵᠦ᠂ ᠠᠬᠠᠮᠠᠳ ᠨᠠᠮ ᠤᠨ ᠭᠡᠰᠢᠭᠦᠳ ᠲᠤ ᠡᠷᠬᠢᠮ ᠳᠡᠭᠡᠳᠦ ᠬᠦᠨᠳᠦᠳᠬᠡᠯ ᠪᠠ ᠴᠢᠩ | ᠰᠡᠳᠬᠢᠯ ᠤᠨ ᠮᠡᠨᠳᠦᠴᠢᠯᠡᠯ ᠳᠡᠪᠰᠢᠭᠦᠯᠪᠡ᠃ | ᠤᠯᠠᠭᠠᠨᠴᠠᠪ ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠬᠤᠷᠢᠶ᠎ᠠ ᠶᠢᠨ | ᠪᠠᠶᠢᠭᠤᠯᠭ᠎ᠠ ᠪᠣᠯᠣᠨ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠤᠭ ᠤᠨ ᠠᠭᠤᠯᠨ ᠪᠠᠯᠭᠠᠰᠤ ︵土贵乌 | 拉镇︶᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠳ᠋ᠠ ᠯᠢᠤ ᠬᠤᠤ ᠪᠠᠯᠭᠠᠰᠤ᠂ ᠬᠤᠸᠠᠳᠧ | ᠰᠢᠶᠠᠨ ᠤ ᠪᠠᠶᠠᠨᠳᠠᠯ᠎ᠠ ᠰᠢᠶᠠᠩ ᠤᠨ ᠬᠢᠨ ︽ᠨᠠᠮ ᠳᠤ ᠤᠷᠤᠬᠰᠠᠨ ᠢᠷᠡᠭᠤ ᠠᠯᠳᠠᠷᠳᠤ 50 ᠵᠢᠯ︾ ᠭᠡᠬᠦ | ᠳᠤᠷᠠᠰᠬᠠᠯ ᠤᠨ ᠲᠡᠮᠳᠡᠭ ᠢ ᠲᠠᠷᠬᠠᠭᠠᠬᠤ ᠶᠣᠰᠣᠯᠠᠯ ᠥᠷᠨᠢᠭᠦᠯᠵᠦ᠂ ᠠᠬᠠᠮᠠᠳ ᠨᠠᠮ ᠤᠨ ᠭᠡᠰᠢᠭᠦᠨ ᠤ 50 ᠵᠢᠯ ᠤᠨ | ᠲᠤᠷᠰᠢ ᠵᠠᠯᠠᠭᠤ ᠨᠠᠰᠤᠨ ᠳᠤ ᠪᠠᠨ ᠬᠠᠷᠠᠮᠰᠠᠯ ᠦᠭᠡᠢ᠂ ᠰᠠᠯᠬᠢ ᠪᠣᠷᠣᠭᠠᠨ ᠠᠴᠠ ᠠᠶᠤᠬᠤ ᠦᠭᠡᠢ᠂ ᠢᠲᠡᠭᠡᠯ ᠵᠣᠷᠢᠭ | ᠭᠤᠶᠢᠪᠠᠰᠢ ᠡᠷᠡᠰ ᠵᠣᠷᠢᠭ ᠪᠣᠯᠣᠨ ᠵᠠᠩ ᠴᠢᠨᠠᠷ ᠢ ᠭᠦᠢᠴᠡᠳ ᠨᠤᠲᠠᠯᠠᠵᠤ᠂ ᠠᠬᠠᠮᠠᠳ ᠨᠠᠮ ᠤᠨ ᠬᠡᠰᠢᠬᠦᠳ ᠤᠨ | ᠬᠡᠷᠡᠯ ᠬᠢᠯᠪᠠᠭ᠎ᠠ ᠪᠠᠨ ᠦᠷᠭᠦᠯᠵᠢᠯᠡᠨ ᠪᠠᠳᠠᠷᠠᠭᠤᠯᠬᠤ ᠶᠢ ᠬᠦᠰᠡᠪᠡ᠃ ᠡᠭᠦᠨ ᠤ ᠬᠠᠮᠲᠤ ᠠᠬᠠᠮᠠᠳ ᠨᠠᠮ ᠤᠨ | ᠭᠡᠰᠢᠭᠦᠨ ᠤ ᠲᠥᠯᠥᠭᠡᠯᠡᠭᠴᠢ ᠶᠢ ᠤᠷᠢᠵᠤ ᠥᠪᠡᠷ ᠤᠨ ᠥᠩᠭᠡᠷᠡᠯᠲᠡ ᠲᠠᠢ ᠪᠠᠨ ᠤᠶᠠᠯᠳᠤᠭᠤᠯᠵᠤ ᠪᠠᠶᠢᠭᠠᠳ ᠨᠠᠮ ᠳᠤ | ᠣᠷᠣᠭᠰᠠᠨ ᠦᠯᠢᠭᠡᠷ ᠪᠣᠯᠣᠨ ᠦᠪᠡᠷ ᠤᠨ ᠦᠡᠭᠭᠡᠷᠡᠯᠳᠡ ᠲᠠᠢ ᠨᠢ ᠤᠶᠠᠯᠳᠤᠭᠤᠯᠤᠨ ᠪᠣᠳᠠᠲᠤ ᠠᠵᠢᠯᠯᠠᠭ᠎ᠠ ᠪᠠᠷ ᠢᠶᠠᠨ | ᠨᠠᠮ ᠤᠨ ᠭᠡᠰᠢᠭᠦᠨ ᠤ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠦᠭᠰᠡᠨ ᠥᠩᠭᠡᠷᠡᠯᠲᠡ ᠶᠢ ᠨᠢ | ᠶᠠᠷᠢᠭᠤᠯᠵᠤ᠂ ᠨᠠᠮ ᠤᠨ ᠭᠡᠰᠢᠭᠦᠨ ᠺᠠᠳ᠋ᠷᠴᠤᠳ ᠢ ᠬᠥᠮᠥᠵᠢᠭᠦᠯᠦᠨ ᠨᠠᠮ ᠤᠨ ᠠᠴᠢ ᠶᠢ ᠡᠭᠦᠷᠢᠳᠡ ᠪᠠᠳᠤ | ᠴᠡᠭᠡᠵᠢᠯᠡᠭᠦᠯᠵᠦ᠂ ᠬᠦᠰᠡᠯᠡᠩ ᠢᠲᠡᠭᠡᠯ ᠪᠢᠰᠢᠷᠡᠯ ᠢᠶᠠᠨ ᠦᠷᠭᠦᠯᠵᠢᠯᠡᠨ ᠪᠠᠲᠤᠳᠬᠠᠵᠤ᠂ ᠰᠢᠨ᠎ᠡ ᠴᠠᠭ ᠦᠶ᠎ᠡ ᠰᠢᠨ᠎ᠡ | ᠠᠶᠠᠨ ᠵᠠᠮ ᠳᠤ ᠰᠢᠨ᠎ᠡ ᠡᠭᠦᠷᠭᠡᠯᠡᠯ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠬᠦ ᠲᠡᠶᠢᠰᠢ ᠲᠠᠶᠢᠴᠢᠯᠠᠪᠠ᠃ ᠦᠨᠤ | ᠵᠢᠯ ᠤᠯᠠᠭᠠᠨᠴᠠᠪ ᠬᠤᠳᠠ ᠶᠢᠨ ᠬᠢᠨ ᠨᠠᠮ ᠳᠤ ᠣᠷᠣᠭᠠᠳ ᠪᠦᠬᠦᠯᠢ 50 ᠵᠢᠯ ᠪᠣᠯᠤᠭᠰᠠᠨ 1384 ᠠᠬᠠᠮᠠᠳ | ᠨᠠᠮ ᠤᠨ ᠭᠡᠰᠢᠭᠦᠨ ᠳᠤ ︽ᠨᠠᠮ ᠳᠤ ᠤᠷᠤᠬᠰᠠᠨ ᠢᠷᠡᠭᠤ ᠠᠯᠳᠠᠷᠳᠤ 50 ᠵᠢᠯ︾ ᠳᠤᠷᠠᠰᠬᠠᠯ ᠤᠨ ᠲᠡᠮᠳᠡᠭ | ᠲᠠᠷᠬᠠᠭᠠᠵᠠᠢ᠃ | ᠳᠤᠷᠠᠰᠬᠠᠯ ᠤᠨ ᠲᠡᠮᠳᠡᠭ ᠣᠯᠣᠭᠰᠠᠨ ᠠᠬᠠᠮᠠᠳ ᠨᠠᠮ ᠤᠨ ᠭᠡᠰᠢᠭᠦᠨ᠂ ᠴᠠᠬᠠᠷ ᠪᠠᠷᠠᠭᠤᠨ ᠭᠠᠷᠤᠨ ᠳᠤᠮᠳᠠᠳᠤ | ᠬᠤᠰᠢᠭᠤᠨ ᠤ ᠬᠤᠩ ᠫᠠᠨ ᠰᠢᠶᠠᠩ ᠤᠨ ᠡᠯ ᠳ᠋ᠣᠣ ᠭᠧᠦ ᠲᠣᠰᠬᠤᠨ ᠤ ᠠᠷᠠᠳ ᠾᠧᠦ ᠳ᠋ᠦᠩ᠄ ︽ᠤᠭ | ᠰᠠᠨᠠᠭ᠎ᠠ ᠪᠠᠨ ᠪᠠᠷᠢᠮᠲᠠᠯᠠᠵᠤ᠂ ᠨᠠᠮ ᠢᠶᠠᠨ ᠬᠠᠶᠢᠷᠠᠯᠠᠵᠤ ᠨᠠᠮ ᠢᠶᠠᠨ ᠬᠦᠨᠳᠦᠳᠬᠡᠬᠦ ᠪᠣᠯ ᠮᠠᠨ ᠤ ᠡᠪ ᠬᠠᠮᠲᠤ ᠨᠠᠮ ᠤᠨ | ᠭᠡᠰᠢᠭᠦᠨ ᠨᠢᠬᠡ ᠪᠦᠷᠢ ᠶᠢᠨ ᠭᠦᠢᠴᠡᠳᠬᠡᠪᠡᠰᠦ ᠵᠣᠬᠢᠬᠤ ᠡᠬᠦᠷᠬᠡ ᠬᠠᠷᠢᠭᠤᠴᠠᠯᠭ᠎ᠠ ᠡᠭᠦᠷᠭᠡ ᠮᠥᠨ᠂ ᠨᠠᠳᠠ ᠳᠤ ︿ | ᠨᠠᠮ ᠳᠤ ᠤᠷᠤᠬᠰᠠᠨ ᠢᠷᠡᠭᠤ ᠠᠯᠳᠠᠷᠳᠤ 50 ᠵᠢᠯ﹀ ᠤᠨ ᠳᠤᠷᠠᠰᠬᠠᠯ ᠤᠨ ᠲᠡᠮᠳᠡᠭ ᠢ ᠣᠯᠭᠤᠭᠰᠠᠨ ᠨᠢ ᠨᠠᠮ᠎ᠠ ᠶᠢ | ᠨᠤᠳᠠᠯᠠᠵᠤ᠂ ᠮᠢᠨᠤ ᠠᠵᠢᠯ ᠢ ᠬᠦᠯᠢᠶᠡᠨ ᠵᠦᠪᠰᠢᠶᠡᠷᠡᠵᠤ ᠪᠠᠶᠢᠭ᠎ᠠ ᠬᠡᠷᠡᠭ ᠶᠤᠮ᠃ ᠪᠢ ᠬᠤᠶᠢᠰᠢᠳᠠ ᠢᠯᠴᠢ ᠬᠡᠬᠡ | ᠪᠠᠨ ᠦᠷᠭᠦᠯᠵᠢᠯᠡᠨ ᠪᠠᠳᠠᠷᠠᠭᠤᠯᠵᠤ᠂ ᠠᠬᠠᠮᠠᠳ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢᠶᠠᠨ | ᠭᠦᠢᠴᠡᠳ ᠪᠠᠳᠠᠷᠠᠭᠤᠯᠤᠨ᠎ᠠ︾ ᠭᠡᠵᠤ ᠶᠠᠷᠢᠪᠠ᠃ | ᠬᠢᠩᠭᠠᠨ ᠠᠶᠢᠮᠠᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠬᠤᠷᠠᠯ ᠬᠤᠷᠠᠯᠳᠤᠭᠤᠯᠬᠤ᠂ | ᠶᠣᠰᠣᠯᠠᠯ ᠶᠠᠪᠤᠭᠤᠯᠬᠤ᠂ ᠭᠡᠷ ᠲᠤ ᠨᠢ ᠬᠦᠷᠴᠦ ᠰᠤᠷᠪᠤᠯᠵᠢᠯᠠᠬᠤ ᠵᠡᠷᠭᠡ ᠤᠯᠠᠨ ᠬᠡᠯᠪᠡᠷᠢ ᠪᠠᠷ ᠨᠥᠬᠦᠴᠡᠯ ᠳᠤ | ᠨᠡᠶᠢᠴᠡᠭᠰᠡᠨ 608 ᠠᠬᠠᠮᠠᠳ ᠨᠠᠮ ᠤᠨ ᠭᠡᠰᠢᠭᠦᠨ ᠳᠤ ︽ᠨᠠᠮ ᠳᠤ ᠤᠷᠤᠬᠰᠠᠨ ᠢᠷᠡᠭᠤ ᠠᠯᠳᠠᠷᠳᠤ 50 ᠵᠢᠯ︾ | ᠤᠨ ᠳᠤᠷᠠᠰᠬᠠᠯ ᠤᠨ ᠲᠡᠮᠳᠡᠭ ᠭᠠᠷᠳᠠᠭᠤᠯᠪᠠ᠃ | ᠬᠢᠩᠭᠠᠨ ᠠᠶᠢᠮᠠᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠵᠣᠬᠢᠶᠠᠨ ᠪᠠᠶᠢᠭᠤᠯᠬᠤ | ᠨᠢᠭᠡᠳᠦᠭᠡᠷ ᠰᠠᠯᠠᠭᠠᠨ ᠤ ᠳᠠᠷᠤᠭ᠎ᠠ ᠯᠢ ᠰᠢᠶᠣᠣ ᠸᠧᠢ᠄ ︽︿ᠨᠠᠮ ᠳᠤ ᠤᠷᠤᠬᠰᠠᠨ ᠢᠷᠡᠭᠤ ᠠᠯᠳᠠᠷᠳᠤ 50 ᠵᠢᠯ﹀ | ᠤᠨ ᠳᠤᠷᠠᠰᠬᠠᠯ ᠤᠨ ᠲᠡᠮᠳᠡᠭ ᠢ ᠲᠠᠷᠬᠠᠭᠠᠭᠰᠠᠨ ᠨᠢ ᠨᠠᠮ ᠤᠨ ᠲᠥᠪ ᠬᠤᠷᠢᠶ᠎ᠠ ᠠᠴᠠ ᠠᠬᠠᠮᠠᠳ ᠨᠠᠮ ᠤᠨ | ᠬᠡᠰᠢᠬᠦᠳ ᠢ ᠬᠠᠯᠠᠮᠵᠢᠯᠠᠵᠤ ᠪᠠᠶᠢᠬᠤ ᠶᠢ ᠭᠦᠢᠴᠡᠳ ᠬᠠᠷᠠᠭᠤᠯᠵᠤ᠂ ᠨᠠᠮ ᠪᠣᠯᠣᠨ ᠠᠷᠠᠳ ᠲᠦᠮᠡᠨ ᠠᠴᠠ ᠠᠬᠠᠮᠠᠳ | ᠨᠠᠮ ᠤᠨ ᠭᠡᠰᠢᠭᠦᠨ ᠤ ᠲᠡᠦᠬᠡᠨ ᠬᠤᠪᠢ ᠨᠡᠮᠡᠷᠢ ᠶᠢ ᠭᠦᠢᠴᠡᠳ ᠨᠤᠳᠠᠯᠠᠵᠤ ᠪᠠᠶᠢᠬᠤ ᠶᠢᠨ ᠲᠡᠮᠳᠡᠭ ᠪᠦᠬᠡᠳ ᠴᠢᠬᠤᠯᠠ | ᠶᠡᠭᠡ ᠠᠴᠢ ᠬᠤᠯᠪᠣᠭᠳᠠᠯ ᠲᠠᠢ᠂ ᠭᠦᠨ ᠭᠦᠨᠵᠡᠭᠡᠢ ᠤᠳᠬ᠎ᠠ ᠠᠭᠤᠯᠭ᠎ᠠ ᠲᠠᠢ︾ ᠶᠠᠷᠢᠵᠤ ᠪᠠᠶᠢᠯ᠎ᠠ᠃ | ᠤᠯᠠᠭᠠᠨᠬᠤᠲᠠ ᠶᠢᠨ ᠰᠡᠷᠬᠡᠨ ᠤᠳᠤ ᠦᠶ᠎ᠡ ᠶᠢᠨ ᠲᠠᠷᠢᠶᠠᠯᠠᠩ ᠤᠨ ᠬᠦᠷᠢᠶᠡᠯᠡᠩ ᠲᠣᠭᠤᠷᠢᠭ ᠤᠨ ᠫᠢᠡᠭ ᠠᠨ | ᠲᠣᠰᠬᠤᠨ ᠤ ᠠᠬᠠᠮᠠᠳ ᠨᠠᠮ ᠤᠨ ᠭᠡᠰᠢᠭᠦᠨ ᠪᠦ᠋ ᠢ ᠵᠢᠶᠦ᠋ᠨ ᠭᠡᠷᠡᠯ ᠰᠠᠴᠤᠷᠠᠭᠰᠠᠨ ᠳᠤᠷᠠᠰᠬᠠᠯ ᠤᠨ ᠲᠡᠮᠳᠡᠭ ᠢ | ᠲᠤᠰᠤᠭᠠᠳ ᠳᠣᠭᠳᠣᠯᠤᠭᠰᠠᠨ ᠰᠡᠳᠬᠢᠯᠬᠡ ᠪᠠᠷ᠄ ︽1974 ᠣᠨ ᠤ 4 ᠳ᠋ᠤᠬᠡᠷ ᠰᠠᠷ᠎ᠠ ᠶᠢᠨ 27 ᠤ ᠡᠳᠦᠷ ᠪᠣᠯ | ᠮᠢᠨᠤ ᠨᠠᠰᠤᠨ ᠲᠤᠷᠰᠢᠲᠠ ᠶᠢᠨ ᠮᠠᠷᠲᠠᠭᠳᠠᠰᠢ ᠦᠭᠡᠢ ᠡᠳᠦᠷ ᠪᠣᠯᠣᠨ᠎ᠠ᠂ ᠪᠢ ᠭᠠᠯ ᠤᠯᠠᠭᠠᠨ ᠨᠠᠮ ᠤᠨ ᠲᠤᠭ ᠤᠨ | ᠳᠣᠣᠷ᠎ᠠ ᠵᠣᠭᠰᠣᠨ ᠲᠥᠪ ᠴᠢᠩᠭ᠎ᠠ ᠪᠠᠷ ᠲᠠᠩᠭᠠᠷᠢᠭᠯᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠳᠤ | ᠣᠷᠣᠬᠤ ᠪᠠᠷ ᠵᠤᠷᠢᠭ ᠢᠶᠠᠨ ᠢᠯᠡᠳᠬᠡᠵᠡᠢ᠃ ᠮᠢᠨᠤ ᠠᠮᠢᠳᠤᠷᠠᠯ ᠤᠨ ᠠᠯᠬᠤᠮ ᠨᠢᠬᠡ ᠪᠦᠷᠢ ᠪᠣᠯ ᠴᠥᠮ ᠨᠠᠮ ᠤᠨ | ᠬᠥᠮᠦᠵᠢᠯ ᠢᠶᠠᠷ ᠦᠰᠦᠨ ᠪᠣᠶᠢᠵᠢᠵᠤ ᠬᠥᠭᠵᠢᠭᠰᠡᠨ ᠶᠤᠮ᠂ ᠤᠳᠤ ᠶᠢᠨ ᠵᠣᠯ ᠵᠢᠷᠭᠠᠯᠲᠤ ᠠᠮᠢᠳᠤᠷᠠᠯ ᠢ ᠴᠥᠮ ᠨᠠᠮ | ᠪᠠ ᠤᠯᠤᠰ ᠠᠴᠠ ᠤᠯᠭᠤᠪᠠ᠃ ᠡᠨᠡ ᠬᠦ ᠳᠤᠷᠠᠰᠬᠠᠯ ᠤᠨ ᠲᠡᠮᠳᠡᠭ ᠪᠣᠯ ᠨᠠᠮ ᠠᠴᠠ ᠨᠠᠮ᠎ᠠ ᠶᠢ ᠮᠠᠳᠠᠷᠠᠵᠤ ᠪᠠᠶᠢᠭ᠎ᠠ | ᠪᠦᠬᠡᠳ ᠨᠠᠮ ᠤᠨ ᠬᠠᠶᠢᠷ᠎ᠠ ᠬᠠᠯᠠᠮᠵᠢ᠂ ᠪᠠᠰᠠ ᠴᠤ ᠬᠦᠨᠳᠦ ᠬᠠᠷᠢᠭᠤᠴᠠᠯᠭ᠎ᠠ ᠪᠣᠯᠬᠤ ᠶᠤᠮ᠂ ᠪᠢ ᠤᠭ ᠰᠠᠨᠠᠭ᠎ᠠ ᠪᠠᠨ | ᠦᠯᠦ ᠤᠮᠠᠷᠳᠠᠨ᠂ ᠨᠠᠮ ᠤᠨ ᠦᠢᠯᠡᠰ ᠤᠨ ᠲᠥᠯᠥᠭᠡ ᠢᠯᠴᠢ ᠬᠡᠷᠡᠯ ᠢᠶᠠᠨ ᠦᠷᠬᠦᠯᠵᠢᠯᠡᠨ ᠪᠠᠳᠠᠷᠠᠭᠤᠯᠤᠨ᠎ᠠ︾ ᠬᠡᠵᠡᠢ | ᠃ | ᠰᠢᠯᠢ ᠶᠢᠨ ᠭᠤᠣᠯ ᠠᠶᠢᠮᠠᠭ ᠤᠨ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ︽ᠨᠠᠮ ᠳᠤ | ᠤᠷᠤᠬᠰᠠᠨ ᠢᠷᠡᠭᠤ ᠠᠯᠳᠠᠷᠳᠤ 50 ᠵᠢᠯ︾ ᠭᠡᠬᠦ ᠳᠤᠷᠠᠰᠬᠠᠯ ᠤᠨ ᠲᠡᠮᠳᠡᠭ ᠢ ᠲᠠᠷᠬᠠᠭᠠᠬᠤ ᠠᠵᠢᠯ ᠢ ᠨᠠᠷᠢᠨ | ᠬᠢᠨᠠᠮᠠᠭᠠᠢ ᠥᠷᠨᠢᠭᠦᠯᠵᠡᠢ᠃ ᠦᠨᠤ ᠵᠢᠯ ᠰᠢᠯᠢ ᠶᠢᠨ ᠭᠤᠣᠯ ᠠᠶᠢᠮᠠᠭ ᠤᠨ ᠬᠢᠨ ᠨᠠᠮ ᠳᠤ ᠣᠷᠣᠭᠠᠳ ᠪᠦᠬᠦᠯᠢ 50 | ᠵᠢᠯ ᠪᠣᠯᠤᠭᠰᠠᠨ 471 ᠠᠬᠠᠮᠠᠳ ᠨᠠᠮ ᠤᠨ ᠭᠡᠰᠢᠭᠦᠨ ᠳᠤ ︽ᠨᠠᠮ ᠳᠤ ᠤᠷᠤᠬᠰᠠᠨ ᠢᠷᠡᠭᠤ ᠠᠯᠳᠠᠷᠳᠤ 50 ᠵᠢᠯ︾ | ᠤᠨ ᠳᠤᠷᠠᠰᠬᠠᠯ ᠤᠨ ᠲᠡᠮᠳᠡᠭ ᠲᠠᠷᠬᠠᠭᠠᠯ᠎ᠠ᠃ | ᠰᠢᠯᠢᠩᠬᠤᠲᠠ ᠶᠢᠨ ᠡᠷᠳᠡᠨᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠶᠠᠪᠤᠭᠳᠠᠭᠰᠠᠨ ᠭᠤᠣᠯ | ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠳᠡᠭᠡᠷ᠎ᠡ 21 ᠠᠬᠠᠮᠠᠳ ᠨᠠᠮ ᠤᠨ ᠬᠡᠰᠢᠬᠦᠳ ᠵᠣᠬᠢᠶᠠᠨ | ᠪᠠᠶᠢᠭᠤᠯᠤᠯᠲᠠ ᠠᠴᠠ ᠨᠡᠶᠢᠲᠡᠯᠡᠭᠰᠡᠨ ︽ᠨᠠᠮ ᠳᠤ ᠤᠷᠤᠬᠰᠠᠨ ᠢᠷᠡᠭᠤ ᠠᠯᠳᠠᠷᠳᠤ 50 ᠵᠢᠯ︾ ᠭᠡᠬᠦ ᠳᠤᠷᠠᠰᠬᠠᠯ ᠤᠨ | ᠲᠡᠮᠳᠡᠭ ᠢ ᠬᠦᠷᠲᠡᠵᠦ᠂ ᠠᠵᠢᠯᠯᠠᠭ᠎ᠠ ᠶᠢ ᠵᠤᠬᠢᠶᠠᠨ ᠪᠠᠶᠢᠭᠤᠯᠤᠬᠰᠠᠳ ᠰᠢᠨ᠎ᠡ ᠡᠯᠰᠡᠭᠰᠡᠨ ᠨᠠᠮ ᠤᠨ ᠭᠡᠰᠢᠭᠦᠨ ᠪᠣᠯᠣᠨ | ᠠᠬᠠᠮᠠᠳ ᠨᠠᠮ ᠤᠨ ᠭᠡᠰᠢᠭᠦᠨ ᠲᠠᠢ ᠬᠠᠮᠲᠤ ᠪᠠᠷ ᠲᠠᠩᠭᠠᠷᠢᠬᠯᠠᠬᠤ ᠳᠤ ᠡᠷᠡᠰ ᠴᠢᠩᠭ᠎ᠠ ᠲᠠᠩᠭᠠᠷᠢᠭᠯᠠᠬᠤ ᠳᠠᠭᠤᠨ | ᠦᠷᠤᠬᠡ ᠲᠦᠬᠦᠷᠡᠩ ᠴᠤᠤᠷᠢᠶᠠᠲᠤᠪᠠ᠃ ᠠᠬᠠᠮᠠᠳ ᠨᠠᠮ ᠤᠨ ᠭᠡᠰᠢᠭᠦᠨ ᠯᠢᠦ ᠾᠧ ᠫᠢᠩ᠄ ︽ᠨᠠᠮ ᠤᠨ 103 | ᠨᠠᠰᠤᠨ ᠤ ᠲᠦᠷᠦᠭᠰᠡᠨ ᠡᠳᠦᠷ ᠤᠨ ᠪᠠᠶᠠᠷ ᠤᠨ ᠲᠠᠰᠢᠷᠠᠮ ᠢᠶᠠᠷ ᠮᠢᠨᠤ ᠢᠷᠠᠭᠤ ᠠᠯᠳᠠᠷᠲᠠᠢ ᠪᠠᠷ ᠨᠠᠮ ᠳᠤ ᠣᠷᠣᠭᠰᠠᠨ | 50 ᠵᠢᠯ ᠤᠨ ᠵᠠᠩᠭᠢᠯᠠᠭ᠎ᠠ ᠶᠢᠨ ᠴᠡᠭ ᠳᠡᠭᠡᠷ᠎ᠡ ᠡᠨᠡ ᠬᠦ ᠳᠤᠷᠠᠰᠬᠠᠯ ᠤᠨ ᠲᠡᠮᠳᠡᠭ ᠢ ᠣᠯᠣᠭᠰᠠᠨ ᠨᠢ ᠶᠡᠷᠦ ᠪᠤᠰᠤ ᠶᠢᠨ | ᠠᠴᠢ ᠬᠤᠯᠪᠣᠭᠳᠠᠯ ᠲᠠᠢ᠃ ᠨᠠᠮ ᠤᠨ ᠬᠥᠮᠥᠵᠢᠭᠦᠯᠦᠯ ᠳᠤ ᠲᠠᠯᠠᠷᠬᠠᠵᠤ ᠪᠠᠶᠢᠨ᠎ᠠ᠂ ᠨᠠᠮ ᠤᠨ ᠠᠭᠤᠤ ᠶᠡᠭᠡ | ᠦᠢᠯᠡᠰ ᠤᠨ ᠲᠥᠯᠥᠭᠡ ᠬᠦᠴᠦᠨ ᠴᠢᠳᠠᠯ ᠢᠶᠠᠨ ᠡᠷᠭᠦᠵᠦ᠂ ᠮᠠᠨ ᠤ ᠨᠠᠮ ᠪᠠ ᠤᠯᠤᠰ ᠣᠷᠣᠨ ᠤ ᠴᠡᠴᠡᠭᠯᠡᠯ ᠬᠥᠭᠵᠢᠯ | ᠪᠠ ᠬᠦᠴᠦᠷᠬᠡᠭᠵᠢᠯ ᠢ ᠭᠡᠷᠡᠴᠢᠯᠡᠬᠦ ᠪᠣᠯᠤᠭᠰᠠᠨ ᠳᠤ ᠪᠠᠨ ᠮᠠᠰᠢ ᠣᠮᠣᠭᠰᠢᠵᠤ ᠪᠠᠶᠢᠨ᠎ᠠ᠃ ᠬᠤᠶᠢᠰᠢᠳᠠ ᠪᠢ ᠪᠠᠰᠠ | ᠪᠡᠶ᠎ᠡ ᠶᠢᠨ ᠨᠥᠬᠦᠴᠡᠯ ᠪᠣᠯᠣᠯᠴᠠᠭ᠎ᠠ ᠪᠠ ᠦᠵᠡᠵᠤ ᠪᠠᠶᠢᠭᠠᠳ ᠨᠠᠮ ᠪᠠ ᠤᠯᠤᠰ ᠣᠷᠣᠨ ᠤ ᠦᠢᠯᠡᠰ ᠤᠨ ᠲᠥᠯᠥᠭᠡ | ᠦᠷᠭᠦᠯᠵᠢᠯᠡᠨ ᠭᠡᠷᠡᠯ ᠭᠢᠯᠪᠠᠭ᠎ᠠ ᠪᠠᠨ ᠰᠠᠴᠤᠷᠠᠭᠤᠯᠤᠨ᠎ᠠ︾ ᠬᠡᠯᠡ᠃ | ᠤᠷᠴᠢᠮ ᠠᠯᠠᠱᠠ ᠶᠢᠨ ᠡᠯ᠎ᠡ ᠭᠠᠵᠠᠷ ᠤᠨ ᠬᠢᠨ ︽ᠨᠠᠮ ᠳᠤ ᠤᠷᠤᠬᠰᠠᠨ ᠢᠷᠡᠭᠤ ᠠᠯᠳᠠᠷᠳᠤ 50 ᠵᠢᠯ︾ ᠭᠡᠬᠦ | ᠳᠤᠷᠠᠰᠬᠠᠯ ᠤᠨ ᠲᠡᠮᠳᠡᠭ ᠢ ᠲᠠᠷᠬᠠᠭᠠᠬᠤ ᠠᠵᠢᠯᠯᠠᠭ᠎ᠠ ᠥᠷᠨᠢᠭᠦᠯᠵᠦ᠂ ᠠᠬᠠᠮᠠᠳ ᠨᠠᠮ ᠤᠨ ᠭᠡᠰᠢᠭᠦᠨ ᠳᠤ ᠨᠠᠮ ᠤᠨ | ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢ ᠬᠦᠷᠲᠡᠭᠡᠵᠦ᠂ ᠠᠬᠠᠮᠠᠳ ᠨᠠᠮ ᠤᠨ ᠭᠡᠰᠢᠭᠦᠨ ᠤ ᠢᠷᠠᠭᠤ | ᠠᠯᠳᠠᠷ ᠤᠨ ᠲᠥᠷᠥᠭᠳᠡᠯ᠂ ᠬᠠᠷᠢᠶᠠᠯᠠᠭᠳᠠᠬᠤ ᠲᠥᠷᠥᠭᠳᠡᠯ᠂ ᠡᠭᠦᠷᠭᠡᠲᠦ ᠲᠥᠷᠥᠭᠳᠡᠯ ᠢ ᠨᠡᠮᠡᠭᠳᠡᠭᠦᠯᠦᠭᠰᠡᠨ ᠢᠶᠠᠷ ᠪᠠᠷᠠᠬᠤ | ᠦᠭᠡᠢ ᠪᠠᠰᠠ ᠠᠬᠠᠮᠠᠳ ᠨᠠᠮ ᠤᠨ ᠭᠡᠰᠢᠭᠦᠨ ᠤ ᠨᠠᠮ ᠤᠨ ᠦᠢᠯᠡᠰ ᠤᠨ ᠲᠥᠯᠥᠭᠡ ᠢᠯᠴᠢ ᠬᠡᠬᠡ ᠪᠠᠨ ᠪᠠᠳᠠᠷᠠᠭᠤᠯᠬᠤ | ᠬᠠᠯᠠᠭᠤᠨ ᠰᠡᠳᠬᠢᠯᠭᠡ ᠶᠢ ᠬᠥᠭᠵᠢᠭᠡᠭᠰᠡᠨ ᠪᠠᠶᠢᠨ᠎ᠠ᠃ ᠣᠶᠢᠯᠠᠭᠠᠭᠰᠠᠨ ᠢᠶᠠᠷ ᠠᠯᠠᠱᠠ ᠶᠢᠨ ᠪᠦᠬᠦ ᠠᠶᠢᠮᠠᠭ ᠤᠨ ᠡᠯ᠎ᠡ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠢᠨ ᠤᠯᠠᠨ ᠬᠡᠯᠪᠡᠷᠢ ᠪᠠᠷ ︽ ᠨᠠᠮ ᠳᠤ ᠤᠷᠤᠬᠰᠠᠨ ᠢᠷᠡᠭᠤ | ᠠᠯᠳᠠᠷᠳᠤ 50 ᠵᠢᠯ︾ ᠤᠨ ᠳᠤᠷᠠᠰᠬᠠᠯ ᠤᠨ ᠲᠡᠮᠳᠡᠭ ᠢ 134 ᠭᠠᠷᠳᠠᠭᠤᠯᠵᠠᠢ᠃ | ᠠᠯᠠᠱᠠ ᠠᠶᠢᠮᠠᠭ ᠤᠨ ᠢᠬᠡᠷ᠎ᠡ ᠬᠤᠳᠳᠤᠭ ᠠᠮᠢ ᠠᠬᠤᠢ ᠶᠢᠨ ᠨᠡᠭᠦᠳᠡᠯ ᠠᠷᠠᠳ ᠤᠨ ᠵᠢᠱᠢᠶ᠎ᠡ ᠦᠵᠡᠭᠦᠯᠬᠦ | ᠲᠣᠭᠤᠷᠢᠭ ᠲᠤ 7 ᠳ᠋ᠤᠭᠠᠷ ᠰᠠᠷ᠎ᠠ ᠶᠢᠨ 1 ᠤ ᠡᠳᠦᠷ ︽ᠨᠠᠮ ᠳᠤ ᠤᠷᠤᠬᠰᠠᠨ ᠢᠷᠡᠭᠤ ᠠᠯᠳᠠᠷᠳᠤ 50 ᠵᠢᠯ︾ | ᠭᠡᠬᠦ ᠳᠤᠷᠠᠰᠬᠠᠯ ᠤᠨ ᠲᠡᠮᠳᠡᠭ ᠢ ᠣᠯᠭᠤᠬᠤ ᠶᠣᠰᠣᠯᠠᠯ ᠶᠠᠪᠤᠭᠤᠯᠪᠠ᠃ ᠠᠬᠠᠮᠠᠳ ᠨᠠᠮ ᠤᠨ ᠭᠡᠰᠢᠭᠦᠨ ᠱᠠᠩᠨᠠᠯ ᠤᠨ | ᠲᠡᠮᠳᠡᠭ ᠢ ᠰᠡᠳᠬᠢᠯ ᠳᠣᠭᠳᠣᠯᠤᠨ ᠲᠤᠰᠴᠤ᠂ ᠨᠠᠮ ᠳᠤ ᠣᠷᠣᠭᠰᠠᠨ ᠥᠩᠭᠡᠷᠡᠯᠲᠡ ᠪᠠ ᠤᠯᠠᠨ ᠵᠢᠯ ᠤᠨ ᠠᠵᠢᠯ ᠤᠨ | ᠥᠩᠭᠡᠷᠡᠯᠲᠡ ᠪᠠᠨ ᠬᠤᠪᠢᠶᠠᠯᠴᠠᠵᠤ᠂ ᠵᠠᠯᠠᠭᠤ ᠨᠠᠮ ᠤᠨ ᠭᠡᠰᠢᠭᠦᠨ ᠢ ᠠᠵᠠ ᠲᠣᠬᠢᠶᠠᠯ ᠢ ᠨᠠᠨᠳᠢᠩᠨᠠᠵᠤ᠂ ᠴᠢᠷᠮᠠᠶᠢᠨ | ᠠᠵᠢᠯᠯᠠᠵᠤ᠂ ᠨᠠᠮ ᠤᠨ ᠦᠢᠯᠡᠰ ᠤᠨ ᠲᠥᠯᠥᠭᠡ ᠦᠷᠭᠦᠯᠵᠢᠯᠡᠨ ᠲᠡᠮᠡᠴᠡᠬᠦ ᠶᠢ ᠵᠣᠷᠢᠭᠵᠢᠭᠤᠯᠪᠠ᠃ ᠢᠬᠡᠷ᠎ᠡ | ᠬᠤᠳᠳᠤᠭ ᠤᠨ ᠠᠮᠢ ᠠᠬᠤᠢ ᠶᠢᠨ ᠨᠡᠭᠦᠳᠡᠯ ᠠᠷᠠᠳ ᠤᠨ ᠵᠢᠱᠢᠶ᠎ᠡ ᠦᠵᠡᠭᠦᠯᠬᠦ ᠲᠣᠭᠤᠷᠢᠭ ᠤᠨ ᠲᠡᠭᠷᠢ ᠡᠯᠡᠰᠤ | ᠪᠠᠯᠭᠠᠰᠤᠨ ᠤ ᠤᠯᠠᠭᠠᠨᠬᠠᠳᠠ ᠭᠠᠴᠠᠭ᠎ᠠ ᠶᠢᠨ ᠠᠬᠠᠮᠠᠳ ᠨᠠᠮ ᠤᠨ ᠭᠡᠰᠢᠭᠦᠨ ᠮᠦᠡᠭᠭᠡᠪᠠᠭᠠᠳᠤᠷ᠄ ︽ᠡᠨᠡ ᠬᠦ | ᠳᠤᠷᠠᠰᠬᠠᠯ ᠤᠨ ᠲᠡᠮᠳᠡᠭ ᠨᠠᠳᠠ ᠳᠤ ᠠᠪᠴᠤ ᠬᠡᠯᠡᠪᠡᠯ ᠴᠢᠬᠤᠯᠠ ᠶᠡᠭᠡ ᠠᠴᠢ ᠬᠤᠯᠪᠣᠭᠳᠠᠯ ᠲᠠᠢ᠂ ᠡᠨᠡ ᠪᠣᠯ | ᠨᠠᠮ ᠠᠴᠠ ᠨᠠᠳᠠ ᠳᠤ ᠣᠯᠭᠤᠭᠰᠠᠨ ᠢᠷᠠᠭᠤ ᠠᠯᠳᠠᠷ ᠪᠠ ᠨᠤᠲᠠᠯᠠᠯᠲᠠ ᠪᠣᠯᠣᠨ᠎ᠠ᠂ ᠨᠠᠮ ᠤᠨ ᠵᠣᠬᠢᠶᠠᠨ | ᠪᠠᠶᠢᠭᠤᠯᠤᠯᠲᠠ ᠶᠢᠨ ᠬᠠᠯᠠᠮᠵᠢᠯᠠᠯ ᠨᠢ ᠨᠠᠳᠠ ᠳᠤ ᠲᠤᠶᠢᠯ ᠤᠨ ᠬᠠᠯᠠᠭᠤᠨ ᠳᠤᠯᠠᠭᠠᠨ ᠲᠥᠷᠥᠭᠳᠡᠯ ᠥᠭᠭᠦᠭᠰᠡᠨ ᠪᠥᠭᠡᠳ | ᠮᠠᠰᠢ ᠶᠡᠭᠡ ᠵᠣᠷᠢᠭᠵᠢᠭᠤᠯᠤᠯ ᠪᠣᠯᠤᠭᠰᠠᠨ ᠶᠤᠮ᠂ ᠪᠢ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠵᠦ᠂ ᠨᠠᠮ ᠤᠨ ᠭᠡᠰᠢᠭᠦᠨ ᠤ ᠣᠣᠷ ᠴᠢᠨᠠᠷ ᠢᠶᠠᠨ ᠡᠭᠦᠷᠢᠳᠡ ᠬᠠᠳᠠᠭᠠᠯᠠᠵᠤ᠂ ᠨᠠᠮ ᠤᠨ ᠭᠡᠰᠢᠭᠦᠨ ᠤ | ᠬᠤᠰᠢᠭᠤᠴᠢ ᠵᠢᠱᠢᠶᠡᠴᠢ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠨᠠᠮ ᠤᠨ ᠦᠢᠯᠡᠰ ᠲᠤ ᠬᠦᠴᠦᠨ | ᠴᠢᠳᠠᠯ ᠢᠶᠠᠨ ᠡᠷᠭᠦᠨ᠎ᠡ︾ ᠰᠡᠳᠬᠢᠯ ᠳᠣᠭᠳᠣᠯᠤᠨ ᠶᠠᠷᠢᠵᠤ ᠪᠠᠶᠢᠯ᠎ᠠ᠃ | | | | | | | | | | | | | |