ᠤᠶᠤᠨᠴᠢ ᠵᠠᠮ ᠤᠨ ᠫᠠᠶᠢᠰᠠ ᠪᠠᠷ ᠬᠥᠳᠡᠭᠡ ᠲᠣᠰᠬᠤᠨ ᠤ ᠲᠤᠭᠠᠴᠢᠯᠠᠯᠳᠠ ᠶᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/7/23
     ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ᠂ ᠵᠢᠭᠤᠯᠴᠢᠯᠠᠯ ᠤᠨ ᠦᠢᠯᠡᠰ ᠤᠨ ᠬᠦᠭᠵᠢᠬᠦᠯᠤᠯᠳᠡ᠂ ᠭᠠᠵᠠᠷ ᠣᠷᠣᠨ ᠤ ᠣᠨᠴᠠᠯᠢᠭᠲᠤ ᠰᠣᠶᠣᠯ ᠢ ᠪᠠᠳᠠᠷᠠᠭᠤᠯᠬᠤ ᠵᠡᠷᠭᠡ ᠬᠡᠷᠡᠭᠴᠡᠭᠡ  ᠶᠢ ᠤᠯᠠᠮ ᠰᠠᠶᠢᠳᠤᠷ ᠬᠠᠨᠭ᠍ᠭᠠᠬᠤ ᠶᠢᠨ ᠲᠥᠯᠥᠭᠡ᠂ ᠬᠥᠯᠥᠨ ᠪᠤᠶᠢᠷ ᠬᠤᠳᠠ ᠶᠢᠨ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠠᠯᠳᠠᠨ ᠡᠮᠡᠭᠡᠯ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠤ ᠬᠢᠨ ᠲᠠᠢ ᠲᠠᠢ ᠬᠤᠯᠪᠤᠭᠠᠯᠠᠨ ᠵᠡᠭᠦᠨ ᠰᠦᠮ᠎ᠡ ᠭᠠᠴᠠᠭ᠎ᠠ ᠶᠢᠨ ᠵᠤᠭᠠᠴᠠᠯ ᠤᠨ ᠲᠣᠰᠬᠤᠨ ᠳᠤ ︽ᠤᠶᠤᠨᠴᠢ︾ ᠵᠠᠮ ᠤᠨ ᠤᠳᠤᠷᠢᠳᠤᠮᠵᠢ ᠶᠢᠨ ᠫᠠᠶᠢᠰᠠ ᠤᠭᠰᠠᠷᠠᠵᠤ᠂ ᠰᠣᠶᠣᠯ ᠢᠶᠠᠷ ᠦᠨᠳᠦᠰᠦ ᠪᠣᠯᠭᠠᠵᠤ᠂ ᠬᠥᠳᠡᠭᠡ ᠲᠣᠰᠬᠤᠨ ᠢ ᠠᠯᠳᠠᠷᠰᠢᠭᠤᠯᠤᠨ᠂ ᠭᠠᠵᠠᠷ ᠤᠨ ᠨᠡᠷᠡᠰ ᠤᠨ ᠤᠬᠠᠭᠤᠯᠭ᠎ᠠ ᠶᠢᠨ ᠤᠳᠤᠷᠢᠳᠤᠮᠵᠢ ᠶᠢᠨ ᠰᠢᠰᠲ᠋ᠧᠮ ᠢ ᠬᠦᠴᠦᠯᠡᠨ ᠨᠢᠭᠲᠠ ᠪᠠᠶᠢᠭᠤᠯᠵᠤ᠂ ︽ᠬᠥᠳᠡᠭᠡ ᠲᠣᠰᠬᠤᠨ ᠤ ᠨᠡᠷᠡᠳᠤ ᠠᠵᠢᠯᠯᠠᠭ᠎ᠠ︾ ᠶᠢᠨ ᠡᠮᠬᠢ ᠵᠢᠷᠤᠮ ᠲᠠᠢ ᠥᠷᠨᠢᠬᠦ ᠶᠢ ᠪᠠᠲᠤᠲᠠᠢ ᠠᠬᠢᠭᠤᠯᠵᠤ ᠪᠠᠶᠢᠨ᠎ᠠ᠃    ᠥᠩᠭᠡᠷᠡᠭᠰᠡᠨ ᠤ ᠵᠠᠮ ᠤᠨ ᠫᠠᠶᠢᠰᠠ ᠲᠠᠢ ᠬᠠᠷᠢᠴᠠᠭᠤᠯᠪᠠᠯ᠂ ᠡᠨᠡ ᠤᠳᠠᠭ᠎ᠠ ᠶᠢᠨ ᠤᠭᠰᠠᠷᠠᠭᠰᠠᠨ ︽  ᠤᠶᠤᠨᠴᠢ︾ ᠵᠠᠮ ᠤᠨ ᠵᠢᠯᠣᠭᠤᠳᠤᠮᠵᠢ ᠶᠢᠨ ᠫᠠᠶᠢᠰᠠ ᠣᠯᠠᠨ ᠨᠡᠶᠢᠲᠡ ᠶᠢᠨ ᠲᠥᠬᠦᠭᠡᠷᠦᠮᠵᠢ ᠶᠢᠨ ᠲᠠᠯᠠᠪᠤᠷ ᠪᠠ ᠵᠠᠮ ᠤᠨ ᠨᠡᠷᠡᠶᠢᠳᠦᠯ ᠢ ᠲᠣᠳᠣᠷᠬᠠᠢ ᠵᠢᠭᠠᠵᠤ ᠳᠡᠶᠢᠯᠬᠦ ᠠᠴᠠ ᠭᠠᠳᠠᠨ᠎ᠠ ᠳᠣᠣᠷ᠎ᠠ ᠲᠠᠯ᠎ᠠ ᠳᠤ ᠨᠢ ᠪᠠᠰᠠ ︽ᠮᠡᠷᠬᠡᠨ ᠴᠤᠬᠤᠷ︾ ᠨᠡᠮᠡᠵᠦ᠂  ᠣᠯᠠᠨ ᠲᠦᠮᠡᠨ ᠪᠠ ᠵᠤᠭᠠᠴᠠᠭᠰᠠᠳ  ᠮᠡᠷᠬᠡᠨ ᠴᠤᠬᠤᠷ ᠢ ᠭᠠᠷ ᠤᠲᠠᠰᠤ ᠪᠠᠷ ᠰᠢᠷᠪᠢᠪᠡᠯ ᠲᠤᠬᠠᠢ ᠶᠢᠨ ᠭᠠᠵᠠᠷ ᠤᠨ ᠠᠷᠠᠳ ᠲᠤ ᠠᠰᠢᠭ ᠬᠦᠷᠲᠡᠭᠡᠬᠦ ᠡᠯ᠎ᠡ ᠲᠥᠷᠥᠯ ᠤᠨ ᠲᠥᠷᠥ ᠶᠢᠨ ᠪᠣᠳᠣᠯᠭ᠎ᠠ᠂ ᠭᠠᠵᠠᠷ ᠤᠨ ᠨᠡᠷᠡᠰ ᠤᠨ ᠰᠣᠶᠣᠯ᠂ ᠵᠢᠭᠤᠯᠴᠢᠯᠠᠯ ᠤᠨ ᠦᠵᠡᠮᠵᠢ ᠶᠢᠨ ᠣᠷᠣᠨ ᠵᠡᠷᠭᠡ ᠮᠡᠳᠡᠭᠡ ᠵᠠᠩᠭᠢ ᠶᠢ ᠣᠶᠢᠯᠠᠭᠠᠵᠤ ᠪᠣᠯᠣᠨ᠎ᠠ᠃ ᠥᠪᠡᠷᠮᠢᠴᠡ ᠣᠨᠴᠠᠯᠢᠭ ᠪᠦᠬᠦᠢ ︽ᠤᠳᠤᠷᠢᠳᠤᠮᠵᠢ + ᠦᠢᠯᠡᠴᠢᠯᠡᠭᠡ + ᠦᠢᠯᠡᠳᠦᠯᠴᠡᠯ︾ ᠤᠨ ᠴᠢᠳᠠᠮᠵᠢ ᠪᠠᠷ ᠵᠠᠮ ᠢ ᠦᠵᠡᠭᠳᠡᠬᠦᠶᠢᠴᠡ ᠪᠣᠯᠭᠠᠬᠤ᠂ ᠳ᠋ᠠᠶᠢᠲ᠋ᠠᠵᠢᠭᠤᠯᠬᠤ᠂ ᠰᠦᠯᠵᠢᠶᠡᠵᠢᠭᠦᠯᠬᠦ  ᠶᠢ ᠪᠡᠶᠡᠯᠡᠭᠦᠯᠵᠦ᠂ ᠤᠯᠠᠨ ᠲᠦᠮᠡᠨ  ᠪᠠ ᠵᠤᠭᠠᠴᠠᠭᠰᠠᠳ ᠤᠨ ᠭᠠᠵᠠᠷ ᠵᠦᠢ ᠶᠢᠨ ᠪᠠᠶᠢᠷᠢᠰᠢᠯ ᠤᠨ ᠲᠤᠬᠠᠢ ᠰᠢᠭᠤᠳ ᠲᠥᠷᠥᠭᠳᠡᠯ ᠢ ᠨᠡᠮᠡᠭᠳᠡᠭᠦᠯᠵᠦ ᠂ ᠬᠡᠰᠡᠭ ᠵᠠᠮ ᠤᠨ ᠨᠡᠷ᠎ᠡ ᠶᠢᠨ ᠲᠡᠮᠳᠡᠭ ᠫᠠᠶᠢᠰᠠ ᠲᠤᠳᠠᠭᠤ᠂ ᠤᠳᠤ ᠪᠠᠶᠢᠭ᠎ᠠ ᠲᠡᠮᠳᠡᠭ ᠫᠠᠶᠢᠰᠠ ᠪᠣᠯᠣᠨ ᠤᠶᠤᠨᠴᠢ ᠵᠠᠮ ᠤᠨ ᠱᠠᠭᠠᠷᠳᠠᠯᠭ᠎ᠠ ᠨᠡᠶᠢᠴᠡᠬᠦ ᠦᠭᠡᠢ᠂ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠰᠢᠰᠲ᠋ᠧᠮ ᠲᠡᠭᠦᠯᠳᠡᠷ ᠪᠤᠰᠤ ᠪᠠᠶᠢᠬᠤ ᠵᠡᠷᠭᠡ ᠠᠰᠠᠭᠤᠳᠠᠯ ᠢ ᠲᠤᠶᠢᠯᠪᠤᠷᠢᠲᠠᠢ ᠰᠢᠢᠳᠪᠦᠷᠢᠯᠡᠵᠦ᠂ ᠤᠯᠠᠨ ᠨᠡᠶᠢᠲᠡ ᠶᠢᠨ ᠦᠢᠯᠡᠴᠢᠯᠡᠭᠡ ᠶᠢ ᠨᠡᠩ ᠣᠨᠣᠪᠴᠢᠲᠠᠢ ᠪᠥᠭᠡᠳ ᠪᠣᠳᠠᠲᠠᠢ ᠪᠣᠯᠭᠠᠬᠤ ᠶᠢᠨ ᠬᠠᠮᠲᠤ ᠠᠷᠠᠳ ᠤᠯᠠᠨ ᠤ ᠤᠳᠤ ᠦᠶ᠎ᠡ ᠶᠢᠨ ᠲᠣᠭᠠᠴᠢᠯᠠᠭᠰᠠᠨ ᠠᠶᠠᠯᠠᠯ ᠤᠨ ᠬᠡᠷᠡᠭᠴᠡᠭᠡ ᠳᠤ ᠨᠡᠩ ᠨᠡᠶᠢᠴᠡᠬᠦ ᠪᠤᠯᠭᠠᠪᠠ᠃     ᠬᠥᠳᠡᠭᠡ ᠲᠣᠰᠬᠤᠨ ᠤ ᠭᠠᠵᠠᠷ ᠤᠨ ᠨᠡᠷᠡᠰ ᠤᠨ ᠦᠢᠯᠡᠴᠢᠯᠡᠭᠡ ᠶᠢ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠦᠭᠵᠢᠬᠦᠯᠬᠦ ᠳᠤ ᠪᠠᠨ ᠬᠥᠯᠥᠨ ᠪᠤᠶᠢᠷ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠲᠠᠷᠠᠭᠠᠴᠢ ᠪᠠᠷ ᠭᠠᠵᠠᠷ ᠤᠨ ᠨᠡᠷᠡᠰ ᠤᠨ ᠪᠠᠶᠢᠭᠤᠯᠤᠯᠲᠠ ᠶᠢᠨ ᠰᠢᠨ᠎ᠡ ᠠᠷᠭ᠎ᠠ ᠵᠠᠮ ᠢ ᠲᠠᠰᠤᠷᠠᠯᠲᠠ ᠦᠭᠡᠢ ᠰᠦᠪᠡᠭᠴᠢᠯᠡᠵᠦ᠂ ᠳᠤᠮᠳᠠᠳᠤ ᠤᠯᠤᠰ · ᠤᠯᠤᠰ ᠤᠨ ᠭᠠᠵᠠᠷ ᠤᠨ ᠨᠡᠷᠡᠰ ᠤᠨ ᠮᠡᠳᠡᠭᠡ ᠵᠠᠩᠭᠢ ᠶᠢᠨ ᠬᠥᠮᠥᠷᠭᠡ ᠪᠠ ᠢᠨᠲ᠋ᠧᠷ ᠰᠦᠯᠵᠢᠶᠡᠨ ᠤ ᠭᠠᠵᠠᠷ ᠤᠨ ᠵᠢᠷᠤᠭ ᠲᠤ ᠲᠦᠰᠢᠭᠯᠡᠨ᠂ ᠬᠥᠳᠡᠭᠡ ᠲᠣᠰᠬᠤᠨ ᠤ ᠭᠠᠵᠠᠷ ᠤᠨ ᠨᠡᠷᠡᠰ ᠢ ︽ᠰᠦᠯᠵᠢᠶᠡᠨ ᠳᠤ ᠣᠷᠣᠭᠤᠯᠬᠤ︾ ︽ᠵᠢᠷᠤᠭ ᠲᠤ ᠣᠷᠣᠭᠤᠯᠬᠤ︾ ᠶᠢ ᠦᠨᠡᠨ ᠬᠦ ᠪᠡᠶᠡᠯᠡᠭᠦᠯᠵᠦ᠂ ᠭᠠᠵᠠᠷ ᠤᠨ ᠨᠡᠷᠡᠰ ᠤᠨ ᠰᠣᠶᠣᠯ ᠤᠨ ᠪᠠᠶᠢᠭᠤᠯᠤᠯᠲᠠ ᠪᠠᠷ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠬᠥᠭᠵᠢᠯᠲᠡ ᠳᠤ ᠴᠢᠳᠠᠪᠬᠢ ᠣᠯᠭᠤᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠷᠠᠳ ᠤᠨ ᠶᠠᠪᠤᠳᠠᠯ ᠤᠨ ᠬᠢᠨ ᠤ ᠬᠦᠴᠤ ᠶᠢ ᠨᠡᠮᠡᠷᠢᠯᠡᠪᠡ᠃  
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号