ᠦᠢᠯᠡᠴᠢᠯᠡᠭᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ ᠦᠷᠭᠦᠯᠵᠢᠯᠡᠨ ᠤᠨᠢᠨ ᠳᠡᠭᠡᠷ᠎ᠡ ᠨᠢ ᠬᠦᠴᠦᠯᠡᠵᠦ ︽ᠬᠥᠳᠡᠭᠡ ᠲᠣᠰᠬᠤᠨ ᠤ ᠨᠠᠷᠠᠳᠤ ᠠᠵᠢᠯᠯᠠᠭ᠎ᠠ︾ ᠪᠠᠷ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠤ ᠪᠠᠶᠢᠨ᠎ᠠ
ᠨᠡᠶᠢᠲᠡᠯᠡᠭᠰᠡᠨ ᠴᠠᠭ᠄
2024/7/23
    ︽ᠬᠥᠳᠡᠭᠡ ᠲᠣᠰᠬᠤᠨ ᠤ ᠨᠠᠷᠠᠲᠤ ᠠᠵᠢᠯᠯᠠᠭ᠎ᠠ︾ ᠶᠢ ᠥᠷᠨᠢᠭᠦᠯᠦᠭᠰᠡᠨ ᠠᠴᠠ ᠨᠠᠭᠠᠰᠢ ᠬᠥᠯᠥᠨ ᠪᠤᠶᠢᠷ ᠤᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠢᠳᠡᠪᠬᠢᠲᠡᠢ ᠪᠠᠷ ᠪᠠᠶᠢᠷᠢᠯᠠᠭᠤᠯᠤᠨ ᠲᠦᠷᠭᠡᠨ ᠬᠥᠳᠡᠯᠦᠯᠴᠡᠵᠦ᠂ ᠣᠷᠴᠣᠨ ᠦᠨᠳᠤᠰᠤᠳᠡᠨ ᠤ ᠥᠪᠡᠷᠲᠡᠭᠡᠨ ᠵᠠᠰᠠᠬᠤ ᠬᠤᠰᠢᠭᠤᠨ ᠤ ︽ᠬᠥᠳᠡᠭᠡ ᠲᠣᠰᠬᠤᠨ ᠤ ᠭᠠᠵᠠᠷ ᠤᠨ ᠨᠡᠷᠡᠰ ᠤᠨ ᠦᠢᠯᠡᠴᠢᠯᠡᠭᠡ ᠶᠢ ᠭᠦᠨᠵᠡᠭᠡᠶᠢᠷᠡᠭᠦᠯᠦᠨ ᠰᠠᠶᠢᠨ ᠰᠠᠶᠢᠬᠠᠨ ᠭᠡᠷ ᠣᠷᠣᠨ ᠢᠶᠠᠨ ᠭᠡᠷᠡᠯᠲᠦᠭᠦᠯᠬᠦ︾ ᠲᠤᠷᠰᠢᠯᠲᠠ ᠶᠢᠨ ᠲᠤᠷᠰᠢᠯᠭ᠎ᠠ ᠶᠢ ᠤᠯᠠᠨ ᠠᠷᠭ᠎ᠠ ᠪᠠᠷ ᠢᠳᠡᠪᠬᠢᠲᠡᠢ ᠪᠠᠷ ᠳᠡᠯᠭᠡᠷᠡᠭᠦᠯᠵᠦ᠂ ︽ᠬᠥᠳᠡᠭᠡ ᠲᠣᠰᠬᠤᠨ ᠤ ᠨᠠᠷᠠᠲᠤ ᠠᠵᠢᠯᠯᠠᠭ᠎ᠠ︾ ᠲᠠᠢ ᠪᠦᠲᠦᠮᠵᠢᠲᠡᠶ ᠵᠣᠯᠭᠠᠭᠤᠯᠵᠤ᠂  ᠬᠦᠯᠤᠨ ᠪᠤᠶᠢᠷ ᠬᠤᠲᠠ ᠶᠢᠨ ᠬᠥᠳᠡᠭᠡ ᠲᠣᠰᠬᠤᠨ ᠤ ᠪᠥᠬᠦ ᠲᠠᠯ᠎ᠠ ᠪᠠᠷ ᠬᠦᠭᠵᠢᠬᠦᠯᠤᠨ ᠮᠠᠨᠳᠤᠭᠤᠯᠬᠤ ᠳᠤ ᠬᠦᠴᠦᠨ ᠨᠡᠮᠡᠷᠢᠯᠡᠪᠡ᠃   ᠨᠢᠭᠡ᠂ ᠨᠢᠮᠪᠠᠢ ᠲᠥᠯᠥᠪᠵᠢᠭᠦᠯᠵᠦ᠂ ︽ᠬᠥᠳᠡᠭᠡ ᠲᠣᠰᠬᠤᠨ ᠤ ᠨᠡᠷᠡᠳᠤ ᠠᠵᠢᠯᠯᠠᠭ᠎ᠠ︾ ᠥᠨᠳᠥᠷ ᠭᠠᠷᠤᠭ᠎ᠠ ᠪᠠᠷ ᠡᠬᠢᠯᠡᠬᠦᠯᠪᠡ   ᠨᠢᠭᠡ ᠳᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠰᠠᠭᠤᠷᠢ ᠲᠤᠭ᠎ᠠ ᠶᠢ ᠲᠤᠳᠤᠷᠬᠠᠶᠢᠯᠠᠪᠠ᠃ ᠨᠠᠷᠢᠨ ᠨᠢᠭᠲᠠ ᠪᠠᠶᠢᠷᠢᠯᠠᠭᠤᠯᠬᠤ᠂ ᠨᠢᠭᠡ ᠨᠢᠭᠡ ᠪᠠᠷ ᠵᠢᠭᠰᠠᠭᠠᠨ ᠪᠠᠶᠢᠴᠠᠭᠠᠬᠤ᠂ ᠤᠯᠠᠨ ᠱᠠᠲᠤ ᠬᠤᠯᠪᠤᠭᠠᠯᠠᠨ ᠬᠥᠳᠡᠯᠦᠯᠴᠡᠬᠦ᠂ ᠤᠬᠠᠭᠤᠯᠭ᠎ᠠ ᠶᠢ ᠥᠷᠭᠡᠳᠬᠡᠬᠦ ᠵᠡᠷᠭᠡ ᠠᠷᠭ᠎ᠠ ᠪᠠᠷ ᠬᠥᠳᠡᠭᠡ ᠲᠣᠰᠬᠤᠨ ᠤ ᠭᠠᠵᠠᠷ  ᠤᠨ ᠨᠡᠷᠡᠰ ᠦᠭᠡᠢ᠂ ᠨᠡᠷ᠎ᠡ ᠪᠠᠶᠢᠭᠠᠳ ᠪᠠᠷᠢᠮᠵᠢᠶ᠎ᠠ ᠦᠭᠡᠢ᠂ ᠨᠢᠭᠡ ᠭᠠᠵᠠᠷ ᠲᠤ ᠤᠯᠠᠨ ᠨᠡᠷᠡᠰ ᠪᠠᠶᠢᠬᠤ᠂ ᠨᠡᠷᠡᠶᠢᠳᠦᠯ ᠪᠠ ᠬᠡᠷᠡᠭᠯᠡᠭᠡᠨ ᠤ ᠦᠰᠦᠭ ᠨᠢ ᠣᠨᠣᠪᠴᠢ ᠦᠭᠡᠢ ᠵᠡᠷᠭᠡ 200 ᠭᠠᠷᠤᠢ ᠠᠰᠠᠭᠤᠳᠠᠯ ᠢ ᠲᠣᠳᠣᠷᠬᠠᠢ ᠣᠶᠢᠯᠠᠭᠠᠵᠤ᠂ ᠬᠠᠷᠠᠯᠲᠠ ᠲᠠᠢ ᠪᠠᠷ ᠰᠤᠮᠤ ᠬᠠᠷᠪᠤᠬᠤ᠂ ᠤᠨᠢᠨ ᠳᠡᠭᠡᠷ᠎ᠡ ᠨᠢ ᠠᠷᠭ᠎ᠠ ᠪᠣᠳᠣᠯᠭ᠎ᠠ ᠬᠡᠷᠡᠭᠵᠢᠭᠦᠯᠬᠦ ᠶᠢ ᠦᠨᠡᠨ ᠬᠦ ᠪᠠᠲᠤᠯᠠᠪᠠ᠃ ᠬᠤᠶᠠᠷ ᠲᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠠᠷᠠᠯᠲᠠ ᠶᠢ ᠲᠣᠳᠣᠷᠬᠠᠢ ᠪᠤᠯᠭᠠᠪᠠ᠃ ᠬᠥᠳᠡᠭᠡ ᠲᠣᠰᠬᠤᠨ ᠤ ᠭᠠᠵᠠᠷ ᠤᠨ ᠨᠡᠷᠡᠰ ᠢ ᠬᠠᠯᠠᠬᠤ ᠶᠢ ᠵᠢᠷᠤᠮᠵᠢᠭᠤᠯᠬᠤ᠂ ᠭᠠᠵᠠᠷ ᠤᠨ ᠨᠡᠷᠡᠰ ᠤᠨ ᠵᠢᠷᠤᠭ ᠢ ᠰᠢᠨᠵᠢᠯᠡᠬᠦ ᠤᠬᠠᠭᠠᠨᠴᠢ ᠪᠠᠷ ᠥᠨᠳᠥᠷ ᠪᠦᠲᠦᠮᠵᠢᠲᠡᠢ ᠪᠠᠷ ᠴᠤᠭᠯᠠᠭᠤᠯᠬᠤ᠂ ᠬᠥᠳᠡᠭᠡ ᠲᠣᠰᠬᠤᠨ ᠤ ᠣᠨᠴᠠᠯᠢᠭ ᠲᠠᠢ ᠭᠠᠵᠠᠷ ᠤᠨ ᠨᠡᠷᠡᠰ ᠤᠨ ᠲᠡᠮᠳᠡᠭ ᠢ ᠴᠣᠭᠴᠠᠯᠠᠬᠤ ᠵᠡᠷᠭᠡ 11 ᠠᠷᠭ᠎ᠠ  ᠪᠠᠷ  ᠭᠠᠵᠠᠷ ᠤᠨ  ᠨᠡᠷᠡᠰ ᠤᠨ ᠰᠣᠶᠣᠯ ᠢ ᠪᠠᠶᠠᠯᠢᠭᠵᠢᠭᠤᠯᠵᠤ᠂ ᠬᠥᠳᠡᠭᠡ ᠲᠣᠰᠬᠤᠨ ᠤ ᠰᠣᠶᠣᠯ ᠢ ᠳᠠᠶᠢᠴᠢᠯᠠᠨ ᠬᠥᠭᠵᠢᠶᠡᠨᠲᠡᠢ ᠪᠣᠯᠭᠠᠵᠤ᠂ ᠬᠤᠳᠠ ᠬᠥᠳᠡᠭᠡ ᠶᠢᠨ ᠬᠤᠯᠪᠤᠭᠠᠯᠠᠨ ᠨᠡᠪᠲᠡᠷᠡᠯᠴᠡᠬᠦ ᠪᠠᠶᠢᠭᠤᠯᠤᠯᠲᠠ ᠪᠣᠯᠣᠨ ᠠᠭᠤᠰᠤᠯᠴᠠᠨ ᠬᠥᠭᠵᠢᠬᠦ ᠶᠢ ᠨᠡᠩ ᠰᠠᠶᠢᠲᠤᠷ ᠠᠬᠢᠭᠤᠯᠵᠤ᠂ ᠬᠥᠳᠡᠭᠡ ᠲᠣᠰᠬᠤᠨ ᠤ ᠡᠬᠢ ᠪᠠᠶᠠᠯᠢᠭ ᠤᠨ ᠳᠣᠲᠣᠭᠠᠳᠤ ᠦᠷᠳᠡᠭ ᠢ ᠪᠠᠳᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠶᠠᠪᠤᠴᠠ ᠳᠤ ᠬᠢ ᠭᠠᠵᠠᠷ ᠤᠨ ᠨᠡᠷᠡᠰ ᠤᠨ ᠠᠵᠢᠯ ᠤᠨ ᠢᠳᠡᠪᠬᠢ ᠦᠢᠯᠡᠳᠦᠯ ᠢ ᠭᠦᠢᠴᠡᠳ ᠪᠠᠳᠠᠷᠠᠭᠤᠯᠪᠠ᠃ ᠭᠤᠷᠪᠠ ᠳᠤ᠂ ᠦᠢᠯᠡᠴᠢᠯᠡᠭᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠡᠭᠦᠷᠭᠡ ᠶᠢ ᠲᠣᠳᠣᠷᠬᠠᠢ  ᠪᠤᠯᠭᠠᠪᠠ᠃ ᠭᠠᠵᠠᠷ ᠣᠷᠣᠨ ᠤ ᠪᠠᠶᠢᠳᠠᠯ ᠳᠤ ᠪᠠᠨ ᠲᠣᠬᠢᠷᠠᠭᠤᠯᠤᠨ ᠭᠠᠵᠠᠷ ᠣᠷᠣᠨ ᠤ ᠵᠥᠷᠢᠶᠡᠲᠦ ᠴᠢᠨᠠᠷ ᠢ ᠣᠨᠣᠪᠴᠢᠲᠠᠶ ᠡᠵᠡᠮᠰᠢᠵᠦ᠂ ᠲᠥᠷᠥᠯ ᠬᠤᠪᠢᠶᠠᠨ ᠲᠥᠷᠥ ᠶᠢᠨ ᠪᠣᠳᠣᠯᠭ᠎ᠠ ᠬᠡᠷᠡᠭᠵᠢᠭᠦᠯᠵᠦ᠂ ᠬᠥᠯᠥᠨ ᠪᠤᠶᠢᠷ ᠤᠨ ᠭᠤᠷᠪᠠᠨ ᠴᠥᠭᠡᠨ ᠲᠣᠭᠠᠲᠤ ᠦᠨᠳᠦᠰᠦᠲᠡᠨ ᠤ ᠭᠠᠵᠠᠷ ᠣᠷᠣᠨ ᠤ ᠣᠨᠴᠠᠯᠢᠭ ᠢ ᠳᠣᠪᠤᠶᠢᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ  ᠪᠠᠳᠤᠳᠬᠠᠬᠤ ᠪᠠᠷ ᠭᠤᠣᠯ ᠱᠤᠭᠤᠮ ᠪᠣᠯᠭᠠᠵᠤ᠂ ᠬᠠᠮᠳᠤ ᠪᠠᠷ ᠪᠠᠶᠢᠭᠤᠯᠵᠤ ᠬᠠᠮᠳᠤ ᠪᠠᠷ ᠡᠳ᠋ᠯᠡᠬᠦ ᠲᠣᠭᠲᠠᠴᠠ ᠶᠢ ᠵᠣᠬᠢᠴᠠᠭᠤᠯᠤᠨ ᠪᠠᠶᠢᠭᠤᠯᠵᠤ᠂ ᠲᠤᠭ᠎ᠠ ᠪᠠᠷᠢᠮᠲᠠ ᠶᠢ ᠬᠠᠮᠳᠤ ᠪᠠᠷ ᠡᠳ᠋ᠯᠡᠵᠦ ᠬᠠᠷᠢᠯᠴᠠᠨ ᠨᠡᠪᠲᠡᠷᠡᠯᠴᠡᠬᠦ ᠵᠠᠮ ᠢ ᠰᠢᠯᠤᠭᠤᠳᠬᠠᠨ᠂ ᠭᠠᠵᠠᠷ ᠤᠨ ᠨᠡᠷᠡᠰ ᠢ ᠲᠣᠭᠠᠴᠢᠯᠠᠨ ᠬᠡᠷᠡᠭᠯᠡᠬᠦ ᠡᠷᠴᠢᠮ ᠢ ᠴᠢᠩᠭᠠᠷᠠᠭᠤᠯᠤᠨ᠂ ᠲᠣᠭᠠᠴᠢᠯᠠᠭᠰᠠᠨ ᠭᠠᠵᠠᠷ ᠤᠨ ᠨᠡᠷᠡᠰ ᠤᠨ ᠡᠬᠢ ᠪᠠᠶᠠᠯᠢᠭ ᠢ ᠨᠡᠭᠡᠭᠡᠨ ᠬᠥᠭᠵᠢᠭᠦᠯᠵᠦ᠂ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ᠂ ᠡᠮᠴᠢᠯᠡᠭᠡ ᠪᠠ ᠰᠤᠷᠭᠠᠨ ᠬᠥᠮᠦᠵᠢᠯ ᠵᠡᠷᠭᠡ ᠠᠷᠠᠳ ᠤᠨ ᠠᠮᠢᠳᠤᠷᠠᠯ ᠤᠨ ᠲᠥᠷᠥᠯ ᠵᠦᠢᠯ ᠳᠤ ᠳᠡᠮᠵᠢᠯᠭᠡ ᠬᠠᠩᠭᠠᠵᠤ᠂ ᠵᠢᠱᠢᠶ᠎ᠡ ᠦᠵᠡᠭᠦᠯᠬᠦ ᠲᠣᠰᠬᠤᠨ ᠢ ᠪᠣᠶ ᠪᠣᠯᠭᠠᠨ᠂ ᠲᠤᠷᠰᠢᠯᠲᠠ ᠶᠢᠨ  ᠴᠡᠭ ᠪᠤᠯᠬᠤ ᠬᠤᠰᠢᠭᠤ ᠶᠢ ᠪᠦᠲᠦᠭᠡᠨ ᠪᠠᠶᠢᠭᠤᠯᠵᠤ᠂ ᠬᠦᠳᠡᠭᠡ ᠲᠤᠰᠬᠤᠨ ᠤ ᠤᠯᠠᠨ ᠲᠦᠮᠡᠨ ᠤ ᠭᠠᠵᠠᠷ ᠤᠨ  ᠨᠡᠷᠡᠰ ᠤᠨ  ᠮᠡᠳᠡᠭᠡ ᠵᠠᠩᠭᠢ ᠶᠢᠨ ᠲᠤᠬᠠᠢ ᠤᠯᠠᠨ ᠶᠠᠩᠵᠤ ᠶᠢᠨ ᠦᠢᠯᠡᠴᠢᠯᠡᠭᠡᠨ ᠤ ᠬᠡᠷᠡᠭᠴᠡᠭᠡ ᠶᠢ ᠨᠠᠩ ᠰᠠᠶᠢᠲᠤᠷ ᠬᠠᠨᠭ᠍ᠭᠠᠪᠠ᠃   ᠬᠤᠶᠠᠷ᠂ ᠱᠠᠲᠤ ᠬᠤᠪᠢᠶᠠᠨ ᠠᠭᠠᠵᠢᠮ ᠢᠶᠠᠷ ᠠᠬᠢᠭᠤᠯᠵᠤ᠂ ︽ᠬᠥᠳᠡᠭᠡ ᠲᠣᠰᠬᠤᠨ ᠤ ᠨᠠᠷᠠᠲᠤ ᠠᠵᠢᠯᠯᠠᠭ᠎ᠠ︾ ᠶᠢᠨ ᠲᠤᠷᠰᠢᠯᠲᠠ ᠶᠢᠨ ᠴᠡᠭ ᠤᠨ ᠠᠵᠢᠯ ᠢ ᠴᠢᠨᠠᠷᠵᠢᠭᠤᠨ ᠦᠷᠨᠢᠬᠦᠯᠪᠡ   ᠨᠢᠭᠡ ᠳᠤ ᠭᠤᠣᠯᠳᠠᠯᠭ᠎ᠠ ᠶᠢ ᠲᠣᠪᠤᠶᠢᠯᠭᠠᠨ ᠴᠤᠬᠴᠠᠯᠠᠪᠠ᠃ ᠣᠷᠴᠣᠨ ᠦᠨᠳᠤᠰᠤᠳᠡᠨ ᠤ ᠥᠪᠡᠷᠲᠡᠭᠡᠨ ᠵᠠᠰᠠᠬᠤ ᠬᠤᠰᠢᠭᠤᠨ ᠤ  ᠳ᠋ᠦᠪᠬᠦᠷ ᠤᠨ ᠠᠩᠴᠢᠨ ᠤ ᠲᠣᠰᠬᠤᠨ ᠢᠶᠠᠷ ︽ᠬᠥᠳᠡᠭᠡ ᠲᠣᠰᠬᠤᠨ ᠤ ᠨᠠᠷᠠᠲᠤ ᠠᠵᠢᠯᠯᠠᠭ᠎ᠠ︾ ᠶᠢᠨ ᠵᠢᠱᠢᠶ᠎ᠡ ᠦᠵᠡᠭᠦᠯᠬᠦ ᠲᠣᠰᠬᠤᠨ ᠪᠣᠯᠭᠠᠵᠤ᠂ ᠣᠨᠴᠠᠯᠢᠭᠲᠤ ᠵᠡᠭᠡᠯᠢ ᠭᠤᠳᠤᠮᠵᠢ ᠶᠢᠨ ᠫᠠᠶᠢᠰᠠ ᠪᠣᠰᠬᠠᠵᠤ᠂ ᠡᠷᠦᠬᠡ ᠪᠣᠯᠭᠠᠨ ᠳᠤ ᠡᠭᠦᠳᠡᠨ ᠨᠣᠮᠧᠷ ᠲᠠᠭᠠᠷᠠᠭᠤᠯᠵᠤ᠂ ︽ᠭᠠᠵᠠᠷ ᠤᠨ ᠨᠡᠷᠡᠰ + ᠡᠯᠧᠺᠲᠷᠣᠨ ᠬᠤᠳᠠᠯᠳᠤᠭ᠎ᠠ᠂ ᠪᠠᠷᠠᠭᠠᠨ ᠤ ᠭᠦᠢᠯᠭᠡᠭᠡ᠂ ᠰᠣᠶᠣᠯ᠂ ᠵᠢᠭᠤᠯᠴᠢᠯᠠᠯ ᠵᠡᠷᠭᠡ︾ ᠪᠠᠷ ᠳᠠᠮᠵᠢᠭᠤᠯᠤᠨ᠂ ︽ᠳᠤᠮᠳᠠᠳᠤ ᠤᠯᠤᠰ ᠤᠨ ᠬᠠᠮᠤᠭ ᠤᠨ ᠭᠤᠶᠣ ᠰᠡᠯᠡᠭᠦᠴᠡᠯ ᠤᠨ ᠲᠣᠰᠬᠤᠨ︾ ︽ᠳᠤᠮᠳᠠᠳᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠣᠨᠴᠠᠯᠢᠭᠲᠤ ᠲᠣᠰᠬᠤᠨ︾ ︽ᠪᠥᠬᠦ ᠤᠯᠤᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠣᠯᠳᠠᠯᠭ᠎ᠠ ᠲᠠᠢ ᠲᠣᠰᠬᠤᠨ︾ ᠭᠡᠬᠦ ᠴᠣᠯᠠ ᠲᠠᠢ ︽ᠳ᠋ᠦᠪᠬᠦᠷ︾ ᠤᠨ ᠠᠯᠳᠠᠷ ᠢ ᠲᠠᠭᠤᠷᠢᠰᠤᠭᠤᠯᠪᠠ᠃ ᠰᠢᠨ᠎ᠡ ᠪᠠᠷᠭᠤ ᠪᠠᠷᠠᠭᠤᠨ ᠬᠤᠰᠢᠭᠤ᠂ ᠠᠷᠤᠨ ᠬᠤᠰᠢᠭᠤ ᠪᠠᠷ ︽ᠬᠥᠳᠡᠭᠡ ᠲᠣᠰᠬᠤᠨ ᠤ ᠨᠠᠷᠠᠲᠤ ᠠᠵᠢᠯᠯᠠᠭ᠎ᠠ︾ ᠶᠢᠨ ᠲᠤᠷᠰᠢᠯᠲᠠ ᠶᠢᠨ ᠴᠡᠭ ᠪᠣᠯᠭᠠᠵᠤ᠂ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ︾ ᠪᠠᠶᠢᠯᠳᠤᠬᠤ ᠪᠣᠳᠣᠯᠭ᠎ᠠ ᠲᠠᠢ ᠨᠢᠭᠲᠠ ᠤᠶᠠᠯᠳᠤᠭᠤᠯᠤᠨ᠂ ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠶᠢᠯᠠᠵᠤ᠂ ᠨᠡᠶᠢᠲᠡᠯᠢᠭ ᠲᠤᠷᠰᠢᠯᠭ᠎ᠠ ᠪᠠᠷ ᠲᠣᠯᠢ ᠪᠣᠯᠭᠠᠵᠤ᠂ ᠪᠥᠬᠦ ᠲᠠᠯ᠎ᠠ ᠪᠠᠷ ᠬᠡᠷᠡᠭᠵᠢᠭᠦᠯᠵᠦ᠂ ᠬᠥᠳᠡᠭᠡ ᠲᠣᠰᠬᠤᠨ ᠤ ᠵᠢᠭᠤᠯᠴᠢᠯᠠᠯ ᠤᠨ ᠬᠥᠭᠵᠢᠯᠲᠡ ᠪᠠ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠪᠠ᠃ ᠬᠤᠶᠠᠷ ᠲᠤ᠂ ᠳᠠᠪᠬᠤᠷᠭ᠎ᠠ ᠬᠤᠪᠢᠶᠠᠨ ᠠᠭᠠᠵᠢᠮ ᠢᠶᠠᠷ ᠠᠬᠢᠭᠤᠯᠵᠤ ᠴᠤᠬᠴᠠᠯᠠᠪᠠ᠃ ᠲᠤᠷᠰᠢᠯᠲᠠ ᠶᠢᠨ ᠬᠤᠰᠢᠭᠤᠨ ᠠᠴᠠ ᠲᠤᠷᠰᠢᠯᠲᠠ ᠶᠢᠨ ᠲᠣᠰᠬᠤᠨ ᠢ ᠰᠣᠩᠭᠤᠬᠤ ᠬᠡᠯᠪᠡᠷᠢ ᠪᠠᠷ  ᠪᠥᠬᠦ ᠬᠤᠲᠠ ᠶᠢᠨ 795 ᠭᠠᠴᠠᠭ᠎ᠠ ᠲᠣᠰᠬᠤᠨ ᠳᠤ ᠴᠥᠮ ᠮᠡᠳᠡᠭᠡ ᠵᠠᠩᠭᠢ ᠴᠤᠭᠯᠠᠭᠤᠯᠤᠭᠴᠢ ᠨᠢᠬᠡ ᠬᠦᠮᠦᠨ ᠲᠣᠬᠢᠷᠠᠭᠤᠯᠵᠤ᠂ ᠲᠣᠰᠬᠤᠨ ᠤ ᠠᠷᠠᠳ ᠢ ᠳᠠᠶᠢᠴᠢᠯᠠᠨ ᠢᠳᠡᠪᠬᠢᠲᠡᠢ ᠣᠷᠣᠯᠴᠠᠭᠤᠯᠵᠤ᠂ ᠬᠥᠳᠡᠭᠡ ᠲᠣᠰᠬᠤᠨ ᠤ ᠭᠠᠵᠠᠷ ᠤᠨ ᠨᠡᠷᠡᠰ ᠢ ᠢᠯᠡ ᠲᠣᠳᠣ ᠲᠥᠷᠥᠭᠳᠡᠯ ᠲᠠᠢ ᠪᠣᠯᠭᠠᠵᠠᠢ᠃ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠥᠷᠲᠡᠭᠡ᠂ ᠬᠥᠳᠡᠭᠡ ᠲᠣᠰᠬᠤᠨ ᠤ ᠰᠢᠤᠳᠠᠨ ᠤ  ᠲᠤᠤᠷᠵᠢᠯ ᠤᠨ ᠳᠠᠪᠠᠭᠤᠯᠢᠭ ᠲᠤ ᠲᠦᠰᠢᠭᠯᠡᠨ᠂ ᠭᠠᠵᠠᠷ ᠤᠨ ᠨᠡᠷᠡᠰ ᠤᠨ ᠲᠡᠮᠳᠡᠭ ᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠪᠠᠶᠢᠷᠢᠯᠠᠭᠤᠯᠵᠤ᠂ ᠪᠠᠷᠠᠭᠠᠨ ᠤ ᠭᠦᠢᠯᠭᠡᠭᠡᠨ ᠤ ︽ᠲᠦᠭᠵᠢᠷᠡᠯ︾ ᠢ ᠨᠠᠪᠲᠠᠷᠡᠭᠦᠯᠵᠦ᠂ ᠲᠣᠰᠬᠤᠨ ᠤ ᠠᠷᠠᠳ ᠤᠨ ᠦᠢᠯᠡᠳᠪᠦᠷᠢᠯᠡᠯ ᠠᠮᠢᠳᠤᠷᠠᠯ ᠳᠤ ᠤᠯᠠᠮ ᠲᠥᠬᠦᠮ ᠦᠵᠡᠭᠦᠯᠵᠦ᠂ ᠣᠨᠴᠠᠯᠢᠭᠲᠤ ᠠᠵᠤ ᠦᠢᠯᠡᠰ ᠢ ᠬᠦᠭᠵᠢᠬᠦᠯᠪᠡ᠃ ᠭᠤᠷᠪᠠ ᠳᠤ᠂ ᠰᠠᠯᠠᠭ᠎ᠠ ᠮᠥᠴᠢᠷ ᠬᠠᠮᠵᠢᠯᠴᠠᠨ ᠴᠤᠬᠴᠠᠯᠠᠪᠠ᠃ ︽ᠬᠥᠯᠥᠨ ᠪᠤᠶᠢᠷ ᠬᠤᠲᠠ ᠶᠢᠨ ᠲᠣᠭᠤᠷᠢᠭ ᠤᠨ ᠭᠠᠵᠠᠷ ᠤᠨ ᠨᠡᠷᠡᠰ ᠤᠨ ᠠᠵᠢᠯ ᠤᠨ ᠰᠠᠯᠠᠭ᠎ᠠ ᠮᠥᠴᠢᠷ ᠤᠨ ᠬᠠᠮᠲᠤᠷᠠᠭᠰᠠᠨ ᠬᠤᠷᠠᠯ ᠤᠨ ᠳᠦᠷᠢᠮ︾ ᠢ ᠪᠠᠶᠢᠭᠤᠯᠵᠤ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠬᠥᠳᠡᠭᠡ ᠲᠣᠰᠬᠤᠨ ᠤ ᠭᠠᠵᠠᠷ ᠤᠨ ᠨᠡᠷᠡᠰ ᠤᠨ ᠨᠡᠷᠡᠶᠢᠳᠦᠯ ᠤᠨ ᠲᠦᠪᠰᠢᠨ ᠪᠠ ᠶᠠᠰᠤ ᠴᠢᠨᠠᠷ ᠢ ᠳᠡᠭᠡᠭᠰᠢᠯᠡᠭᠦᠯᠬᠦ᠂ ᠬᠥᠳᠡᠭᠡ ᠲᠣᠰᠬᠤᠨ ᠤ ᠭᠠᠵᠠᠷ ᠤᠨ ᠨᠡᠷᠡᠰ ᠤᠨ ᠤᠳᠤᠷᠢᠳᠤᠮᠵᠢ ᠶᠢᠨ ᠲᠡᠮᠳᠡᠭ ᠤᠨ ᠰᠢᠰᠲ᠋ᠧᠮ ᠢ ᠪᠦᠷᠢᠨᠰᠢᠭᠦᠯᠬᠦ᠂ ᠬᠥᠳᠡᠭᠡ ᠲᠣᠰᠬᠤᠨ ᠤ ᠭᠠᠵᠠᠷ ᠤᠨ ᠨᠡᠷᠡᠰ ᠤᠨ ᠰᠣᠶᠣᠯ᠂ ᠵᠢᠭᠤᠯᠴᠢᠯᠠᠯ ᠤᠨ ᠰᠣᠶᠣᠯ ᠤᠨ ᠡᠬᠢ ᠪᠠᠶᠠᠯᠢᠭ ᠢ ᠳᠡᠯᠭᠡᠷᠡᠭᠦᠯᠬᠦ᠂ ᠬᠥᠳᠡᠭᠡ ᠲᠣᠰᠬᠤᠨ ᠤ ᠭᠠᠵᠠᠷ ᠤᠨ ᠨᠡᠷᠡᠰ ᠤᠨ ᠰᠣᠶᠣᠯ ᠤᠨ ᠣᠨᠴᠠᠯᠢᠭ ᠢ ᠪᠠᠶᠠᠯᠢᠭᠵᠢᠭᠤᠯᠬᠤ ᠪᠠ ᠦᠨᠳᠦᠰᠦᠨ ᠱᠠᠲᠤᠨ ᠤ ᠵᠠᠰᠠᠯᠲᠠ ᠳᠤ ᠦᠢᠯᠡᠴᠢᠯᠡᠬᠦ ᠲᠠᠯ᠎ᠠ ᠪᠠᠷ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠨ᠂ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠬᠥᠳᠡᠭᠡ ᠲᠣᠰᠬᠤᠨ ᠤ ᠭᠠᠵᠠᠷ ᠤᠨ ᠨᠡᠷᠡᠰ ᠤᠨ ᠦᠢᠯᠡᠴᠢᠯᠡᠭᠡ ᠬᠢᠭᠡᠳ ᠰᠣᠶᠣᠯ ᠤᠨ ᠤᠯᠠᠮᠵᠢᠯᠠᠯ ᠢ ᠬᠤᠣᠰ ᠴᠢᠭᠯᠡᠯ ᠢᠶᠠᠷ ᠤᠷᠤᠭᠰᠢᠯᠠᠬᠤ ᠶᠢ ᠪᠠᠳᠤᠯᠠᠬᠰᠠᠨ ᠪᠠᠶᠢᠨ᠎ᠠ᠃   ᠭᠤᠷᠪᠠ᠂  ︽ᠬᠥᠳᠡᠭᠡ ᠲᠣᠰᠬᠤᠨ ᠤ ᠨᠠᠷᠠᠲᠤ ᠠᠵᠢᠯᠯᠠᠭ᠎ᠠ︾ ᠶᠢ ᠣᠯᠠᠨ ᠡᠰᠢᠵᠢᠭᠦᠯᠦᠨ ᠠᠭᠤᠰᠤᠯᠴᠠᠭᠤᠯᠵᠤ ᠥᠨᠳᠥᠷ ᠪᠠᠷᠢᠮᠵᠢᠶ᠎ᠠ ᠪᠠᠷ ᠠᠬᠢᠭᠤᠯᠪᠠ   ᠨᠢᠭᠡ ᠳᠤ᠂ ᠪᠠᠶᠢᠷᠢ ᠵᠢᠯᠤᠭᠤᠳᠬᠤ ᠴᠢᠳᠠᠪᠬᠢ ᠶᠢ ᠲᠤᠪᠤᠶᠢᠯᠭᠠᠪᠠ᠃ ︽ᠬᠥᠳᠡᠭᠡ ᠲᠣᠰᠬᠤᠨ ᠤ ᠨᠡᠷᠡᠲᠦ ᠠᠵᠢᠯᠯᠠᠭ᠎ᠠ︾ ᠶᠢᠨ ᠭᠠᠵᠠᠷ ᠤᠨ ᠨᠡᠷᠡᠰ ᠤᠨ ᠮᠡᠳᠡᠭᠡ ᠵᠠᠩᠭᠢ  ᠶᠢ ᠴᠤᠭᠯᠠᠭᠤᠯᠬᠤ ᠲᠠᠪᠴᠠᠩ ᠢ ᠰᠠᠶᠢᠲᠤᠷ ᠬᠡᠷᠡᠭᠯᠡᠵᠦ᠂  246 ᠵᠤᠷᠪᠤᠰ ᠭᠠᠵᠠᠷ ᠤᠨ  ᠨᠡᠷᠡᠰ᠂ 228 ᠵᠤᠷᠪᠤᠰ ᠰᠣᠨᠢᠷᠬᠠᠯ ᠤᠨ ᠴᠡᠭ ᠢ ᠴᠤᠭᠯᠠᠭᠤᠯᠤᠭᠰᠠᠨ ᠪᠥᠭᠡᠳ ᠵᠢᠷᠤᠭ ᠢ ᠨᠢ ᠨᠢᠬᠡᠨᠳᠡ ᠵᠢᠷᠤᠵᠤ ᠭᠠᠷᠭᠠᠵᠠᠢ᠂ ᠡᠨᠡ ᠨᠢ ᠣᠯᠠᠨ ᠲᠦᠮᠡᠨ ᠢ ᠵᠢᠯᠤᠭᠤᠳᠬᠤ ᠪᠠ ᠣᠷᠣᠨ ᠪᠠᠶᠢᠷᠢ ᠶᠢ ᠵᠢᠭᠠᠬᠤ ᠦᠢᠯᠡᠳᠦᠯ ᠢ ᠪᠠᠳᠠᠷᠠᠭᠤᠯᠵᠤ᠂ ᠬᠥᠳᠡᠭᠡ ᠲᠣᠰᠬᠤᠨ ᠤ ᠪᠠᠶᠢᠳᠠᠯ ᠢ ᠰᠢᠭᠤᠳ ᠪᠥᠭᠡᠳ ᠠᠮᠢᠳᠤᠯᠢᠭ ᠢᠶᠠᠷ ᠢᠯᠡᠷᠡᠬᠦᠯᠵᠤ᠂ ᠨᠤᠲᠤᠭ ᠤᠰᠤᠨ ᠤ ᠪᠠᠨ ᠴᠤᠭ ᠵᠢᠪᠬᠤᠭ᠎ᠠ ᠶᠢ   ᠣᠶᠢᠯᠠᠭᠠᠭᠤᠯᠤᠭᠰᠠᠨ ᠪᠠᠶᠢᠨ᠎ᠠ᠃ ᠬᠤᠶᠠᠷ ᠲᠤ᠂ ᠬᠤᠳᠠᠯᠳᠤᠭ᠎ᠠ ᠶᠢ ᠲᠤᠰᠠᠯᠠᠬᠤ ᠴᠢᠳᠠᠮᠵᠢ ᠶᠢ ᠲᠤᠪᠤᠶᠢᠯᠭᠠᠪᠠ᠃ ︽ᠭᠠᠵᠠᠷ ᠤᠨ ᠨᠡᠷᠡᠰ + ᠪᠦᠲᠦᠭᠡᠭᠳᠡᠬᠦᠨ ᠤ ᠨᠡᠷ᠎ᠡ︾ ᠪᠠᠷ ᠲᠣᠭᠠᠴᠢᠯᠠᠭᠰᠠᠨ ᠬᠥᠳᠡᠭᠡ ᠲᠣᠰᠬᠤᠨ ᠳᠤ ᠬᠦᠴᠦ ᠨᠡᠮᠡᠷᠢᠯᠡᠵᠦ᠂ ︽ᠬᠥᠳᠡᠭᠡ ᠲᠣᠰᠬᠤᠨ ᠤ ᠭᠠᠵᠠᠷ ᠤᠨ ᠨᠡᠷᠡᠰ  ᠤᠨ ᠲᠡᠮᠳᠡᠭ ᠲᠠᠢ ᠲᠠᠷᠢᠶᠠᠯᠠᠩ ᠤᠨ ᠪᠦᠲᠦᠭᠡᠭᠳᠡᠬᠦᠨ︾ ᠭᠡᠬᠦ ᠴᠣᠯᠠ ᠶᠢ ᠰᠦᠪᠡᠭᠴᠢᠯᠡᠪᠡ᠃ ᠵᠢᠱᠢᠶᠡᠯᠡᠪᠡᠯ   ᠰᠢᠨ᠎ᠡ ᠪᠠᠷᠭᠤ ᠪᠠᠷᠠᠭᠤᠨ ᠬᠤᠰᠢᠭᠤᠨ ᠤ ᠬᠤᠨᠢᠨ ᠮᠢᠬ᠎ᠠ᠂ ᠳ᠋ᠦᠪᠬᠦᠷ ᠬᠤᠨᠢᠨ ᠤ ᠴᠦᠨᠳᠦᠭᠦᠷ ᠪᠠᠺᠲ᠋ᠧᠷᠢ ᠵᠡᠷᠭᠡ ᠶᠢ ᠰᠤᠳᠤᠯᠤᠨ ᠭᠠᠷᠭᠠᠵᠤ᠂ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯ ᠪᠠᠳᠠᠷᠠᠯ ᠳᠤ ᠬᠦᠴᠦ ᠨᠡᠮᠡᠷᠢᠯᠡᠪᠡ᠃ ᠭᠤᠷᠪᠠ ᠳᠤ᠂ ᠰᠣᠶᠣᠯ ᠤᠨ ᠴᠢᠳᠠᠮᠵᠢ ᠶᠢ ᠲᠤᠪᠤᠶᠢᠯᠭᠠᠪᠠ᠃ ︽ᠭᠠᠵᠠᠷ ᠤᠨ ᠨᠡᠷᠡᠰ + ᠰᠣᠶᠣᠯ︾ ᠢᠶᠠᠷ ᠰᠣᠶᠣᠯ ᠵᠤᠭᠠᠴᠠᠯ ᠤᠨ ᠬᠥᠭᠵᠢᠯᠲᠡ ᠶᠢ ᠠᠬᠢᠭᠤᠯᠵᠤ᠂ ᠬᠤᠪᠢᠰᠬᠠᠯᠳᠤ ᠭᠠᠵᠠᠷ ᠤᠨ ᠨᠡᠷᠡᠰ᠂ ᠣᠨᠴᠠᠯᠢᠭᠲᠤ ᠭᠠᠵᠠᠷ ᠤᠨ  ᠨᠡᠷᠡᠰ ᠤᠨ ᠰᠣᠶᠣᠯ ᠤᠨ ᠠᠭᠤᠯᠤᠭᠳᠠᠬᠤᠨ ᠢ ᠭᠦᠨᠵᠡᠭᠡᠢ ᠠᠭᠤᠳᠠᠯᠵᠤ᠂  ᠤᠯᠠᠨ ᠲᠦᠮᠡᠨ ᠤ ᠵᠣᠯ ᠵᠢᠷᠭᠠᠯᠲᠤ ᠲᠥᠷᠥᠭᠳᠡᠯ ᠢ ᠨᠡᠮᠡᠭᠳᠡᠬᠦᠯᠵᠤ ᠪᠠᠶᠢᠨ᠎ᠠ᠃         
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号