ᠬᠥᠬᠡᠬᠤᠲᠠ ᠶᠢᠨ ᠬᠤᠳᠤᠩ ᠠᠷᠠᠳ ᠤᠨ ᠲᠣᠭᠤᠷᠢᠭ ᠤᠨ ᠬᠢᠨ ᠲᠣᠭᠲᠠᠭᠠᠯ ᠠᠴᠠ ᠵᠥᠷᠢᠴᠡᠨ ᠪᠠᠶᠢᠭᠤᠯᠤᠭᠰᠠᠨ ᠪᠤᠯᠠᠰᠢᠨ ᠤ ᠭᠠᠵᠠᠷ ᠴᠡᠭᠴᠡᠯᠡᠬᠦ ᠠᠵᠢᠯ ᠢ ᠠᠬᠢᠭᠤᠯᠬᠤ 2024 ᠣᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/23
    2024 ᠣᠨ ᠤ ᠬᠤᠳᠤᠩ ᠠᠷᠠᠳ ᠤᠨ ᠲᠣᠭᠤᠷᠢᠭ ᠤᠨ ᠲᠣᠭᠲᠠᠭᠠᠯ ᠠᠴᠠ ᠵᠥᠷᠢᠴᠡᠨ ᠪᠠᠶᠢᠭᠤᠯᠤᠭᠰᠠᠨ ᠪᠤᠯᠠᠰᠢᠨ ᠤ ᠭᠠᠵᠠᠷ ᠴᠡᠭᠴᠡᠯᠡᠬᠦ ᠠᠵᠢᠯ ᠢ ᠯᠠᠪᠳᠠᠭᠤᠨ ᠢᠶᠠᠷ ᠠᠬᠢᠭᠤᠯᠬᠤ ᠶᠢᠨ ᠲᠥᠯᠥᠭᠡ ᠬᠤᠳᠤᠩ ᠠᠷᠠᠳ ᠤᠨ ᠲᠤᠭᠤᠷᠢᠭ ᠤᠨ ᠳᠡᠳ᠋ ᠳᠠᠷᠤᠭ᠎ᠠ ᠵᠠᠩ ᠬᠤᠩ ᠲᠤᠤ 7 ᠳ᠋ᠤᠭᠠᠷ ᠰᠠᠷ᠎ᠠ ᠶᠢᠨ 16  ᠤ ᠡᠳᠦᠷ  ᠲᠣᠭᠲᠠᠭᠠᠯ ᠠᠴᠠ ᠵᠥᠷᠢᠴᠡᠨ ᠪᠠᠶᠢᠭᠤᠯᠤᠭᠰᠠᠨ ᠪᠤᠯᠠᠰᠢᠨ ᠤ ᠭᠠᠵᠠᠷ ᠴᠡᠭᠴᠡᠯᠡᠬᠦ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠤᠤᠮᠠᠢ ᠶᠢᠨ ᠪᠠᠶᠢᠰᠢᠩ᠂ ᠪᠣᠯᠣᠳ ᠲᠡᠮᠦᠷ ᠵᠠᠮ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠠᠯᠠᠱᠠ ᠬᠤᠶᠢᠲᠤ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠠ ᠬᠤᠯᠪᠣᠭᠳᠠᠯ ᠪᠦᠬᠦᠢ ᠭᠠᠴᠠᠭᠠᠨ ᠤ ᠠᠷᠠᠳ ᠤᠨ ᠵᠥᠪᠯᠡᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃

W020240719611027204146_ORIGIN.jpg

      ᠬᠤᠷᠠᠯ ᠳᠡᠭᠡᠷ᠎ᠡ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠳᠡᠳ᠋ ᠳᠠᠷᠤᠭ᠎ᠠ ᠸᠠᠩ ᠲᠤᠸ ᠬᠤᠳᠤᠩ ᠠᠷᠠᠳ

 ᠤᠨ ᠲᠤᠭᠤᠷᠢᠭ ᠤᠨ ᠲᠣᠭᠲᠠᠭᠠᠯ ᠠᠴᠠ ᠵᠥᠷᠢᠴᠡᠨ ᠪᠠᠶᠢᠭᠤᠯᠤᠭᠰᠠᠨ ᠪᠤᠯᠠᠰᠢᠨ ᠤ ᠭᠠᠵᠠᠷ ᠤᠨ ᠪᠠᠶᠢᠳᠠᠯ ᠢ

ᠪᠠᠶᠢᠴᠠᠭᠠᠵᠤ ᠤᠶᠢᠯᠠᠭᠠᠬᠰᠠᠨ ᠪᠠᠶᠢᠳᠠᠯ ᠢ  ᠵᠠᠷᠯᠠᠬᠰᠠᠨ ᠪᠥᠭᠡᠳ ᠬᠤᠳᠤᠩ ᠠᠷᠠᠳ ᠤᠨ ᠲᠤᠭᠤᠷᠢᠭ ᠤᠨ ᠪᠢᠯᠢᠭ ᠤᠨ

ᠤᠯᠠᠷᠢᠯ ᠤᠨ ᠲᠤᠯᠤᠭᠠᠨ ᠰᠠᠷ᠎ᠠ ᠶᠢᠨ ᠠᠷᠪᠠᠨ ᠲᠠᠪᠤᠨ ᠤ ᠲᠤᠶ᠋ᠢᠩ ᠲᠦᠯᠡᠰᠢ ᠡᠷᠬᠦᠬᠦ ᠡᠳᠤᠷ ᠢ ᠲᠤᠬᠢᠶᠠᠯᠳᠤᠭᠤᠯᠤᠨ

ᠲᠣᠭᠲᠠᠭᠠᠯ ᠠᠴᠠ ᠵᠥᠷᠢᠴᠡᠨ ᠪᠠᠶᠢᠭᠤᠯᠤᠬᠰᠠᠨ ᠪᠤᠯᠠᠰᠢᠨ ᠤ ᠭᠠᠵᠠᠷ  ᠴᠡᠭᠴᠡᠯᠡᠬᠦ ᠠᠵᠢᠯ ᠢ ᠪᠠᠶᠢᠷᠢᠯᠠᠭᠤᠯᠵᠠᠢ᠃ ᠡᠯ᠎ᠡ

ᠪᠠᠯᠭᠠᠰᠤᠨ ᠤ ᠠᠯᠪᠠᠨ ᠭᠡᠷ ᠤᠨ ᠬᠢᠨ ᠲᠣᠭᠲᠠᠭᠠᠯ ᠠᠴᠠ ᠵᠥᠷᠢᠴᠡᠨ ᠪᠠᠶᠢᠭᠤᠯᠤᠬᠰᠠᠨ ᠪᠤᠯᠠᠰᠢᠨ ᠤ ᠭᠠᠵᠠᠷ ᠴᠡᠭᠴᠡᠯᠡᠬᠦ

ᠠᠵᠢᠯ ᠤᠨ ᠠᠬᠢᠴᠠ᠂ ᠣᠷᠣᠰᠢᠵᠤ ᠪᠠᠶᠢᠭ᠎ᠠ ᠠᠰᠠᠭᠤᠳᠠᠯ ᠪᠠ ᠲᠠᠷᠠᠭᠠᠴᠢ ᠶᠢᠨ ᠠᠵᠢᠯ ᠤᠨ ᠲᠥᠯᠥᠪᠯᠡᠭᠡ ᠶᠢᠨ ᠲᠤᠬᠠᠢ

ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃ ᠬᠦᠬᠡᠬᠤᠳᠠ ᠶᠢᠨ ᠠᠷᠠᠳ ᠤᠨ ᠶᠠᠪᠤᠳᠠᠯ ᠤᠨ ᠲᠣᠪᠴᠢᠶᠠᠨ ᠤ ᠳᠠᠷᠤᠭ᠎ᠠ

ᠶᠠᠩ ᠴᠧᠨ ᠰᠢᠶᠠ ᠲᠣᠭᠲᠠᠭᠠᠯ ᠠᠴᠠ ᠵᠥᠷᠢᠴᠡᠨ ᠪᠠᠶᠢᠭᠤᠯᠤᠬᠰᠠᠨ ᠪᠤᠯᠠᠰᠢᠨ ᠤ ᠭᠠᠵᠠᠷ ᠢ  ᠴᠡᠭᠴᠡᠯᠡᠬᠦ ᠲᠤᠰᠬᠠᠢ

ᠠᠵᠢᠯᠯᠠᠭ᠎ᠠ ᠳᠤ ᠪᠣᠳᠠᠲᠠᠢ ᠱᠠᠭᠠᠷᠳᠠᠯᠭ᠎ᠠ ᠳᠤᠷᠠᠳᠴᠠᠢ᠃

     ᠬᠤᠳᠤᠩ ᠠᠷᠠᠳ ᠤᠨ ᠲᠤᠭᠤᠷᠢᠭ ᠤᠨ ᠲᠡᠳ᠋ ᠳᠠᠷᠤᠭ᠎ᠠ ᠵᠠᠩ ᠬᠤᠩ ᠲᠤᠤ᠄ ︽ᠶᠤᠤᠮᠠᠢ ᠶᠢᠨ ᠪᠠᠶᠢᠰᠢᠩ

ᠪᠣᠯᠣᠨ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ 

ᠳᠡᠭᠡᠭᠰᠢᠯᠡᠭᠦᠯᠵᠦ᠂ ᠣᠳᠣᠬᠢ ᠱᠠᠲᠤᠨ ᠤ ᠠᠬᠢᠭᠤᠯᠵᠤ ᠪᠠᠶᠢᠭ᠎ᠠ ᠪᠠᠶᠢᠳᠠᠯ ᠪᠣᠯᠣᠨ ᠳᠡᠭᠡᠳᠦ ᠱᠠᠲᠤᠨ ᠤ ᠰᠢᠨ᠎ᠡ

ᠡᠭᠦᠷᠭᠡ ᠶᠢᠨ ᠱᠠᠭᠠᠷᠳᠠᠯᠭ᠎ᠠ ᠶᠢ ᠦᠨᠳᠦᠰᠦᠯᠡᠨ᠂ ᠲᠣᠭᠲᠠᠭᠠᠯ ᠠᠴᠠ ᠵᠥᠷᠢᠴᠡᠨ ᠪᠠᠶᠢᠭᠤᠯᠤᠬᠰᠠᠨ ᠪᠤᠯᠠᠰᠢᠨ ᠤ ᠭᠠᠵᠠᠷ

 ᠢ  ᠴᠡᠭᠴᠡᠯᠡᠬᠦ ᠠᠵᠢᠯ ᠢ ᠣᠳᠣᠬᠠᠨ ᠤ ᠴᠢᠬᠤᠯᠠ ᠤᠯᠤᠰ ᠲᠥᠷᠥ ᠶᠢᠨ ᠡᠭᠦᠷᠭᠡ ᠶᠢᠨ ᠨᠢᠬᠡ ᠪᠣᠯᠭᠠᠵᠤ᠂ ᠬᠠᠷᠢᠶ᠎ᠠ

ᠭᠠᠵᠠᠷ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠣᠲᠣ ᠠᠴᠠ ᠡᠬᠢᠯᠡᠨ ᠪᠠᠶᠢᠷᠢᠯᠠᠭᠤᠯᠤᠨ ᠳᠠᠶᠢᠴᠢᠯᠠᠬᠤ

ᠠᠵᠢᠯ ᠢ ᠤᠷᠢᠳᠴᠢᠯᠠᠨ ᠰᠠᠶᠢᠲᠤᠷ ᠬᠢᠵᠦ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ  ᠲᠠᠶᠢᠴᠢᠯᠠᠨ

ᠵᠢᠯᠤᠭᠤᠳᠬᠤ ᠠᠵᠢᠯ ᠢ ᠴᠢᠩᠭᠠᠳᠬᠠᠨ᠂ ᠴᠡᠭᠴᠡᠯᠡᠬᠦ ᠬᠠᠷᠠᠯᠲᠠ ᠶᠢᠨ ᠡᠭᠦᠷᠭᠡ ᠪᠣᠯᠣᠨ ᠴᠠᠭ ᠬᠤᠭᠤᠴᠠᠭᠠᠨ ᠤ

ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠲᠣᠭᠲᠠᠭᠠᠯ ᠠᠴᠠ ᠵᠥᠷᠢᠴᠡᠨ ᠪᠠᠶᠢᠭᠤᠯᠤᠬᠰᠠᠨ ᠪᠤᠯᠠᠰᠢᠨ ᠤ ᠭᠠᠵᠠᠷ 

 ᠢ ᠴᠡᠭᠴᠡᠯᠡᠬᠦ ᠵᠠᠰᠠᠬᠤ ᠠᠵᠢᠯ ᠢ ᠯᠠᠪᠳᠠᠭᠤᠨ ᠪᠥᠭᠡᠳ ᠡᠮᠬᠢ ᠵᠢᠷᠤᠮ ᠲᠠᠢ ᠪᠠᠷ ᠠᠬᠢᠭᠤᠯᠬᠤ ᠬᠡᠷᠡᠭᠲᠡᠢ︾ ᠬᠡᠵᠡᠢ᠃

     

   

 

 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号