ᠣᠷᠳᠣᠰ ᠬᠤᠳᠠ  ᠶᠢᠨ ᠳ᠋ᠦᠩᠱᠧᠩ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠡᠬᠢ ᠪᠠᠶᠠᠯᠢᠭ ᠢ ᠨᠡᠶᠢᠳᠬᠡᠵᠦ ᠤᠨᠢᠨ ᠳᠡᠭᠡᠷ᠎ᠡ ᠨᠢ ᠦᠢᠯᠡᠴᠢᠯᠡᠬᠦ ᠠᠵᠢᠯ ᠢ ᠯᠠᠪᠳᠠᠭᠤᠨ ᠠᠬᠢᠭᠤᠯᠵᠤ ︽ᠮᠡᠳᠡᠷᠡᠯ ᠪᠠ ᠡᠷᠡᠬᠦᠯᠵᠢᠬᠦᠯᠬᠦ ᠶᠢ ᠤᠨᠢᠨ ᠳᠡᠭᠡᠷ᠎ᠡ ᠨᠢ  ᠠᠭᠤᠰᠤᠯᠴᠠᠭᠤᠯᠬᠤ ᠠᠵᠢᠯᠯᠠᠭ᠎ᠠ︾ ᠶᠢ ᠨᠠᠶᠢᠳᠠᠪᠤᠷᠢᠵᠢᠭᠤᠯᠤᠭᠠᠳ ᠦᠷ᠎ᠡ ᠪᠦᠳᠤᠮᠵᠢ ᠤᠯᠵᠤ ᠪᠠᠶᠢᠨ᠎ᠠ
ᠨᠡᠶᠢᠲᠡᠯᠡᠭᠰᠡᠨ ᠴᠠᠭ᠄
2024/7/25
    ᠣᠷᠳᠣᠰ ᠬᠤᠳᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨᠨ ᠤᠷᠴᠢᠮ  ᠤᠨ ᠵᠢᠯ ᠰᠢ ᠶᠢᠨ ᠫᠢᠡᠭ ᠶᠡᠷᠦᠩᠬᠡᠢ ᠱᠦᠵᠢ ᠶᠢᠨ ᠤᠶᠤᠨ  ᠤ ᠰᠠᠭᠠᠳ ᠲᠠᠢ ᠬᠥᠮᠥᠰ ᠢ ᠬᠠᠯᠠᠮᠵᠢᠯᠠᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠡᠬᠢ ᠪᠠᠶᠠᠯᠢᠭ ᠢ ᠡᠮᠬᠢᠯᠡᠨ᠂ ᠰᠠᠯᠠᠭ᠎ᠠ ᠮᠥᠴᠢᠷ ᠤᠳ ᠬᠤᠯᠪᠤᠭᠠᠯᠠᠨ ᠬᠥᠳᠡᠯᠦᠯᠴᠡᠵᠦ ︽ᠮᠡᠳᠡᠷᠡᠯ ᠪᠠ ᠡᠷᠡᠬᠦᠯᠵᠢᠬᠦᠯᠬᠦ ᠶᠢ ᠠᠭᠤᠰᠤᠯᠴᠠᠭᠤᠯᠬᠤ︾ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠣᠶᠤᠨ ᠤ ᠰᠠᠭᠠᠳ ᠲᠠᠢ ᠡᠪᠡᠳᠴᠢᠲᠡᠨ ᠪᠠ ᠭᠡᠷ ᠪᠦᠯᠢ ᠶᠢᠨ ᠬᠢᠨ ᠤ ᠳᠠᠷᠤᠭᠠᠰᠤ ᠶᠢ ᠬᠥᠩᠭᠡᠷᠡᠭᠦᠯᠵᠦ᠂ ᠣᠶᠤᠨ ᠤ ᠰᠠᠭᠠᠳ ᠲᠠᠢ ᠡᠪᠡᠳᠴᠢᠲᠡᠨ ᠪᠤᠯᠤᠨ ᠲᠡᠳᠡᠨ ᠤ ᠭᠡᠷ ᠪᠦᠯᠢ ᠶᠢᠨ ᠬᠢᠨ  ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠦᠨ᠂ ᠣᠶᠤᠨ ᠤ ᠰᠠᠭᠠᠳ ᠲᠠᠢ ᠡᠪᠡᠳᠴᠢᠲᠡᠨ ᠢ ᠬᠠᠪᠰᠤᠷᠤᠨ ᠡᠷᠲᠡᠬᠡᠨ ᠨᠡᠶᠢᠭᠡᠮ ᠳᠤ ᠠᠭᠤᠰᠤᠯᠴᠠᠭᠤᠯᠬᠤ ᠪᠠᠷ ᠴᠢᠷᠮᠠᠶᠢᠵᠤ ᠪᠠᠶᠢᠨ᠎ᠠ᠃      ᠨᠢᠭᠡ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠲᠡᠬᠡᠷ᠎ᠡ ᠬᠦᠴᠦ ᠪᠠᠨ ᠲᠥᠪᠯᠡᠷᠡᠭᠦᠯᠦᠨ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠮᠡᠳᠡᠷᠡᠯ ᠪᠠ ᠡᠷᠡᠬᠦᠯᠵᠢᠬᠦᠯᠬᠦ ᠶᠢ ᠠᠭᠤᠰᠤᠯᠴᠠᠭᠤᠯᠬᠤ ᠰᠢᠨ᠎ᠡ ᠲᠣᠭᠲᠠᠴᠠ ᠶᠢ ᠪᠠᠶᠢᠭᠤᠯᠪᠠ       ᠳ᠋ᠦᠩᠱᠧᠩ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ︽ᠵᠠᠰᠠᠭ ᠤᠨ ᠣᠷᠳᠣᠨ ᠢᠶᠠᠷ ᠭᠤᠣᠯᠯᠠᠭᠤᠯᠬᠤ᠂ ᠰᠠᠯᠠᠭ᠎ᠠ ᠮᠥᠴᠢᠷ ᠤᠨ ᠬᠢᠨ ᠬᠠᠮᠲᠤᠷᠠᠨ ᠬᠥᠳᠡᠯᠦᠯᠴᠡᠬᠦ᠂ ᠨᠡᠶᠢᠭᠡᠮ ᠤᠨ ᠬᠢᠨ ᠣᠷᠣᠯᠴᠠᠬᠤ᠂ ᠬᠡᠷᠡᠭᠴᠡᠭᠡ ᠱᠠᠭᠠᠷᠳᠠᠯᠭ᠎ᠠ ᠪᠠᠷ  ᠳᠠᠭᠠᠭᠤᠯᠬᠤ᠂ ᠲᠤᠰᠬᠠᠢ ᠦᠢᠯᠡᠴᠢᠯᠡᠭᠡ ᠬᠠᠩᠭᠠᠬᠤ᠂ ᠲᠥᠷᠥᠯ ᠬᠤᠪᠢᠶᠠᠨ ᠵᠢᠯᠤᠭᠤᠳᠬᠤ︾ ᠠᠵᠢᠯ ᠤᠨ ᠵᠠᠷᠴᠢᠮ ᠢ ᠪᠠᠷᠢᠮᠲᠠᠯᠠᠨ᠂ ᠣᠶᠤᠨ ᠤ ᠰᠠᠭᠠᠳ ᠲᠠᠢ ᠬᠦᠮᠦᠰ ᠲᠤ ᠨᠡᠶᠢᠭᠡᠮ ᠲᠣᠭᠤᠷᠢᠭ ᠤᠨ ᠡᠷᠡᠭᠦᠯᠵᠢᠯ ᠤᠨ ᠦᠢᠯᠡᠴᠢᠯᠡᠭᠡᠨ ᠤ ᠠᠵᠢᠯ ᠢ ᠡᠮᠬᠢ ᠵᠢᠷᠤᠮ ᠲᠠᠢ ᠥᠷᠨᠢᠭᠦᠯᠬᠦ ᠶᠢ ᠠᠬᠢᠭᠤᠯᠪᠠ᠃ ᠠᠵᠢᠯ ᠢ ᠥᠷᠨᠢᠭᠦᠯᠬᠦ ᠶᠠᠪᠤᠴᠠ ᠳᠤ ᠡᠬᠢ ᠪᠠᠶᠠᠯᠢᠭ᠂ ᠶᠠᠪᠤᠴᠠ᠂ ᠦᠢᠯᠡᠴᠢᠯᠡᠭᠡ ᠭᠤᠷᠪᠠ ᠶᠢ ᠠᠭᠤᠰᠤᠯᠴᠠᠭᠤᠯᠬᠤ᠂  ᠲᠥᠷᠥᠯ ᠵᠦᠢᠯ ᠤᠨ ᠴᠥᠷᠬᠡᠯᠡᠭᠡ᠂ ᠲᠤᠰᠬᠠᠢ ᠮᠡᠷᠭᠡᠵᠢᠯ ᠤᠨ ᠰᠢᠭᠢᠳᠬᠡᠯ᠂ ᠦᠢᠯᠡᠴᠢᠯᠡᠭᠡ ᠬᠤᠳᠠᠯᠳᠤᠨ ᠠᠪᠴᠤ ᠦᠭᠭᠦ ᠭᠤᠷᠪᠠᠨ ᠲᠠᠯ᠎ᠠ ᠶᠢᠨ ᠣᠷᠣᠭᠤᠯᠤᠯᠲᠠ᠂ ᠲᠥᠪ᠂ ᠥᠷᠲᠡᠭᠡ᠂ ᠪᠠᠶᠢᠭᠤᠯᠤᠮᠵᠢ ᠵᠡᠷᠭᠡ ᠭᠤᠷᠪᠠᠨ ᠲᠥᠷᠥᠯ ᠤᠨ ᠦᠢᠯᠡᠴᠢᠯᠡᠭᠡᠨ ᠤ ᠲᠠᠪᠴᠠᠩ᠂ ᠰᠦᠯᠵᠢᠶᠡᠨ ᠤ ᠵᠠᠰᠠᠯᠲᠠ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠬᠤᠣᠰ ᠴᠢᠭᠯᠡᠯ ᠢᠶᠠᠷ ᠰᠢᠯᠵᠢᠭᠦᠯᠦᠨ ᠲᠠᠨᠢᠯᠴᠠᠭᠤᠯᠬᠤ ᠭᠤᠷᠪᠠᠨ ᠰᠦᠯᠵᠢᠶ᠎ᠡ ᠶᠢ ᠬᠠᠷᠢᠯᠴᠠᠨ ᠨᠡᠪᠳᠡᠷᠡᠬᠦᠯᠬᠦ᠂ ᠦᠨᠳᠦᠰᠦᠨ ᠦᠢᠯᠡᠴᠢᠯᠡᠭᠡ᠂ ᠣᠨᠴᠠᠭᠠᠶ ᠬᠡᠷᠡᠭ ᠤᠨ ᠦᠢᠯᠡᠴᠢᠯᠡᠭᠡ᠂ ᠶᠡᠷᠦᠩᠬᠡᠶᠢᠯᠡᠭᠰᠡᠨ ᠦᠢᠯᠡᠴᠢᠯᠡᠭᠡ ᠵᠡᠷᠭᠡ ︽ᠲᠠᠪᠤᠨ ᠭᠤᠷᠪᠠᠨ ᠵᠠᠭᠪᠤᠷ︾ ᠢ  ᠬᠡᠷᠡᠭᠯᠡᠪᠡ᠃     ᠨᠢᠭᠡ ᠳᠤ᠂ ᠰᠢᠰᠲ᠋ᠧᠮ ᠤᠨ ᠪᠠᠶᠢᠭᠤᠯᠤᠯᠲᠠ ᠶᠢᠨ ᠠᠵᠢᠯᠯᠠᠭ᠎ᠠ᠃  ᠵᠢᠯᠤᠭᠤᠳᠬᠤ ᠲᠥᠪ 1᠂  ᠨᠡᠶᠢᠭᠡᠮ ᠲᠣᠭᠤᠷᠢᠭ ᠤᠨ ᠡᠷᠡᠭᠦᠯᠵᠢᠯ ᠤᠨ ᠦᠢᠯᠡᠴᠢᠯᠡᠭᠡᠨ ᠤ ᠥᠷᠲᠡᠭᠡ 8 ᠶᠢ ᠪᠠᠶᠢᠭᠤᠯᠵᠤ᠂ 4 ᠡᠮᠴᠢᠯᠡᠭᠡᠨ ᠤ ᠪᠠᠶᠢᠭᠤᠯᠤᠮᠵᠢ ᠪᠠ 15 ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠪᠠ ᠪᠤᠰᠤᠳ ᠡᠮᠴᠢᠯᠡᠭᠡᠨ ᠤ ᠪᠠᠶᠢᠭᠤᠯᠤᠮᠵᠢ ᠶᠢ ᠪᠦᠲᠦᠮᠵᠢᠲᠡᠶ ᠬᠤᠯᠪᠣᠪᠠ᠃ ᠬᠤᠶᠠᠷ ᠲᠤ᠂ ᠬᠤᠶᠠᠷ ᠴᠢᠭᠯᠡᠯ ᠢᠶᠠᠷ ᠰᠢᠯᠵᠢᠭᠦᠯᠦᠨ ᠲᠠᠨᠢᠯᠴᠠᠭᠤᠯᠬᠤ ᠠᠵᠢᠯᠯᠠᠭ᠎ᠠ᠃ ᠰᠦᠯᠵᠢᠶᠡᠨ ᠤ ᠵᠠᠰᠠᠯᠲᠠ᠂ ᠮᠡᠳᠡᠭᠡ ᠵᠠᠩᠭᠢ ᠶᠢᠨ ᠨᠡᠪᠲᠡᠷᠡᠯᠴᠡᠭᠡ᠂ ᠬᠤᠣᠰ ᠴᠢᠭᠯᠡᠯ ᠢᠶᠠᠷ ᠲᠠᠨᠢᠯᠴᠠᠭᠤᠯᠬᠤ ᠭᠤᠷᠪᠠᠨ ᠰᠦᠯᠵᠢᠶᠡᠨ ᠤ ᠨᠡᠪᠲᠡᠷᠡᠯᠴᠡᠭᠡ ᠶᠢ ᠪᠠᠶᠢᠭᠤᠯᠵᠤ᠂ ᠣᠶᠤᠨ ᠤ ᠲᠤᠰᠬᠠᠢ ᠡᠮᠨᠡᠯᠭᠡ ᠶᠢᠨ ᠬᠤᠷᠢᠶ᠎ᠠ᠂ ᠣᠶᠤᠨ  ᠤ ᠰᠠᠭᠠᠳ ᠲᠠᠢ ᠬᠦᠮᠦᠰ ᠤᠨ ᠨᠡᠶᠢᠭᠡᠮ ᠲᠣᠭᠤᠷᠢᠭ ᠤᠨ ᠡᠷᠡᠭᠦᠯᠵᠢᠯ ᠤᠨ ᠦᠢᠯᠡᠴᠢᠯᠡᠭᠡᠨ ᠤ ᠪᠠᠶᠢᠭᠤᠯᠤᠮᠵᠢ᠂ ᠨᠡᠶᠢᠭᠡᠮ ᠲᠣᠭᠤᠷᠢᠭ ᠤᠨ ᠬᠤᠣᠰ ᠴᠢᠭᠯᠡᠯ ᠢᠶᠠᠷ ᠲᠠᠨᠢᠯᠴᠠᠭᠤᠯᠬᠤ ᠲᠣᠭᠲᠠᠴᠠ ᠶᠢ ᠰᠠᠭᠠᠳ ᠦᠭᠡᠢ ᠨᠡᠪᠲᠡᠷᠡᠭᠦᠯᠪᠡ᠃ ᠭᠤᠷᠪᠠ ᠳᠤ᠂ ᠴᠢᠳᠠᠪᠤᠷᠢ ᠶᠢᠨ ᠬᠠᠩᠭᠠᠯᠭ᠎ᠠ ᠶᠢᠨ ᠠᠵᠢᠯᠯᠠᠭ᠎ᠠ᠃ ᠦᠨᠳᠦᠰᠦᠨ ᠦᠢᠯᠡᠴᠢᠯᠡᠭᠡ᠂ ᠣᠨᠴᠠᠭᠠᠶ ᠬᠡᠷᠡᠭ ᠤᠨ ᠦᠢᠯᠡᠴᠢᠯᠡᠭᠡ᠂ ᠶᠡᠷᠦᠩᠬᠡᠶᠢᠯᠡᠭᠰᠡᠨ ᠦᠢᠯᠡᠴᠢᠯᠡᠭᠡ  ᠶᠢ ᠥᠷᠨᠢᠭᠦᠯᠬᠦ ︽3+10+4︾ ︵ᠲᠤᠬᠠᠶᠢᠯᠠᠪᠠᠯ ᠵᠢᠯᠤᠭᠤᠳᠬᠤ ᠲᠥᠪ ᠨᠢ ᠪᠣᠯᠪᠠᠰᠤᠷᠠᠯ ᠤᠨ ᠬᠢᠨᠠᠨ ᠵᠢᠯᠤᠭᠤᠳᠬᠤ᠂ ᠦᠢᠯᠡᠴᠢᠯᠡᠭᠡᠨ ᠤ ᠵᠢᠱᠢᠶ᠎ᠡ ᠦᠵᠡᠭᠦᠯᠬᠦ᠂ ᠦᠨᠡᠯᠡᠬᠦ ᠰᠠᠨᠠᠭᠤᠯᠭ᠎ᠠ ᠵᠡᠷᠭᠡ 3 ᠵᠦᠢᠯ ᠤᠨ ᠦᠨᠳᠦᠰᠦᠨ ᠴᠢᠳᠠᠮᠵᠢ ᠪᠠᠷ ᠭᠤᠣᠯᠳᠠᠯᠭ᠎ᠠ ᠪᠣᠯᠭᠠᠵᠤ᠂ ᠨᠡᠶᠢᠭᠡᠮ ᠲᠣᠭᠤᠷᠢᠭ ᠤᠨ ᠥᠷᠲᠡᠭᠡ ᠨᠢ ᠡᠮ ᠤᠤᠭᠤᠬᠤ ᠪᠣᠯᠪᠠᠰᠤᠷᠠᠯ᠂ ᠠᠮᠢᠳᠤᠷᠠᠯ ᠪᠠ ᠨᠡᠶᠢᠭᠡᠮ ᠤᠨ ᠬᠠᠷᠢᠯᠴᠠᠭᠠᠨ ᠤ ᠤᠷ᠎ᠠ ᠴᠢᠳᠠᠪᠤᠷᠢ ᠶᠢᠨ ᠪᠣᠯᠪᠠᠰᠤᠷᠠᠯ᠂ ᠠᠵᠢᠯ ᠮᠡᠷᠭᠡᠵᠢᠯ ᠤᠨ ᠪᠣᠯᠪᠠᠰᠤᠷᠠᠯ᠂ ᠭᠡᠷ ᠲᠤ ᠪᠠᠨ ᠡᠷᠡᠭᠦᠯᠵᠢᠭᠦᠯᠬᠦ ᠵᠢᠯᠣᠭᠤᠳᠤᠯᠭ᠎ᠠ᠂ ᠰᠡᠳᠬᠢᠴᠡ ᠶᠢᠨ ᠰᠤᠪᠢᠯᠠᠯᠲᠠ᠂ ᠣᠨᠴᠠᠭᠠᠶ ᠬᠡᠷᠡᠭ ᠤᠨ ᠬᠠᠮᠢᠶᠠᠷᠤᠯᠲᠠ᠂ ᠳᠤᠭᠤᠶᠢᠯᠠᠩ ᠤᠨ ᠠᠵᠢᠯ᠂ ᠠᠵᠢᠯ ᠣᠯᠬᠤ᠂ ᠬᠠᠨᠢᠲᠠᠨ ᠢᠶᠠᠨ ᠳᠡᠮᠵᠢᠬᠦ᠂ ᠭᠡᠷ ᠪᠦᠯᠢ ᠶᠢᠨ ᠬᠥᠮᠥᠰ ᠲᠠᠢ ᠪᠠᠨ ᠰᠠᠨᠠᠭ᠎ᠠ ᠪᠤᠳᠤᠯ ᠢᠶᠠᠨ ᠰᠤᠯᠢᠯᠴᠠᠬᠤ ᠵᠡᠷᠭᠡ 10 ᠶᠠᠩᠵᠤ ᠶᠢᠨ ᠦᠢᠯᠡᠴᠢᠯᠡᠭᠡ ᠬᠠᠩᠭᠠᠬᠤ ᠶᠢᠨ ᠬᠠᠮᠲᠤ ᠬᠤᠭᠤᠯᠠ ᠤᠮᠳᠠ ᠳᠤ ᠲᠤᠰᠠᠯᠠᠬᠤ᠂ ᠤᠷᠠᠨ ᠰᠠᠶᠢᠬᠠᠨ ᠤ ᠦᠢᠯᠡᠴᠢᠯᠡᠭᠡ᠂ ᠲᠡᠳᠬᠦᠬᠦ᠂ ᠬᠠᠷᠢᠯᠴᠠᠨ ᠬᠥᠳᠡᠯᠦᠯᠴᠡᠬᠦ ᠵᠡᠷᠭᠡ 4 ᠲᠥᠷᠥᠯ ᠤᠨ ᠶᠡᠷᠦᠩᠬᠡᠶᠢᠯᠡᠭᠰᠡᠨ ᠦᠢᠯᠡᠴᠢᠯᠡᠭᠡ ᠶᠢ ᠬᠠᠮᠲᠤ ᠪᠠᠷ ᠡᠳ᠋ᠯᠡᠬᠦᠯᠪᠡ᠃ ᠲᠦᠷᠪᠡ ᠳᠤ᠂ ᠭᠤᠷᠪᠠᠨ ᠰᠢᠷᠢᠰ ᠦᠢᠯᠡᠴᠢᠯᠡᠭᠡ᠃ ᠭᠤᠷᠪᠠᠨ  ᠠᠵᠢᠯᠯᠠᠭ᠎ᠠ ᠶᠢ ᠠᠬᠢᠭᠤᠯᠤᠭᠰᠠᠨ ᠢᠶᠠᠷ ᠣᠶᠣᠨ ᠤ ᠰᠠᠭᠠᠳ ᠲᠠᠢ ᠬᠦᠮᠦᠰ ᠤᠨ ᠨᠡᠶᠢᠭᠡᠮ ᠲᠣᠭᠤᠷᠢᠭ ᠤᠨ ᠡᠷᠡᠭᠦᠯᠵᠢᠯ ᠤᠨ ᠦᠢᠯᠡᠴᠢᠯᠡᠭᠡᠨ ᠤ ︽ᠡᠮᠴᠢᠯᠡᠭᠡ︾ ︽ᠡᠷᠡᠭᠦᠯᠵᠢᠯ︾  ᠤᠨ ᠪᠠᠬᠢᠯᠡᠯᠲᠡ ᠶᠢ ᠪᠦᠲᠦᠮᠵᠢᠲᠡᠢ ᠨᠠᠪᠲᠠᠷᠡᠭᠦᠯᠵᠦ᠂ ᠣᠶᠣᠨ ᠤ ᠰᠠᠭᠠᠳ ᠲᠠᠶᠢᠥ ᠬᠦᠮᠦᠰ ᠤᠨ ᠨᠡᠶᠢᠭᠡᠮ ᠲᠣᠭᠤᠷᠢᠭ ᠤᠨ ᠡᠷᠡᠭᠦᠯᠵᠢᠯ ᠤᠨ ᠦᠢᠯᠡᠴᠢᠯᠡᠭᠡᠨ ᠤ ᠪᠠᠭᠤᠷᠠᠢ ᠭᠤᠭᠴᠤᠭ᠎ᠠ ᠶᠢ ᠨᠥᠬᠦᠪᠦᠷᠢᠯᠡᠵᠦ᠂ ᠳ᠋ᠦᠩᠱᠧᠩ ᠲᠣᠭᠤᠷᠢᠭ ᠤᠨ ︽ᠮᠡᠳᠡᠷᠡᠯ ᠪᠠ ᠡᠷᠡᠬᠦᠯᠵᠢᠬᠦᠯᠬᠦ ᠶᠢ ᠠᠭᠤᠰᠤᠯᠴᠠᠭᠤᠯᠬᠤ ᠠᠵᠢᠯᠯᠠᠭ᠎ᠠ︾ ᠶᠢ ᠭᠦᠨᠵᠡᠭᠡᠢ ᠠᠬᠢᠭᠤᠯᠪᠠ᠃        ᠬᠤᠶᠠᠷ᠂ ᠡᠬᠢ ᠪᠠᠶᠠᠯᠢᠭ ᠢ ᠡᠮᠬᠢᠯᠡᠨ ᠦᠢᠯᠡᠴᠢᠯᠡᠭᠡᠨ ᠤ ᠰᠠᠭᠤᠷᠢ ᠶᠢ ᠪᠠᠳᠤᠳᠬᠠᠵᠤ᠂ ᠲᠤᠰᠬᠠᠢ ᠮᠡᠷᠭᠡᠵᠢᠯ ᠤᠨ ᠴᠢᠳᠠᠪᠤᠷᠢ ᠪᠠᠷ ᠢᠶᠠᠨ ︽ᠣᠯᠠᠨ ᠡᠰᠢᠲᠦ ᠲᠤᠤᠷᠵᠢᠯ︾ ᠢ ᠪᠠᠶᠢᠭᠤᠯᠤᠯ᠎ᠠ       ᠨᠢᠭᠡ ᠳᠤ᠂ ᠡᠩᠨᠡᠭᠡᠨ ᠤ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠰᠬᠠᠢ ᠮᠡᠷᠭᠡᠵᠢᠯ ᠤᠨ ᠴᠢᠳᠠᠪᠤᠷᠢ ᠪᠠᠷ ᠢᠶᠠᠨ ︽ᠣᠯᠠᠨ ᠡᠰᠢᠲᠦ ᠲᠤᠤᠷᠵᠢᠯ︾ ᠢ ᠰᠦᠯᠵᠢᠪᠡ᠃ ᠳ᠋ᠦᠩᠱᠧᠩ ᠲᠣᠭᠤᠷᠢᠭ ᠤᠨ ᠣᠶᠣᠨ ᠤ ᠰᠠᠭᠠᠳ ᠲᠠᠢ ᠬᠦᠮᠦᠰ ᠤᠨ ᠨᠡᠶᠢᠭᠡᠮ ᠲᠣᠭᠤᠷᠢᠭ ᠤᠨ ᠡᠷᠡᠭᠦᠯᠵᠢᠯ ᠤᠨ ᠦᠢᠯᠡᠴᠢᠯᠡᠭᠡᠨ ᠤ ᠪᠦᠯᠬᠦᠮ ᠤᠨ ᠪᠦᠷᠢᠯᠳᠦᠭᠦᠨ  ᠨᠢ ᠣᠶᠣᠨ ᠤ ᠰᠠᠯᠠᠭᠠᠨ ᠤ ᠡᠮᠴᠢ᠂ ᠨᠡᠶᠢᠭᠡᠮ ᠤᠨ ᠠᠵᠢᠯᠲᠠᠨ᠂ ᠲᠤᠰᠬᠠᠢ ᠮᠡᠷᠭᠡᠵᠢᠯ ᠤᠨ ᠰᠤᠪᠢᠯᠠᠭᠴᠢ᠂ ᠰᠡᠳᠬᠢᠴᠡ ᠶᠢᠨ ᠵᠦᠪᠯᠡᠭᠴᠢ᠂ ᠡᠷᠡᠭᠦᠯᠵᠢᠭᠦᠯᠦᠭᠴᠢ ᠵᠡᠷᠭᠡ ᠲᠤᠰᠬᠠᠢ ᠮᠡᠷᠭᠡᠵᠢᠯ ᠤᠨ ᠠᠵᠢᠯᠲᠠᠨ ᠢᠶᠠᠷ ᠪᠦᠷᠢᠯᠳᠤᠪᠡ᠃ ᠡᠭᠦᠨ ᠤ ᠬᠠᠮᠲᠤ ᠳ᠋ᠦᠩᠱᠧᠩ ᠲᠣᠭᠤᠷᠢᠭ ᠤᠨ ︽1+8︾ ᠶᠢᠨ ᠨᠡᠶᠢᠭᠡᠮ ᠲᠣᠭᠤᠷᠢᠭ ᠤᠨ ᠡᠷᠡᠭᠦᠯᠵᠢᠯ ᠤᠨ ᠦᠢᠯᠡᠴᠢᠯᠡᠭᠡᠨ ᠤ ᠥᠷᠲᠡᠭᠡ ᠨᠢ ᠡᠯ᠎ᠡ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠳᠤ ᠲᠦᠰᠢᠭᠯᠡᠭᠰᠡᠨ ᠠᠴᠠ ᠪᠣᠯᠵᠤ᠂ ᠡᠷᠭᠢᠨ ᠲᠣᠭᠤᠷᠢᠨ ᠤ ᠣᠷᠴᠢᠨ ᠲᠣᠭᠤᠷᠢᠨ  ᠲᠥᠬᠦᠭᠡᠷᠦᠮᠵᠢ ᠪᠦᠷᠢᠨ ᠭᠦᠢᠴᠡᠳ᠂ ᠡᠯ᠎ᠡ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠨᠡᠶᠢᠭᠡᠮ ᠤᠨ ᠠᠵᠢᠯ ᠤᠨ ᠥᠷᠲᠡᠭᠡ᠂ ᠨᠠᠰᠤᠲᠠᠶᠢᠴᠤᠳ ᠲᠤ ᠲᠤᠰᠠᠯᠠᠬᠤ ᠬᠤᠭᠤᠯᠠᠨ ᠭᠡᠷ ᠲᠠᠢ ᠤᠶᠠᠯᠳᠤᠭᠤᠯᠤᠨ᠂ ᠥᠷᠲᠡᠭᠡ ᠴᠡᠭ ᠨᠢᠬᠡ ᠪᠦᠷᠢ ᠶᠢ ᠴᠥᠮ ︽ᠡᠮᠴᠢᠯᠡᠭᠡ︾ ︽ᠡᠷᠡᠭᠦᠯᠵᠢᠯ︾ ︽ᠰᠤᠪᠢᠯᠠᠯᠲᠠ︾ ᠶᠢ ᠤᠶᠠᠯᠳᠤᠭᠤᠯᠬᠤ ᠪᠤᠯᠭᠠᠵᠤ᠂ ᠵᠢᠯᠤᠭᠤᠳᠬᠤ ᠲᠥᠪ ᠤᠨ  ᠬᠢᠨ ᠲᠣᠭᠲᠠᠮᠠᠯ ᠬᠤᠭᠤᠴᠠᠭ᠎ᠠ ᠲᠠᠢ ᠦᠢᠯᠡᠴᠢᠯᠡᠭᠡᠨ ᠤ ᠵᠢᠱᠢᠶ᠎ᠡ ᠦᠵᠡᠭᠦᠯᠬᠦ ᠪᠠ ᠵᠢᠯᠤᠭᠤᠳᠴᠤ᠂ ᠡᠯ᠎ᠡ ᠥᠷᠲᠡᠭᠡ ᠴᠡᠭ ᠤᠨ ᠬᠢᠨ ᠴᠥᠮ ᠲᠤᠰᠬᠠᠢ ᠮᠡᠷᠭᠡᠵᠢᠯ ᠤᠨ ᠪᠣᠯᠪᠠᠰᠤᠷᠠᠯ᠂ ᠦᠢᠯᠡᠴᠢᠯᠡᠭᠡ ᠶᠢ ᠪᠡᠶᠡᠯᠡᠭᠦᠯᠵᠦ᠂ ᠲᠤᠰᠬᠠᠢ ᠮᠡᠷᠭᠡᠵᠢᠯ ᠤᠨ ᠠᠷᠭ᠎ᠠ ᠪᠠᠷ ᠡᠪᠡᠳᠴᠢᠲᠡᠨ ᠢ  ᠡᠷᠡᠬᠦᠯᠵᠢᠬᠦᠯᠬᠦ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠲᠤᠰᠬᠠᠢ ᠮᠡᠷᠭᠡᠵᠢᠯ ᠤᠨ ᠡᠷᠡᠭᠦᠯᠵᠢᠯ ᠤᠨ ᠦᠢᠯᠡᠴᠢᠯᠡᠭᠡᠨ ᠤ ᠴᠢᠳᠠᠪᠤᠷᠢ ᠶᠢᠨ ︽ᠣᠯᠠᠨ ᠡᠰᠢᠲᠦ ᠰᠦᠯᠵᠢᠶ᠎ᠡ︾ ᠶᠢ ᠲᠠᠰᠤᠷᠠᠯᠲᠠ ᠦᠭᠡᠢ ᠪᠠᠬᠢᠵᠢᠬᠦᠯᠵᠤ ᠪᠠᠶᠢᠨ᠎ᠠ᠃ ᠬᠤᠶᠠᠷ ᠲᠤ᠂ ᠦᠢᠯᠡᠴᠢᠯᠡᠭᠡᠨ ᠤ ᠦᠷ᠎ᠡ ᠪᠦᠲᠦᠮᠵᠢ ᠲᠡᠬᠡᠷ᠎ᠡ ᠠᠩᠬᠠᠷᠤᠯ ᠢᠶᠠᠨ ᠲᠥᠪᠯᠡᠷᠡᠭᠦᠯᠵᠦ᠂ ᠦᠢᠯᠡᠴᠢᠯᠡᠭᠡᠨ ᠤ ᠰᠢᠨ᠎ᠡ ᠠᠷᠭ᠎ᠠ ᠶᠢ ᠡᠭᠦᠳᠬᠦ ᠳᠡᠭᠡᠷ᠎ᠡ ᠬᠦᠴᠤᠯᠡᠪᠡ᠃ ᠳ᠋ᠦᠩᠱᠧᠩ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠵᠠᠰᠠᠭ ᠤᠨ ᠣᠷᠳᠣᠨ ᠠᠴᠠ ᠦᠢᠯᠡᠴᠢᠯᠡᠭᠡ ᠬᠤᠳᠠᠯᠳᠤᠨ ᠦᠭᠭᠦ ᠪᠠᠷ ᠳᠡᠮᠵᠢᠨ᠂ ᠬᠦᠨᠳᠡᠯᠡᠨ ᠤ ᠳ᠋ᠦᠩᠱᠧᠩ ᠲᠣᠭᠤᠷᠢᠭ ᠤᠨ ᠢᠦᠢ ᠴᠧᠩ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠥᠪ ᠲᠤ ᠨᠠᠶᠢᠳᠠᠵᠤ ᠣᠶᠤᠨ  ᠤ ᠰᠠᠭᠠᠳ ᠲᠠᠢ ᠬᠦᠮᠦᠰ ᠤᠨ ᠨᠡᠶᠢᠭᠡᠮ ᠲᠣᠭᠤᠷᠢᠭ ᠤᠨ ᠡᠷᠡᠭᠦᠯᠵᠢᠯ ᠤᠨ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ᠂ ᠡᠷᠡᠭᠦᠯᠵᠢᠯ ᠤᠨ ᠬᠡᠷᠡᠭᠴᠡᠭᠡ ᠱᠠᠭᠠᠷᠳᠠᠯᠭ᠎ᠠ ᠪᠦᠬᠦᠢ ᠤᠶᠤᠨ ᠤ ᠰᠠᠭᠠᠳ ᠲᠠᠢ 500  ᠭᠠᠷᠤᠢ ᠡᠪᠡᠳᠴᠢᠲᠡᠨ ᠳᠤ ᠦᠢᠯᠡᠴᠢᠯᠡᠭᠡ ᠬᠠᠩᠭᠠᠵᠤ᠂ ᠣᠶᠤᠨ  ᠤ ᠰᠠᠭᠠᠳ ᠲᠠᠢ ᠬᠦᠮᠦᠰ ᠤᠨ ᠨᠡᠶᠢᠭᠡᠮ ᠲᠣᠭᠤᠷᠢᠭ ᠤᠨ ᠡᠷᠡᠭᠦᠯᠵᠢᠯ ᠤᠨ ᠦᠢᠯᠡᠴᠢᠯᠡᠭᠡᠨ ᠤ 9 ᠵᠦᠢᠯ ᠤᠨ ᠪᠣᠯᠪᠠᠰᠤᠷᠠᠯ ᠤᠨ ᠱᠠᠭᠠᠷᠳᠠᠯᠭ᠎ᠠ ᠪᠠ ᠡᠪᠡᠳᠴᠢᠲᠡᠨ ᠤ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠣᠶᠤᠨ  ᠤ ᠰᠠᠭᠠᠳ ᠲᠠᠢ ᠬᠦᠮᠦᠰ ᠤᠨ ᠨᠡᠶᠢᠭᠡᠮ ᠲᠣᠭᠤᠷᠢᠭ ᠤᠨ ᠡᠷᠡᠭᠦᠯᠵᠢᠯ ᠤᠨ ᠦᠢᠯᠡᠴᠢᠯᠡᠭᠡᠨ ᠤ 8 ᠥᠷᠲᠡᠭᠡ ᠳᠤ ᠱᠠᠳᠤᠴᠢ ᠴᠢᠨᠠᠷ ᠲᠠᠢ ᠰᠢᠰᠲ᠋ᠧᠮ ᠤᠨ ᠡᠷᠡᠭᠦᠯᠵᠢᠯ ᠤᠨ ᠪᠣᠯᠪᠠᠰᠤᠷᠠᠯ ᠤᠨ ᠦᠢᠯᠡᠴᠢᠯᠡᠭᠡ 5 ᠲᠥᠷᠥᠯ᠂ 14 ᠲᠠᠯᠠᠪᠤᠷ ᠨᠡᠶᠢᠲᠡ 94 ᠤᠳᠠᠭ᠎ᠠ ᠥᠷᠨᠢᠭᠦᠯᠪᠡ᠃ ᠣᠶᠣᠨ  ᠤ ᠰᠠᠭᠠᠳ ᠲᠠᠢ ᠬᠦᠮᠦᠰ ᠤᠨ ᠨᠡᠶᠢᠭᠡᠮ ᠲᠣᠭᠤᠷᠢᠭ ᠤᠨ ᠡᠷᠡᠭᠦᠯᠵᠢᠯ ᠤᠨ ᠦᠢᠯᠡᠴᠢᠯᠡᠭᠡᠨ ᠤ ᠵᠢᠯᠤᠭᠤᠳᠬᠤ ᠲᠥᠪ ᠲᠤ ︽ᠳᠠᠳᠤᠯᠭ᠎ᠠ ᠪᠣᠯᠪᠠᠰᠤᠷᠠᠯ + ᠦᠢᠯᠡᠳᠦᠯᠭᠡ︾ ᠶᠢ ᠤᠶᠠᠯᠳᠤᠭᠤᠯᠤᠬᠰᠠᠨ ᠦᠢᠯᠡᠳᠦᠯᠭᠡ ᠶᠢᠨ ᠵᠢᠭᠠᠨ ᠰᠤᠷᠭᠠᠯᠲᠠ ᠶᠢᠨ ᠪᠣᠯᠪᠠᠰᠤᠷᠠᠯ ᠤᠨ ᠦᠢᠯᠡᠴᠢᠯᠡᠭᠡ ᠶᠢ 14 ᠭᠠᠷᠠᠭ ᠥᠷᠨᠢᠭᠦᠯᠵᠦ᠂ ᠣᠶᠣᠨ  ᠤ ᠰᠠᠭᠠᠳ ᠲᠠᠢ 57 ᠨᠠᠰᠤᠨ ᠳᠤ ᠬᠦᠷᠦᠭᠰᠡᠳ ᠲᠤ ᠡᠷᠡᠬᠦᠯᠵᠢᠯ ᠤᠨ ᠦᠢᠯᠡᠴᠢᠯᠡᠭᠡ ᠬᠠᠨᠭ᠍ᠭᠠᠵᠤ᠂ 16 ᠬᠥᠮᠥᠨ ᠢ ᠪᠤᠯᠪᠠᠰᠤᠷᠠᠭᠤᠯᠪᠠ᠃ ᠡᠭᠦᠨ ᠳᠤ᠂ ᠵᠢᠯᠤᠭᠤᠳᠬᠤ ᠲᠥᠪ ᠠᠴᠠ ᠬᠡᠪᠰᠢᠭᠰᠡᠨ ᠬᠢᠴᠢᠶᠡᠯ ᠤᠨ ᠪᠣᠯᠪᠠᠰᠤᠷᠠᠯ᠂ ᠥᠪᠡᠷ ᠢᠶᠠᠨ ᠦᠢᠯᠡᠳᠦᠭᠰᠡᠨ ᠪᠣᠯᠪᠠᠰᠤᠷᠠᠯ ᠤᠨ ᠵᠢᠭᠠᠬᠤ ᠮᠠᠲ᠋ᠧᠷᠢᠶᠠᠯ ᠢ ᠣᠷᠣᠭᠤᠯᠤᠨ ᠠᠪᠴᠢᠷᠠᠵᠤ᠂ ᠡᠯ᠎ᠡ ᠲᠥᠷᠥᠯ ᠤᠨ ᠪᠣᠯᠪᠠᠰᠤᠷᠠᠯ ᠢ ᠬᠢᠴᠢᠶᠡᠯ ᠳᠤ ᠣᠷᠣᠭᠤᠯᠤᠨ᠂ ᠡᠪᠡᠳᠴᠢᠲᠡᠨ ᠪᠣᠯᠭᠠᠨ ᠳᠤ ᠡᠳᠦᠷ ᠪᠦᠷᠢ ᠰᠢᠰᠲ᠋ᠧᠮ ᠲᠠᠢ ᠵᠢᠭᠠᠨ ᠰᠤᠷᠭᠠᠯᠲᠠ ᠬᠢᠵᠦ᠂ ᠪᠣᠯᠪᠠᠰᠤᠷᠠᠯ ᠤᠨ ᠪᠣᠳᠠᠲᠤ ᠦᠷ᠎ᠡ ᠪᠦᠲᠦᠮᠵᠢ ᠶᠢ ᠪᠠᠳᠤᠯᠠᠪᠠ ︽ᠮᠤᠨᠲ᠋ᠠᠽᠤᠯᠢ ᠶᠢᠨ ᠰᠤᠷᠭᠠᠨ ᠬᠥᠮᠦᠵᠢᠯ︾ ᠤᠨ ᠵᠢᠭᠠᠨ ᠰᠤᠷᠭᠠᠯᠲᠠ ᠶᠢᠨ ᠠᠷᠭ᠎ᠠ  ᠶᠢ ᠣᠷᠣᠭᠤᠯᠤᠨ ᠠᠪᠴᠢᠷᠠᠵᠤ᠂ ᠨᠠᠰᠤᠨ ᠳᠤ ᠥᠯᠥ ᠬᠦᠷᠦᠭᠰᠡᠨ 2 ᠡᠪᠡᠳᠴᠢᠲᠡᠨ ᠤ ᠠᠮᠢᠳᠤᠷᠠᠯ ᠤᠨ ᠤᠷ᠎ᠠ ᠴᠢᠳᠠᠪᠤᠷᠢ ᠶᠢ ᠢᠯᠡᠳᠲᠡ ᠳᠡᠭᠡᠭᠰᠢᠯᠡᠭᠦᠯᠵᠦ᠂ ᠤᠳᠤ ᠱᠠᠬᠠᠢ ᠶᠢᠨ ᠣᠭᠤᠰᠣᠷ ᠢᠶᠠᠨ ᠤᠶᠠᠬᠤ᠂ ᠭᠠᠵᠠᠷ ᠱᠦᠭᠦᠷᠳᠡᠬᠦ ᠵᠡᠷᠭᠡ ᠠᠵᠢᠯ ᠢ ᠬᠢᠵᠤ ᠴᠢᠳᠠᠬᠤ ᠪᠤᠯᠪᠠ᠃ ᠪᠡᠶ᠎ᠡ ᠶᠢᠨ ᠴᠢᠳᠠᠪᠤᠷᠢ ᠶᠢᠨ ᠪᠣᠯᠪᠠᠰᠤᠷᠠᠯ ᠤᠨ ᠲᠠᠯ᠎ᠠ ᠪᠠᠷ  10 ᠵᠦᠢᠯ ᠤᠨ ᠪᠡᠶ᠎ᠡ ᠶᠢᠨ ᠪᠣᠯᠪᠠᠰᠤᠷᠠᠯ ᠢ ᠬᠢᠯᠬᠡᠵᠤ᠂ ᠡᠪᠡᠳᠴᠢᠲᠡᠨ ᠤ ᠪᠡᠶ᠎ᠡ ᠮᠠᠬᠠᠪᠤᠳ ᠤᠨ ᠴᠢᠳᠠᠪᠬᠢ ᠶᠢ ᠮᠡᠳᠡᠭᠳᠡᠮ᠎ᠡ  ᠲᠡᠭᠡᠭᠰᠢᠯᠡᠬᠦᠯᠪᠡ᠃ ᠤᠷ᠎ᠠ ᠴᠢᠳᠠᠪᠤᠷᠢ ᠶᠢᠨ ᠪᠣᠯᠪᠠᠰᠤᠷᠠᠯ ᠪᠠ ᠦᠢᠯᠡᠳᠦᠯᠭᠡ ᠶᠢᠨ ᠠᠵᠢᠯ ᠣᠯᠭᠤᠯᠲᠠ ᠶᠢ ᠣᠷᠣᠭᠤᠯᠤᠨ ᠠᠪᠴᠢᠷᠠᠵᠤ᠂ 7 ᠨᠠᠰᠤᠨ ᠳᠤ ᠬᠦᠷᠦᠭᠰᠡᠨ ᠡᠪᠡᠳᠴᠢᠲᠡᠨ ᠢ ᠬᠠᠪᠰᠤᠷᠤᠨ ᠥᠷᠲᠡᠭᠡᠨ ᠳᠤ ᠬᠢ ᠦᠢᠯᠡᠳᠦᠯᠭᠡ ᠶᠢᠨ ᠠᠵᠢᠯ ᠳᠤ ᠣᠷᠣᠯᠴᠠᠭᠤᠯᠵᠤ᠂ ᠲᠥᠪ ᠤᠨ ᠰᠡᠭᠦᠯᠴᠢ ᠶᠢᠨ ᠬᠤᠭᠤᠴᠠᠭ᠎ᠠ᠂ ᠵᠠᠰᠠᠭ ᠵᠠᠬᠢᠷᠭᠠᠨ ᠤ ᠠᠵᠢᠯ ᠤᠨ ᠪᠠᠶᠢᠷᠢ ᠶᠢ ᠡᠭᠦᠷᠭᠡᠯᠡᠭᠦᠯᠦᠨ᠂ ᠠᠵᠢᠯ ᠮᠡᠷᠭᠡᠵᠢᠯ ᠤᠨ ᠡᠷᠡᠭᠦᠯᠵᠢᠯ ᠤᠨ ᠪᠣᠯᠪᠠᠰᠤᠷᠠᠯ ᠢ ᠪᠡᠶᠡᠯᠡᠬᠦᠯᠪᠡ᠃ ᠨᠡᠶᠢᠭᠡᠮ ᠤᠨ ᠡᠬᠢ ᠪᠠᠶᠠᠯᠢᠭ ᠢ ᠣᠷᠣᠭᠤᠯᠤᠨ ᠠᠪᠴᠢᠷᠠᠵᠤ᠂ ᠠᠵᠢᠯ ᠣᠯᠭᠤᠯᠲᠠ ᠶᠢᠨ ᠦᠢᠯᠡᠴᠢᠯᠡᠭᠡ ᠶᠢ ᠥᠷᠨᠢᠭᠦᠯᠦᠨ᠂ ᠡᠪᠡᠳᠴᠢᠲᠡᠨ᠂ ᠭᠡᠷ ᠪᠦᠯᠢ ᠶᠢᠨ ᠬᠢᠨ ᠤ ᠣᠷᠣᠯᠭ᠎ᠠ ᠤᠯᠭᠤᠵᠤ ᠦᠷ᠎ᠡ ᠠᠰᠢᠭ ᠢᠶᠠᠨ  ᠨᠡᠮᠡᠭᠳᠡᠬᠦᠯᠪᠡ ᠃ ᠨᠡᠶᠢᠭᠡᠮ ᠤᠨ ᠠᠵᠢᠯ ᠤᠨ ᠬᠢᠨ ᠢ ᠣᠷᠣᠭᠤᠯᠤᠨ ᠠᠪᠴᠢᠷᠠᠵᠤ᠂ ᠭᠡᠷ ᠪᠦᠯᠢ ᠶᠢ ᠨᠢ ᠲᠡᠮᠵᠢᠬᠦ ᠣᠯᠠᠨ ᠶᠠᠩᠵᠤ ᠶᠢᠨ   ᠦᠢᠯᠡᠴᠢᠯᠡᠭᠡ ᠶᠢ ᠥᠷᠨᠢᠭᠦᠯᠵᠦ᠂ ᠭᠡᠷ ᠪᠦᠯᠢ ᠶᠢᠨ ᠴᠢᠳᠠᠪᠤᠷᠢ ᠶᠢ ᠨᠡᠮᠡᠭᠳᠡᠭᠦᠯᠦᠨ ᠳᠠᠷᠤᠭᠠᠰᠤ ᠶᠢ ᠨᠢ ᠬᠦᠡᠭᠭᠡᠷᠡᠬᠦᠯᠵᠤ ᠴᠢᠳᠠᠯ᠎ᠠ᠃ ᠴᠢᠳᠠᠪᠤᠷᠢ ᠣᠯᠭᠤᠬᠤ ᠪᠦᠯᠬᠦᠮ ᠨᠡᠶᠢᠲᠡ ᠶᠢ ᠣᠷᠣᠭᠤᠯᠤᠨ ᠠᠪᠴᠢᠷᠠᠵᠤ᠂ ᠭᠡᠷ ᠪᠦᠯᠢ ᠶᠢᠨ ᠬᠢᠨ ᠳᠤ ᠨᠢ ᠴᠢᠳᠠᠪᠬᠢ ᠣᠯᠭᠤᠬᠤ ᠪᠣᠯᠪᠠᠰᠤᠷᠠᠯ ᠪᠠ ᠰᠡᠳᠬᠢᠴᠡ ᠶᠢᠨ ᠵᠢᠯᠣᠭᠤᠳᠤᠯᠭ᠎ᠠ ᠶᠢ ᠰᠠᠶᠢᠲᠤᠷ ᠬᠢᠵᠦ᠂ ᠡᠪᠡᠳᠴᠢᠲᠡᠨ ᠢ ᠬᠡᠷ ᠪᠦᠯᠢ ᠶᠢᠨ ᠬᠢᠨ ᠨᠢ ᠡᠷᠡᠬᠦᠯᠵᠢᠬᠦᠯᠬᠦ ᠪᠠᠳᠤᠯᠠᠭ᠎ᠠ ᠶᠢ ᠴᠢᠩᠭᠠᠳᠬᠠᠪᠠ᠃     ᠭᠤᠷᠪᠠ᠂ ᠨᠠᠷᠢᠯᠢᠭ ᠣᠨᠣᠴᠠᠲᠠᠢ ᠪᠠᠷ ᠦᠢᠯᠡᠴᠢᠯᠡᠵᠦ᠂ ᠡᠮᠨᠡᠨ ᠵᠠᠰᠠᠬᠤ ᠵᠠᠭᠪᠤᠷ ᠢ ᠪᠠᠶᠠᠯᠢᠭᠵᠢᠭᠤᠯᠤᠨ᠂ ᠡᠷᠡᠭᠦᠯᠵᠢᠯ ᠤᠨ ᠦᠢᠯᠡᠴᠢᠯᠡᠭᠡᠨ ᠤ ᠰᠢᠨ᠎ᠡ ᠬᠥᠭᠵᠢᠯᠲᠡ ᠶᠢ ᠠᠬᠢᠭᠤᠯᠪᠠ      ︽ᠮᠡᠳᠡᠷᠡᠯ ᠪᠠ ᠡᠷᠡᠬᠦᠯᠵᠢᠬᠦᠯᠬᠦ ᠶᠢ ᠤᠨᠢᠨ ᠳᠡᠭᠡᠷ᠎ᠡ ᠨᠢ  ᠠᠭᠤᠰᠤᠯᠴᠠᠭᠤᠯᠬᠤ ᠠᠵᠢᠯᠯᠠᠭ᠎ᠠ︾ ᠲᠠᠢ ᠤᠶᠠᠯᠳᠤᠭᠤᠯᠤᠨ᠂ ︽ᠠᠳᠠᠯᠢ ᠪᠤᠰᠤ ᠡᠪᠡᠳᠴᠢᠲᠡᠨ ᠤ ᠠᠳᠠᠯᠢ ᠪᠤᠰᠤ ᠬᠡᠷᠡᠭᠴᠡᠭᠡ ᠱᠠᠭᠠᠷᠳᠠᠯᠭ᠎ᠠ᠂ ᠠᠳᠠᠯᠢ ᠪᠤᠰᠤ ᠡᠪᠡᠳᠴᠢᠨ ᠤ ᠪᠠᠶᠢᠳᠠᠯ ᠢ ᠠᠳᠠᠯᠢ ᠪᠤᠰᠤ  ᠪᠠᠷ  ᠠᠷᠭᠠᠴᠠᠭᠠᠬᠤ᠂ ᠠᠳᠠᠯᠢ ᠪᠤᠰᠤ ᠨᠠᠰᠤᠨ ᠤ ᠬᠢᠨ ᠳᠤ ᠠᠳᠠᠯᠢ ᠪᠤᠰᠤ ᠠᠷᠭ᠎ᠠ ᠪᠠᠷᠢᠯ︾ ᠤᠨ ᠬᠡᠯᠪᠡᠷᠢ ᠶᠢᠨ ᠲᠣᠭᠤᠷᠢᠨ ᠳᠤ ︽ᠮᠡᠳᠡᠷᠡᠯ ᠪᠠ ᠡᠷᠡᠬᠦᠯᠵᠢᠬᠦᠯᠬᠦ ᠶᠢ ᠤᠨᠢᠨ ᠳᠡᠭᠡᠷ᠎ᠡ ᠨᠢ  ᠠᠭᠤᠰᠤᠯᠴᠠᠭᠤᠯᠬᠤ ᠠᠵᠢᠯᠯᠠᠭ᠎ᠠ︾ ᠶᠢ ᠵᠢᠷᠤᠮᠵᠢᠭᠤᠯᠬᠤ᠂ ᠪᠠᠷᠢᠮᠵᠢᠶᠠᠵᠢᠭᠤᠯᠬᠤ ᠪᠠ ᠲᠤᠰᠬᠠᠶᠢᠵᠢᠭᠤᠯᠬᠤ ᠲᠦᠪᠰᠢᠨ  ᠢ ᠴᠢᠷᠮᠠᠶᠢᠨ ᠳᠡᠭᠡᠭᠰᠢᠯᠡᠭᠦᠯᠵᠦ᠂ ᠦᠢᠯᠡᠴᠢᠯᠡᠭᠡᠨ ᠤ ᠠᠭᠤᠯᠭ᠎ᠠ ᠶᠢ ᠨᠠᠷᠢᠯᠢᠭᠵᠢᠭᠤᠯᠤᠨ᠂ ᠦᠢᠯᠡᠴᠢᠯᠡᠭᠡᠨ ᠤ ᠠᠷᠭ᠎ᠠ ᠶᠢ ᠲᠥᠷᠥᠯ ᠬᠤᠪᠢᠶᠠᠨ᠂ ᠪᠠᠶᠢᠷᠢᠰᠢᠭᠤᠯᠤᠯᠲᠠ ᠨᠢ ᠪᠦᠷᠢᠨ ᠲᠡᠭᠦᠯᠳᠡᠷ ᠪᠥᠭᠡᠳ ᠵᠦᠢ ᠵᠣᠬᠢᠰᠲᠠᠢ᠂ ᠦᠢᠯᠡᠴᠢᠯᠡᠭᠡᠨ ᠤ ᠭᠤᠣᠯ ᠰᠡᠳᠦᠪ ᠨᠢ ᠣᠯᠠᠨ ᠡᠰᠢᠵᠢᠭᠰᠡᠨ᠂ ᠬᠡᠯᠪᠡᠷᠢ ᠠᠷᠭ᠎ᠠ ᠨᠢ ᠠᠮᠢᠳᠤᠯᠢᠭ ᠪᠥᠭᠡᠳ ᠣᠯᠠᠨ ᠶᠠᠩᠵᠤ ᠶᠢᠨ᠂ ᠬᠠᠮᠢᠶᠠᠷᠤᠯᠲᠠ ᠶᠢᠨ ᠲᠣᠭᠲᠠᠴᠠ ᠶᠢᠨ ᠲᠤᠰᠬᠠᠢ ᠮᠡᠷᠭᠡᠵᠢᠯ ᠨᠢ ᠵᠢᠷᠤᠮᠵᠢᠭᠰᠠᠨ ᠣᠶᠤᠨ ᠤ ᠰᠠᠭᠠᠳ ᠲᠠᠢ ᠬᠦᠮᠦᠰ ᠤᠨ ᠨᠡᠶᠢᠭᠡᠮ ᠲᠣᠭᠤᠷᠢᠭ ᠤᠨ ᠡᠷᠡᠭᠦᠯᠵᠢᠯ ᠤᠨ ᠦᠢᠯᠡᠴᠢᠯᠡᠭᠡᠨ ᠤ ᠰᠢᠰᠲ᠋ᠧᠮ ᠢ ᠪᠦᠷᠢᠯᠳᠤᠬᠦᠯᠪᠡ᠃ ︽ᠪᠣᠳᠠᠲᠠᠢ ᠪᠣᠯᠪᠠᠰᠤᠷᠠᠯ + ᠦᠢᠯᠡᠳᠦᠯᠭᠡ︾ ᠶᠢᠨ ᠦᠢᠯᠡᠴᠢᠯᠡᠭᠡᠨ ᠤ ᠪᠣᠯᠪᠠᠰᠤᠷᠠᠯ ᠤᠨ ᠵᠠᠭᠪᠤᠷ ᠢ ᠦᠷᠭᠦᠯᠵᠢᠯᠡᠨ ᠲᠡᠭᠦᠯᠳᠡᠷᠵᠢᠭᠦᠯᠵᠦ᠂ ︽ᠭᠡᠰᠢᠭᠦᠨ ᠤ ᠳᠦᠷᠢᠮ︾ ᠤᠨ ᠬᠠᠮᠢᠶᠠᠷᠤᠯᠲᠠ ᠶᠢᠨ ᠠᠷᠭ᠎ᠠ ᠶᠢ ᠰᠢᠩᠭᠡᠬᠡᠨ ᠠᠪᠴᠤ   ᠣᠶᠤᠨ ᠤ ᠰᠠᠭᠠᠳ ᠲᠠᠢ ᠡᠪᠡᠳᠴᠢᠲᠡᠨ ᠪᠠ ᠭᠡᠷ ᠪᠦᠯᠢ ᠶᠢᠨ ᠬᠢᠨ ᠤ ᠬᠦᠷᠲᠡᠮᠵᠢ ᠶᠢᠨ ᠰᠡᠳᠬᠢᠯᠭᠡ᠂ ᠵᠣᠯ ᠵᠢᠷᠭᠠᠯᠲᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠦᠨ᠂ ᠠᠮᠤᠷ ᠲᠦᠪᠰᠢᠨ᠂ ᠲᠣᠭᠲᠠᠭᠤᠨ᠂ ᠡᠷᠡᠭᠦᠯ ᠴᠢᠭᠢᠷᠠᠭ᠂ ᠡᠮᠬᠢ ᠵᠢᠷᠤᠮ ᠲᠠᠢ ᠨᠡᠶᠢᠭᠡᠮ ᠤᠨ ᠣᠷᠴᠢᠨ ᠲᠣᠭᠤᠷᠢᠨ ᠢ ᠪᠣᠶ ᠪᠤᠯᠭᠠᠵᠤ ᠪᠠᠶᠢᠨ᠎ᠠ᠃  
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号