ᠮᠠᠨ ᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠪᠠ ᠠᠮᠢ ᠠᠬᠤᠢ ᠶᠢᠨ ᠣᠷᠴᠢᠨ ᠲᠤᠭᠤᠷᠢᠨ ᠤ ᠬᠦᠷᠢᠶ᠎ᠡ ᠴᠠᠷᠠᠭ᠎ᠠ ᠳᠤ ᠬᠢ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠬᠦ ᠲᠤᠰᠬᠠᠢ ᠠᠵᠢᠯᠯᠠᠭ᠎ᠠ ᠡᠮᠬᠢ ᠲᠠᠢ ᠶᠠᠪᠤᠬᠳᠠᠵᠤ ᠪᠠᠶᠢᠨ᠎ᠠ
ᠨᠡᠶᠢᠲᠡᠯᠡᠭᠰᠡᠨ ᠴᠠᠭ᠄
2024/7/23
    ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠪᠠ ᠠᠮᠢ ᠠᠬᠤᠢ ᠶᠢᠨ ᠣᠷᠴᠢᠨ ᠲᠣᠭᠤᠷᠢᠨ ᠤ ᠬᠦᠷᠢᠶ᠎ᠡ ᠴᠠᠷᠠᠭ᠎ᠠ ᠳᠤ ᠬᠢ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠬᠦ ᠲᠤᠰᠬᠠᠢ ᠠᠵᠢᠯᠯᠠᠭ᠎ᠠ ᠶᠢᠨ ᠠᠵᠢᠯᠯᠠᠬᠤ ᠳᠤᠭᠤᠶᠢᠯᠠᠩ ᠤᠨ  ᠬᠢᠨ ᠤᠷᠴᠢᠮ ᠳᠤ ᠬᠥᠬᠡᠬᠤᠲᠠ᠂ ᠪᠤᠭᠤᠲᠤ᠂ ᠬᠢᠩᠭᠠᠨ ᠠᠶᠢᠮᠠᠭ᠂ ᠲᠦᠩᠯᠢᠶᠣᠣ᠂ ᠤᠯᠠᠭᠠᠨᠬᠠᠳᠠ᠂ ᠣᠷᠳᠣᠰ᠂ ᠪᠠᠶᠠᠨᠨᠠᠭᠤᠷ᠂ ᠡᠷᠢᠶᠡᠨ ᠬᠤᠲᠠ ᠵᠡᠷᠭᠡ ᠠᠶᠢᠮᠠᠭ ᠬᠤᠲᠠ ᠪᠠ ᠬᠡᠰᠡᠭ ᠬᠤᠰᠢᠭᠤ ᠰᠢᠶᠠᠨ ᠲᠣᠭᠤᠷᠢᠭ ᠲᠤ ᠭᠦᠨᠵᠡᠭᠡᠶᠢᠷᠡᠨ᠂ ᠲᠥᠪᠯᠡᠷᠡᠭᠦᠯᠦᠨ ᠴᠡᠭᠴᠡᠯᠡᠬᠦ ᠲᠤᠰᠬᠠᠢ ᠠᠵᠢᠯᠯᠠᠭ᠎ᠠ ᠳᠤ ᠬᠢᠨᠠᠯᠲᠠ ᠲᠠᠯᠪᠢᠵᠤ ᠵᠢᠭᠠᠨ ᠵᠢᠯᠣᠭᠤᠳᠪᠠ᠃ ᠠᠵᠢᠯᠯᠠᠬᠤ ᠳᠤᠭᠤᠶᠢᠯᠠᠩ ᠤᠨ ᠬᠢᠨ ᠮᠡᠳᠡᠭᠦᠯᠦᠯᠲᠡ ᠶᠢ ᠰᠣᠨᠣᠰᠬᠤ᠂ ᠮᠠᠲ᠋ᠧᠷᠢᠶᠠᠯ ᠢ ᠪᠠᠶᠢᠴᠠᠭᠠᠬᠤ᠂ ᠰᠠᠨᠠᠯ ᠢᠶᠠᠨ ᠰᠤᠯᠢᠯᠴᠠᠬᠤ᠂ ᠳᠠᠯᠳᠠᠭᠤᠷ ᠰᠤᠷᠪᠤᠯᠵᠢᠯᠠᠵᠤ ᠰᠣᠩᠭᠤᠨ ᠪᠠᠶᠢᠴᠠᠭᠠᠬᠤ᠂ ᠲᠤᠬᠠᠢ ᠶᠢᠨ ᠭᠠᠵᠠᠷ ᠲᠤ ᠨᠢ ᠪᠠᠶᠢᠴᠠᠭᠠᠬᠤ ᠦᠵᠡᠬᠦ ᠵᠡᠷᠭᠡ ᠠᠷᠭ᠎ᠠ ᠪᠠᠷ ᠢᠯᠡᠷᠡᠭᠦᠯᠦᠭᠰᠡᠨ ᠡᠯ᠎ᠡ ᠲᠦᠷᠦᠯ ᠤᠨ ᠠᠰᠠᠭᠤᠳᠠᠯ ᠢ ᠲᠤᠬᠠᠢ ᠶᠢᠨ ᠭᠠᠵᠠᠷ ᠲᠤ ᠨᠢ ᠵᠢᠯᠤᠭᠤᠳᠴᠤ᠂ ᠡᠯ᠎ᠡ ᠰᠠᠯᠠᠭ᠎ᠠ ᠮᠥᠴᠢᠷ ᠤᠨ ᠬᠢᠨ ᠤ ᠳᠠᠷᠤᠢ ᠬᠡᠷᠡᠭᠵᠢᠭᠦᠯᠵᠦ ᠲᠠᠷᠤᠢ ᠴᠡᠭᠴᠡᠯᠡᠬᠦ ᠠᠵᠢᠯ ᠢ ᠠᠬᠢᠭᠤᠯᠪᠠ᠃    ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ᠂ ᠠᠮᠢ ᠠᠬᠤᠢ ᠶᠢᠨ ᠣᠷᠴᠢᠨ ᠲᠣᠭᠤᠷᠢᠨ ᠤ ᠲᠢᠩᠬᠢᠮ᠂ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠬᠢᠨ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ  2024 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠵᠢᠯ ᠤᠨ ᠡᠴᠦᠰ ᠪᠣᠯᠲᠠᠯ᠎ᠠ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠪᠠ ᠠᠮᠢ ᠠᠬᠤᠢ ᠶᠢᠨ ᠣᠷᠴᠢᠨ ᠲᠣᠭᠤᠷᠢᠨ ᠤ ᠬᠦᠷᠢᠶ᠎ᠡ ᠴᠠᠷᠠᠭ᠎ᠠ ᠳᠤ ᠬᠢ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠬᠦ ᠲᠤᠰᠬᠠᠢ ᠠᠵᠢᠯᠯᠠᠭ᠎ᠠ ᠶᠢ ᠬᠠᠮᠲᠤᠷᠠᠨ ᠥᠷᠨᠢᠭᠦᠯᠪᠡ᠃ ᠬᠤᠲᠠ ᠬᠥᠳᠡᠭᠡ ᠶᠢᠨ ᠬᠤᠭ ᠨᠣᠪᠰᠢ ᠶᠢ ᠰᠢᠢᠳᠪᠦᠷᠢᠯᠡᠬᠦ᠂ ᠪᠠᠷᠢᠯᠭ᠎ᠠ ᠶᠢᠨ ᠵᠠᠬ᠎ᠠ ᠳᠡᠯᠭᠡᠭᠦᠷ ᠪᠠ ᠭᠡᠷ ᠪᠠᠶᠢᠰᠢᠩ ᠤᠨ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠂ ᠠᠶᠤᠯᠲᠠᠢ ᠬᠠᠶᠠᠭᠳᠠᠮᠠᠯ ᠪᠣᠳᠠᠰ ᠤᠨ ᠬᠠᠮᠢᠶᠠᠷᠤᠯᠲᠠ᠂ ᠣᠷᠴᠢᠨ ᠲᠣᠭᠤᠷᠢᠨ ᠤ ᠬᠢᠨᠠᠨ ᠬᠡᠮᠵᠢᠯᠲᠡ ᠶᠢᠨ ᠲᠤᠭ᠎ᠠ ᠪᠠᠷᠢᠮᠲᠠ᠂ ᠣᠶ ᠰᠢᠭᠤᠢ ᠡᠪᠡᠰᠦ ᠪᠡᠯᠴᠢᠭᠡᠷ ᠢ ᠡᠪᠳᠡᠬᠦ ᠵᠡᠷᠭᠡ 5 ᠲᠠᠯ᠎ᠠ ᠶᠢᠨ 24 ᠲᠣᠪᠣᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ︽  ᠪᠠᠶᠢᠴᠠᠭᠠᠬᠤ ᠶᠢᠨ ᠲᠠᠭᠠᠤ ᠴᠡᠭᠴᠡᠯᠡᠬᠦ︾ ᠠᠷᠭ᠎ᠠ  ᠪᠠᠷ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠣᠯᠠᠨ ᠲᠦᠮᠡᠨ ᠤ ᠲᠤᠰᠬᠠᠯ ᠶᠡᠬᠡᠲᠡᠢ ᠠᠰᠠᠭᠤᠳᠠᠯ ᠢ ᠭᠤᠣᠯᠳᠠᠯᠭ᠎ᠠ ᠲᠠᠢ ᠵᠠᠰᠠᠵᠤ᠂ ᠨᠢᠭᠡ ᠪᠦᠯᠦᠭ ᠨᠡᠶᠢᠲᠡᠯᠢᠭ ᠬᠡᠷᠡᠭ ᠢ ᠴᠢᠩᠭ᠎ᠠ ᠪᠠᠶᠢᠴᠠᠭᠠᠨ ᠰᠢᠢᠳᠪᠦᠷᠢᠯᠡᠵᠦ ᠢᠯᠡᠴᠢᠯᠡᠵᠦ᠂ ᠬᠠᠤᠯᠢ ᠪᠤᠰᠤ ᠠᠰᠢᠭ ᠲᠤᠰᠠ ᠶᠢᠨ ᠬᠡᠯᠬᠢᠶ᠎ᠡ ᠶᠢ ᠲᠡᠰᠦᠯᠦᠨ᠂ ᠠᠵᠢᠯ ᠲᠥᠷᠥᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠵᠤ᠂ ᠣᠷᠳᠣ ᠬᠤᠭᠤᠴᠠᠭᠠᠨ ᠤ ᠪᠦᠲᠦᠮᠵᠢᠲᠡᠶ ᠠᠵᠢᠯ ᠤᠨ ᠲᠣᠭᠲᠠᠴᠠ ᠶᠢ ᠪᠠᠶᠢᠭᠤᠯᠤᠨ᠂ ᠡᠶᠢᠮᠤᠷᠬᠦᠤ ᠠᠰᠠᠭᠤᠳᠠᠯ ᠡᠭᠦᠰᠬᠦ ᠶᠢ ᠡᠭᠦᠰᠦᠯ ᠠᠴᠠ ᠨᠢ ᠰᠡᠷᠬᠡᠶᠢᠯᠡᠵᠤ ᠴᠢᠳᠠᠪᠠ᠃    ᠣᠳᠣᠬᠠᠨ ᠳᠤ ᠪᠥᠬᠦ ᠣᠷᠣᠨ ᠤ ᠡᠯ᠎ᠡ ᠠᠶᠢᠮᠠᠭ ᠬᠤᠲᠠ ᠨᠤᠭᠤᠳ ᠨᠢᠭᠡᠨᠲᠡ ᠣᠯᠠᠨ ᠰᠠᠯᠠᠭ᠎ᠠ ᠮᠥᠴᠢᠷ ᠤᠨ ᠬᠠᠮᠲᠤᠷᠠᠭᠰᠠᠨ ᠠᠵᠢᠯᠯᠠᠬᠤ ᠳᠤᠭᠤᠶᠢᠯᠠᠩ ᠢ ᠵᠣᠬᠢᠶᠠᠨ ᠪᠠᠶᠢᠭᠤᠯᠵᠤ᠂ ᠪᠠᠶᠢᠳᠠᠯ ᠢ ᠪᠠᠶᠢᠴᠠᠭᠠᠨ ᠤᠶᠢᠯᠠᠭᠠᠬᠤ ᠪᠠ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠠᠵᠢᠯ ᠢ ᠪᠥᠬᠦ ᠲᠠᠯ᠎ᠠ ᠪᠠᠷ ᠥᠷᠨᠢᠭᠦᠯᠵᠦ ᠪᠠᠶᠢᠨ᠎ᠠ᠃    ᠤᠯᠠᠭᠠᠨᠬᠠᠳᠠ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠬᠢᠨ ᠨᠢ ᠬᠤᠭ ᠨᠣᠪᠰᠢ ᠶᠢ ᠵᠠᠰᠠᠬᠤ ᠠᠵᠢᠯ ᠢ ᠰᠢᠰᠲ᠋ᠧᠮ ᠲᠠᠢ ᠪᠠᠷ ᠡᠮᠬᠢᠯᠡᠨ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ᠂ ᠪᠠᠷᠢᠯᠭ᠎ᠠ ᠶᠢᠨ ᠬᠤᠭ ᠨᠣᠪᠰᠢ ᠶᠢ ᠠᠷᠢᠯᠭᠠᠬᠤ ᠭᠠᠵᠠᠷ ᠢ ᠵᠢᠷᠤᠮᠵᠢᠭᠤᠯᠤᠨ ᠪᠦᠲᠦᠭᠡᠨ ᠪᠠᠶᠢᠭᠤᠯᠵᠤ᠂ ᠬᠤᠭ ᠨᠣᠪᠰᠢ ᠶᠢᠨ ᠬᠠᠮᠢᠶᠠᠷᠤᠯᠲᠠ ᠶᠢᠨ ᠠᠵᠢᠯ ᠤᠨ ᠰᠢᠯᠭᠠᠨ ᠬᠢᠨᠠᠵᠤ ᠬᠤᠪᠢ ᠲᠣᠭᠲᠠᠭᠠᠬᠤ ᠲᠣᠭᠲᠠᠴᠠ ᠪᠠ ᠪᠠᠷᠢᠯᠭ᠎ᠠ ᠶᠢᠨ ᠬᠤᠭ ᠨᠣᠪᠰᠢ ᠶᠢᠨ ᠪᠥᠬᠦ ᠬᠡᠯᠬᠢᠶᠡᠰᠦ ᠶᠢᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠤᠨ᠂ ᠪᠠᠷᠢᠯᠭ᠎ᠠ ᠶᠢᠨ ᠬᠤᠭ ᠨᠣᠪᠰᠢ ᠶᠢ ᠪᠣᠶ ᠪᠣᠯᠭᠠᠬᠤ᠂ ᠴᠤᠭᠯᠠᠭᠤᠯᠬᠤ᠂ ᠲᠡᠭᠡᠭᠡᠪᠦᠷᠢᠯᠡᠬᠦ᠂ ᠰᠢᠢᠳᠪᠦᠷᠢᠯᠡᠬᠦ ᠡᠯ᠎ᠡ ᠭᠤᠭᠴᠤᠭ᠎ᠠ ᠳᠤ ᠪᠦᠲᠦᠮᠵᠢᠲᠡᠶ ᠬᠢᠨᠠᠨ ᠡᠵᠡᠮᠳᠡᠬᠦ ᠠᠵᠢᠯ ᠢ ᠦᠷᠨᠢᠬᠦᠯᠪᠡ᠃ ᠪᠥᠬᠦ ᠬᠤᠲᠠ ᠳᠤ ᠬᠤᠭ ᠨᠣᠪᠰᠢ ᠶᠢ ᠳᠤᠷ᠎ᠠ ᠪᠠᠷ ᠢᠶᠠᠨ ᠣᠪᠣᠭᠠᠯᠠᠵᠤ ᠪᠠᠶᠢᠭ᠎ᠠ 222 ᠠᠰᠠᠭᠤᠳᠠᠯ ᠢ   ᠪᠠᠶᠢᠴᠠᠭᠠᠬᠤ  ᠶᠢᠨ ᠬᠠᠮᠳᠤ 158 ᠭᠠᠵᠠᠷ ᠢ ᠴᠡᠭᠴᠡᠯᠡᠬᠡᠳ 64 ᠭᠠᠵᠠᠷ ᠲᠤ ᠤᠳᠤ ᠶᠠᠭ ᠴᠡᠭᠴᠡᠯᠡᠬᠦ ᠠᠷᠭ᠎ᠠ ᠠᠪᠴᠤ᠂ ᠠᠮᠢᠳᠤᠷᠠᠯ ᠤᠨ ᠬᠤᠭ ᠨᠣᠪᠰᠢ ᠶᠢ ᠪᠠᠷᠤᠭ 0.95 ᠲᠦᠮᠡᠨ ᠲᠣᠨ᠂ ᠪᠠᠷᠢᠯᠭ᠎ᠠ ᠶᠢᠨ ᠬᠤᠭ ᠨᠣᠪᠰᠢ ᠶᠢ ᠪᠠᠷᠤᠭ 5.3 ᠲᠦᠮᠡᠨ ᠲᠣᠨ ᠴᠡᠪᠡᠷᠯᠡᠵᠡᠢ᠃   ᠬᠢᠩᠭᠠᠨ ᠠᠶᠢᠮᠠᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠳᠠ ᠶᠢᠨ ᠲᠣᠪᠴᠢᠶ᠎ᠠ ᠶᠢᠨ ᠬᠢᠨ ᠪᠦᠬᠦ ᠶᠠᠪᠤᠴᠠ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠠᠵᠤ ᠠᠬᠤᠶᠢᠯᠠᠯ ᠤᠨ ᠪᠣᠬᠢᠷᠲᠤᠯ ᠤᠨ ᠡᠬᠢ ᠰᠤᠷᠪᠤᠯᠵᠢ ᠶᠢ ᠰᠦᠯᠵᠢᠶᠡᠨ ᠳᠡᠭᠡᠷ᠎ᠡ ᠬᠢᠨᠠᠨ ᠬᠡᠮᠵᠢᠬᠦ ᠲᠥᠬᠦᠭᠡᠷᠦᠮᠵᠢ ᠶᠢᠨ ᠠᠵᠢᠯᠯᠠᠭᠤᠯᠵᠤ ᠬᠠᠮᠠᠭᠠᠯᠠᠵᠤ ᠪᠠᠶᠢᠭ᠎ᠠ ᠪᠠᠶᠢᠳᠠᠯ ᠳᠤ ᠭᠡᠨᠡᠳᠲᠡ ᠶᠢᠨ ᠪᠠᠶᠢᠴᠠᠭᠠᠯᠲᠠ ᠬᠢᠵᠦ᠂ ᠣᠷᠴᠢᠨ ᠲᠣᠭᠤᠷᠢᠨ ᠤ ᠬᠢᠨᠠᠨ ᠬᠡᠮᠵᠢᠯᠲᠡ ᠶᠢᠨ ᠲᠤᠭ᠎ᠠ ᠪᠠᠷᠢᠮᠲᠠ ᠶᠢ ᠬᠤᠳᠠᠯ ᠬᠠᠭᠤᠷᠮᠠᠭ ᠢᠶᠠᠷ ᠵᠣᠬᠢᠶᠠᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠤᠳᠠᠭ᠎ᠠ ᠪᠦᠷᠢ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠪᠣᠯᠣᠨ ᠤᠯᠠᠨ ᠲᠦᠮᠡᠨ ᠤ ᠵᠠᠬᠢᠳᠠᠯ ᠰᠣᠷᠪᠤᠯᠵᠢᠯᠠᠭ᠎ᠠ ᠪᠠᠷ  ᠢᠯᠡᠴᠢᠯᠡᠭᠰᠡᠨ ᠬᠡᠷᠡᠭ ᠢ ᠪᠦᠬᠦ ᠲᠠᠯ᠎ᠠ ᠪᠠᠷ ᠪᠠᠶᠢᠴᠠᠭᠠᠵᠤ᠂  ᠠᠰᠠᠭᠤᠳᠠᠯ ᠤᠨ ᠰᠦᠪᠡᠭᠴᠢ ᠶᠢ ᠪᠦᠬᠦ ᠲᠠᠯ᠎ᠠ ᠪᠠᠷ ᠪᠠᠶᠢᠴᠠᠭᠠᠨ ᠰᠢᠢᠳᠪᠤᠷᠢᠯᠡᠭᠰᠡᠨ ᠤ ᠬᠠᠮᠳᠤ ᠠᠮᠢ ᠠᠬᠤᠢ ᠶᠢᠨ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠦᠯᠲᠡ ᠶᠢ ᠰᠢᠶᠠᠩ ᠪᠠᠯᠭᠠᠰᠤ ᠰᠤᠮᠤ ᠲᠡᠶᠢᠰᠢ ᠤᠷᠲᠤᠳᠬᠠᠵᠤ᠂ ᠰᠤᠮᠤ ᠰᠢᠶᠠᠩ ᠪᠠᠯᠭᠠᠰᠤ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠯᠦᠭᠡ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠪᠣᠶ ᠪᠣᠯᠭᠠᠵᠤ᠂ ᠮᠠᠯᠵᠢᠬᠤ ᠲᠠᠷᠢᠶᠠᠯᠠᠬᠤ ᠣᠷᠣᠨ ᠳᠤ ᠬᠠᠤᠯᠢ ᠪᠤᠰᠤ ᠪᠠᠷ ᠦᠢᠯᠡᠳᠪᠦᠷᠢᠯᠡᠵᠦ ᠡᠳ᠋ᠰᠢᠭᠦᠯᠬᠦ᠂ ᠠᠶᠤᠯᠲᠠᠢ ᠬᠠᠶᠠᠭᠳᠠᠮᠠᠯ ᠪᠣᠳᠠᠰ ᠢ ᠬᠤᠯᠠᠭᠠᠶᠢᠯᠠᠨ ᠭᠠᠳᠠᠭᠰᠢᠯᠠᠭᠤᠯᠬᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ᠂ 46 ᠠᠵᠤ ᠠᠬᠤᠶᠢᠯᠠᠯ ᠢ ᠪᠠᠶᠢᠴᠠᠭᠠᠵᠤ᠂ 433 ᠠᠰᠠᠭᠤᠳᠠᠯ ᠢ ᠢᠯᠡᠷᠡᠬᠦᠯᠦᠭᠰᠡᠨ ᠪᠠᠶᠢᠨ᠎ᠠ᠃            
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号