ᠬᠥᠬᠡᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠭᠠᠵᠠᠷ ᠤᠨ ᠨᠡᠷᠡᠰ ᠤᠨ ᠰᠣᠶᠣᠯ ᠤᠨ ᠥᠪ ᠤᠨ ᠬᠠᠮᠠᠭᠠᠯᠠᠯᠲᠠ ᠶᠢᠨ ᠨᠡᠷᠡᠰ ᠤᠨ ᠵᠢᠭᠰᠠᠭᠠᠯᠲᠠ ︵ᠨᠢᠭᠡᠳᠦᠭᠡᠷ ᠪᠦᠯᠦᠭ︶ ᠶᠢᠨ ᠲᠤᠰᠬᠠᠢ ᠮᠡᠷᠭᠡᠵᠢᠯᠲᠡᠨ ᠤ ᠬᠢᠨᠠᠨ ᠲᠣᠭᠲᠠᠭᠠᠬᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/23
   ᠬᠥᠬᠡᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ 7 ᠳ᠋ᠤᠭᠠᠷ ᠰᠠᠷ᠎ᠠ ᠶᠢᠨ 9 ᠤ ᠡᠳᠦᠷ ᠭᠠᠵᠠᠷ ᠤᠨ ᠨᠡᠷᠡᠰ ᠤᠨ ᠰᠣᠶᠣᠯ ᠤᠨ ᠥᠪ ᠢ ᠬᠠᠮᠠᠭᠠᠯᠠᠬᠤ ᠨᠡᠷᠡᠰ ᠤᠨ ᠵᠢᠭᠰᠠᠭᠠᠯᠲᠠ ᠶᠢᠨ ᠲᠤᠰᠬᠠᠢ ᠮᠡᠷᠭᠡᠵᠢᠯᠲᠡᠨ ᠤ ᠬᠢᠨᠠᠨ ᠲᠣᠭᠲᠠᠭᠠᠬᠤ ᠬᠤᠷᠠᠯ ᠬᠤᠷᠠᠯᠳᠤᠭᠤᠯᠪᠠ᠃ ᠬᠤᠷᠠᠯ ᠲᠡᠬᠡᠷ᠎ᠡ ᠬᠥᠬᠡᠬᠤᠲᠠ ᠶᠢᠨ ᠲᠡᠦᠬᠡ ᠣᠶᠢᠯᠠᠯᠭ᠎ᠠ ᠶᠢᠨ ᠠᠯᠪᠠᠨ ᠭᠡᠷ ᠤᠨ ᠤᠤᠯ ᠤᠨ ᠡᠷᠬᠢᠯᠡᠭᠴᠢ᠂  ᠬᠢᠨᠠᠨ ᠨᠠᠶᠢᠷᠠᠭᠤᠯᠤᠬᠴᠢ ᠸᠠᠩ ᠵᠢᠶᠦ᠋ᠨ ᠵᠡᠷᠭᠡ  ᠭᠠᠵᠠᠷ ᠤᠨ ᠨᠡᠷᠡᠰ ᠤᠨ ᠲᠦᠷᠪᠡᠨ ᠲᠤᠰᠬᠠᠢ ᠮᠡᠷᠭᠡᠵᠢᠯᠲᠡᠨ ᠢ ᠤᠷᠢᠨ ᠣᠷᠣᠯᠴᠠᠭᠤᠯᠵᠤ᠂ ᠬᠦᠬᠡᠬᠤᠳᠠ ᠶᠢᠨ ᠰᠢᠨ᠎ᠡ ᠬᠤᠲᠠ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠬᠤᠲᠣᠩ ᠠᠷᠠᠳ ᠤᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠢᠦ᠋ᠢᠴᠢᠤᠸᠠᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠠᠮᠢᠶ᠎ᠠ ᠪᠦᠬᠦᠢ ᠠᠵᠢᠯᠲᠠᠨ ᠢ ᠬᠤᠷᠠᠯ ᠳᠤ ᠣᠷᠣᠯᠴᠠᠭᠤᠯᠵᠠᠢ᠃    ᠬᠢᠨᠠᠨ ᠰᠢᠯᠭᠠᠷᠠᠭᠤᠯᠬᠤ ᠬᠤᠷᠠᠯ ᠳᠡᠭᠡᠷ᠎ᠡ ᠬᠦᠬᠡᠬᠤᠳᠠ ᠶᠢᠨ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ  ᠶᠢᠨ ᠬᠢᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠵᠠᠷ ᠤᠨ ᠨᠡᠷᠡᠰ ᠤᠨ ᠰᠣᠶᠣᠯ ᠤᠨ ᠥᠪ ᠤᠨ ᠬᠠᠮᠠᠭᠠᠯᠠᠯᠲᠠ ᠶᠢᠨ ᠨᠡᠷᠡᠰ ᠤᠨ ᠵᠢᠭᠰᠠᠭᠠᠯᠲᠠ ᠶᠢ ᠮᠠᠭᠠᠳᠯᠠᠨ ᠲᠣᠭᠲᠠᠭᠠᠬᠤ ᠠᠵᠢᠯ ᠤᠨ ᠲᠤᠬᠠᠢ ᠬᠡᠷᠡᠭᠵᠢᠭᠦᠯᠬᠦ ᠲᠥᠰᠥᠯ︾ ᠪᠠ ᠭᠠᠵᠠᠷ ᠤᠨ ᠨᠡᠷᠡᠰ ᠤᠨ ᠰᠣᠶᠣᠯ ᠤᠨ ᠥᠪ ᠤᠨ ᠦᠨᠡᠯᠡᠨ ᠲᠣᠭᠲᠠᠭᠠᠬᠤ ᠬᠡᠪᠴᠢᠶ᠎ᠡ  ᠶᠢ ᠲᠤᠳᠤᠷᠬᠠᠶᠢᠯᠠᠬᠰᠠᠨ ᠪᠥᠭᠡᠳ ᠬᠠᠮᠢᠶ᠎ᠠ ᠪᠦᠬᠦᠢ ᠬᠤᠪᠢ ᠲᠣᠭᠲᠠᠭᠠᠬᠤ ᠪᠠᠷᠢᠮᠵᠢᠶ᠎ᠠ ᠶᠢ ᠨᠠᠷᠢᠨ ᠲᠠᠶᠢᠯᠪᠤᠷᠢᠯᠠᠪᠠ᠃ ᠬᠤᠷᠠᠯ ᠳᠤ ᠣᠷᠣᠯᠴᠠᠭᠰᠠᠳ ᠭᠠᠵᠠᠷ ᠵᠦᠢ ᠶᠢᠨ ᠪᠠᠶᠢᠷᠢᠯᠠᠯ᠂ ᠭᠠᠵᠠᠷ ᠤᠨ ᠨᠡᠷᠡᠰ ᠤᠨ ᠢᠷᠡᠯᠲᠡ᠂ ᠭᠠᠵᠠᠷ ᠤᠨ ᠨᠡᠷᠡᠰ  ᠤᠨ ᠠᠭᠤᠯᠭ᠎ᠠ᠂ ᠭᠠᠵᠠᠷ ᠤᠨ ᠨᠡᠷᠡᠰ ᠤᠨ ᠲᠡᠦᠬᠡ ᠶᠢᠨ ᠤᠯᠠᠷᠢᠯ ᠬᠤᠪᠢᠰᠤᠯ᠂ ᠲᠡᠦᠬᠡ ᠶᠢᠨ ᠮᠠᠲ᠋ᠧᠷᠢᠶᠠᠯ ᠤᠨ ᠲᠡᠮᠳᠡᠭᠯᠡᠯ᠂ ᠰᠣᠶᠣᠯ ᠤᠨ ᠠᠭᠤᠯᠤᠭᠳᠠᠬᠤᠨ᠂ ᠥᠷᠲᠡᠭ ᠤᠨ ᠣᠨᠴᠠᠯᠢᠭ ᠵᠡᠷᠭᠡ ᠲᠤᠯᠤᠭᠠᠨ ᠲᠠᠯ᠎ᠠ ᠠᠴᠠ ᠡᠯ᠎ᠡ ᠬᠤᠰᠢᠭᠤ ᠰᠢᠶᠠᠨ ᠲᠣᠭᠤᠷᠢᠭ ᠤᠨ ᠮᠡᠳᠡᠭᠦᠯᠦᠭᠰᠡᠨ ᠰᠠᠭᠤᠷᠢ ᠮᠠᠲ᠋ᠧᠷᠢᠶᠠᠯ ᠢ ᠭᠦᠨᠵᠡᠭᠡᠢ᠂ ᠨᠠᠷᠢᠯᠢᠭ ᠨᠤᠳᠠᠯᠠᠵᠤ ᠦᠨᠡᠯᠡᠪᠡ᠃    
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号