ᠰᠢᠯᠢ ᠶᠢᠨ ᠭᠤᠣᠯ ᠠᠶᠢᠮᠠᠭ ᠤᠨ ᠬᠢᠨ ᠨᠡᠶᠢᠭᠡᠮ ᠤᠨ ᠲᠤᠰᠠᠯᠠᠮᠵᠢ ᠶᠢᠨ ᠪᠠᠲᠤᠯᠠᠭ᠎ᠠ ᠶᠢᠨ ᠲᠣᠣᠷ ᠢ ᠨᠢᠭᠲᠠ ᠰᠦᠯᠵᠢᠵᠦ᠂ ᠬᠦᠴᠢᠷᠳᠡᠯᠲᠡᠢ ᠭᠡᠷ ᠪᠦᠯᠢ ᠶᠢᠨ ᠬᠢᠨ ᠤ ᠰᠡᠳᠬᠢᠯ ᠢ ᠲᠤᠯᠠᠭᠠᠴᠠᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/7/25
     ᠰᠢᠯᠢ ᠶᠢᠨ ᠭᠤᠣᠯ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠵᠢᠯ ᠤᠨ ᠡᠬᠢᠨ ᠠᠴᠠ  ᠨᠠᠭᠠᠰᠢ ᠢᠳᠡᠪᠬᠢᠲᠡᠢ ᠪᠠᠷ ᠰᠦᠪᠡᠭᠴᠢᠯᠡᠵᠦ ᠰᠢᠨ᠎ᠡ ᠶᠢ ᠡᠭᠦᠳᠴᠦ᠂ ᠬᠦᠴᠢᠷᠳᠡᠯᠲᠡᠢ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ︽ᠨᠡᠶᠢᠭᠡᠮ ᠤᠨ ᠲᠤᠰᠠᠯᠠᠮᠵᠢ ᠶᠢᠨ ᠳᠠᠭᠠᠳᠬᠠᠯ︾ ᠤᠨ ᠲᠥᠷᠥᠯ ᠵᠦᠢᠯ ᠢ ᠮᠠᠨ ᠤ ᠣᠷᠣᠨ ᠳᠤ ᠡᠩ ᠲᠡᠷᠢᠭᠦᠨ ᠳᠤ ᠬᠡᠷᠡᠭᠵᠢᠭᠦᠯᠵᠦ᠂ 7 ᠳ᠋ᠤᠭᠠᠷ ᠰᠠᠷ᠎ᠠ ᠠᠴᠠ ᠡᠬᠢᠯᠡᠨ ᠦᠵᠦᠮᠦᠴᠢᠨ ᠵᠡᠭᠦᠨ ᠬᠤᠰᠢᠭᠤ᠂ ᠦᠵᠦᠮᠦᠴᠢᠨ ᠪᠠᠷᠠᠭᠤᠨ ᠬᠤᠰᠢᠭᠤ᠂ ᠤᠯᠠᠭᠠᠢ ᠬᠠᠮᠢᠶᠠᠷᠤᠯᠲᠠ ᠶᠢᠨ ᠣᠷᠣᠨ ᠳᠤ ᠲᠤᠷᠰᠢᠨ ᠬᠡᠷᠡᠭᠵᠢᠭᠦᠯᠬᠦ ᠪᠠᠷ ᠪᠣᠶ᠃ ᠲᠠᠭᠠᠳᠬᠠᠯ ᠢ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠳᠡᠭᠰᠡᠳ᠂ ᠣᠨᠴᠠ ᠬᠦᠴᠢᠷᠳᠡᠯᠲᠡᠢ ᠬᠥᠮᠥᠰ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠨᠠᠭᠠᠨ᠎ᠠ ᠴᠠᠭᠠᠨ᠎ᠠ ᠪᠠᠶᠢᠭ᠎ᠠ ᠭᠡᠷ ᠪᠦᠯᠢ᠂ ᠵᠠᠶᠢᠯᠠᠰᠢ ᠦᠭᠡᠢ ᠵᠠᠷᠤᠯᠭ᠎ᠠ ᠲᠠᠢ ᠬᠦᠴᠢᠷᠳᠡᠯᠲᠡᠢ ᠭᠡᠷ ᠪᠦᠯᠢ᠂ ᠥᠨᠥᠴᠢᠨ ᠬᠡᠦᠬᠡᠳ ᠪᠠ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠳᠡᠵᠤ ᠪᠠᠶᠢᠭ᠎ᠠ ᠭᠡᠷ ᠪᠦᠯᠢ ᠳᠤ ᠬᠢ ᠨᠤᠴᠢᠳᠠᠢ ᠵᠡᠮᠳᠡᠭᠴᠤᠳ᠂ ᠳᠠᠬᠢᠨ ᠶᠠᠳᠠᠭᠤᠷᠠᠬᠤ ᠶᠢ ᠰᠡᠷᠬᠡᠶᠢᠯᠡᠬᠦ ᠬᠢᠨᠠᠯᠳᠠ ᠳᠤ ᠪᠠᠶᠢᠭ᠎ᠠ ᠬᠦᠮᠦᠰ ᠵᠡᠷᠭᠡ ᠲᠤᠯᠤᠭᠠᠨ ᠲᠥᠷᠥᠯ ᠤᠨ ᠬᠦᠴᠢᠷᠳᠡᠯᠲᠡᠢ ᠬᠥᠮᠥᠰ ᠪᠣᠯᠣᠨ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ  ᠶᠢᠨ ᠬᠡᠷᠡᠭ ᠡᠷᠬᠢᠯᠡᠬᠦ ᠭᠠᠵᠠᠷ︶ ᠶᠢᠨ ᠠᠷᠠᠳ ᠤᠨ ᠶᠠᠪᠤᠳᠠᠯ ᠤᠨ ᠲᠤᠰᠠᠯᠠᠭᠴᠢ᠂ ᠬᠡᠦᠬᠡᠳ ᠤᠨ ᠬᠢᠨᠠᠨ ᠵᠢᠯᠣᠭᠤᠳᠤᠭᠴᠢ ᠪᠣᠯᠣᠨ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠨᠡᠶᠢᠭᠡᠮ ᠤᠨ ᠲᠤᠰᠠᠯᠠᠮᠵᠢ ᠶᠢᠨ ᠲᠤᠰᠠᠯᠠᠭᠴᠢ ᠵᠡᠷᠭᠡ ᠭᠤᠷᠪᠠᠨ ᠲᠥᠷᠥᠯ ᠤᠨ ᠦᠨᠳᠦᠰᠦᠨ ᠱᠠᠲᠤᠨ ᠤ ᠠᠷᠠᠳ ᠤᠨ ᠶᠠᠪᠤᠳᠠᠯ ᠤᠨ ᠠᠵᠢᠯᠲᠠᠨ ᠵᠡᠷᠬᠡ 10 ᠲᠦᠷᠤᠯ ᠤᠨ ᠬᠦᠮᠦᠰ ᠲᠤ ᠬᠦᠷᠳᠡᠬᠡᠵᠤ᠂ 10000 ᠰᠢᠬᠠᠮ ᠬᠥᠮᠥᠨ ᠳᠤ ︽ᠨᠡᠶᠢᠭᠡᠮ ᠤᠨ  ᠲᠤᠰᠠᠯᠠᠮᠵᠢ  ᠶᠢᠨ ᠳᠠᠭᠠᠳᠬᠠᠯ︾ ᠬᠤᠳᠠᠯᠳᠤᠨ ᠠᠪᠴᠤ ᠥᠭᠪᠡ᠃    ︽ᠨᠡᠶᠢᠭᠡᠮ ᠤᠨ  ᠲᠤᠰᠠᠯᠠᠮᠵᠢ ᠶᠢᠨ ᠳᠠᠭᠠᠳᠬᠠᠯ︾ ᠳᠤ ᠡᠮᠴᠢᠯᠡᠭᠡᠨ ᠤ ᠵᠠᠷᠤᠯᠭ᠎ᠠ ᠶᠢᠨ ᠲᠡᠳᠬᠦᠮᠵᠢ᠂  ᠠᠳᠡᠯ  ᠤᠨ ᠲᠤᠬᠠᠢ  ᠲᠤᠰᠠᠯᠠᠮᠵᠢ᠂  ᠠᠶᠤᠯ ᠦᠬᠡᠢ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠲᠤᠰᠠᠯᠠᠮᠵᠢ ᠵᠡᠷᠭᠡ ᠭᠤᠷᠪᠠᠨ ᠲᠠᠯ᠎ᠠ ᠶᠢᠨ ᠠᠭᠤᠯᠭ᠎ᠠ ᠶᠢ ᠬᠠᠮᠤᠷᠴᠤ᠂ ᠡᠩ ᠤᠨ ᠬᠦᠴᠢᠷᠳᠡᠯ᠂ ᠨᠡᠯᠢᠶᠡᠳ ᠬᠦᠴᠢᠷᠳᠡᠯ᠂ ᠣᠨᠴᠠᠭᠠᠶ ᠬᠦᠴᠢᠷᠳᠡᠯ ᠵᠡᠷᠭᠡ ᠭᠤᠷᠪᠠᠨ ᠲᠠᠰ ᠢᠶᠠᠷ ᠲᠥᠷᠥᠯ ᠬᠤᠪᠢᠶᠠᠨ ᠲᠥᠯᠥᠪᠦᠷᠢ ᠥᠭᠬᠦ ᠪᠠᠷᠢᠮᠵᠢᠶ᠎ᠠ ᠶᠢ ᠲᠤᠬᠳᠠᠭᠠᠪᠠ᠃ ᠬᠦᠴᠢᠷᠳᠡᠯᠲᠡᠢ ᠬᠦᠮᠦᠰ ᠲᠤ ᠣᠲᠣ ᠶᠢᠨ ᠬᠡᠷᠡᠭᠵᠢᠭᠦᠯᠵᠦ ᠪᠠᠶᠢᠭ᠎ᠠ ᠲᠥᠷᠥ ᠶᠢᠨ ᠪᠣᠳᠣᠯᠭ᠎ᠠ ᠪᠠᠷ ᠲᠤᠰᠠᠯᠠᠭᠰᠠᠨ ᠤ ᠳᠠᠷᠠᠭ᠎ᠠ᠂ ᠦᠨᠳᠦᠰᠦᠨ ᠠᠮᠢᠳᠤᠷᠠᠯ ᠨᠢ ᠮᠥᠨ ᠬᠦ ᠬᠦᠴᠢᠷᠳᠡᠯᠲᠡᠢ ᠭᠡᠷ ᠪᠦᠯᠢ ᠪᠠ ᠬᠤᠪᠢ ᠬᠥᠮᠥᠨ ᠳᠤ ᠨᠡᠶᠢᠭᠡᠮ ᠤᠨ ᠲᠤᠰᠠᠯᠠᠮᠵᠢ ᠶᠢᠨ ᠳᠠᠭᠠᠳᠬᠠᠯ ᠤᠨ ᠲᠥᠯᠥᠪᠦᠷᠢ ᠶᠢ ᠦᠭᠭᠦᠨ᠎ᠡ᠃ ︽ᠨᠡᠶᠢᠭᠡᠮ ᠤᠨ  ᠲᠤᠰᠠᠯᠠᠮᠵᠢ ᠶᠢᠨ ᠳᠠᠭᠠᠳᠬᠠᠯ︾  ᠨᠢ ᠬᠦᠴᠢᠷᠳᠡᠯᠲᠡᠢ ᠬᠦᠮᠦᠰ ᠢ ᠲᠤᠰᠠᠯᠠᠬᠤ ᠲᠥᠷᠥ ᠶᠢᠨ ᠪᠣᠳᠣᠯᠭ᠎ᠠ ᠠᠴᠠ ᠭᠠᠳᠠᠨᠠᠬᠢ ᠴᠢᠬᠤᠯᠠ ᠨᠥᠬᠦᠪᠦᠷᠢ ᠪᠣᠯᠤᠭᠰᠠᠨ ᠤ ᠬᠤᠪᠢ ᠳᠤ ᠲᠥᠷᠥ ᠶᠢᠨ ᠪᠣᠳᠣᠯᠭ᠎ᠠ ᠠᠴᠠ ᠭᠠᠳᠠᠨᠠᠬᠢ ᠬᠦᠴᠢᠷ ᠲᠦᠪᠡᠭᠲᠡᠢ ᠬᠡᠮ ᠠᠷᠬᠠᠭ ᠢ ᠪᠦᠲᠦᠮᠵᠢᠲᠡᠶ ᠰᠢᠢᠳᠪᠦᠷᠢᠯᠡᠵᠦ᠂ ᠬᠦᠴᠢᠷᠳᠡᠯᠲᠡᠢ ᠬᠦᠮᠦᠰ ᠢ ᠲᠤᠬᠠᠢ ᠳᠤ ᠨᠢ ᠨᠡᠩ ᠰᠠᠶᠢᠨ ᠲᠤᠰᠠᠯᠠᠵᠤ᠂ ︽ᠦᠨᠳᠦᠰᠦᠨ ᠪᠠᠳᠤᠯᠠᠭ᠎ᠠ︾ ︽ᠲᠣᠭᠲᠠᠭᠤᠨ ᠢ ᠡᠵᠡᠮᠳᠡᠬᠦ︾ ᠦᠢᠯᠡᠳᠦᠯ ᠢ ᠴᠢᠩᠭᠠᠳᠬᠠᠬᠤ ᠪᠤᠯᠤᠨ᠎ᠠ᠃    ᠰᠢᠯᠢ ᠶᠢᠨ ᠭᠤᠣᠯ ᠠᠶᠢᠮᠠᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠲᠠᠷᠠᠭᠠᠴᠢ ᠪᠠᠷ ᠳᠠᠭᠠᠳᠬᠠᠯ ᠤᠨ ᠺᠣᠮᠫᠠᠨᠢ ᠶᠢ ᠵᠣᠬᠢᠴᠠᠭᠤᠯᠵᠤ ᠪᠠᠶᠢᠭᠠᠳ ︽ᠨᠡᠶᠢᠭᠡᠮ ᠤᠨ ᠲᠤᠰᠠᠯᠠᠮᠵᠢ ᠶᠢᠨ ᠳᠠᠭᠠᠳᠬᠠᠯ︾ ᠤᠨ ᠲᠥᠷᠥᠯ ᠵᠦᠢᠯ ᠢ ᠰᠠᠶᠢᠲᠤᠷ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠷᠠᠳ ᠲᠤ ᠠᠰᠢᠭ ᠬᠦᠷᠲᠡᠭᠡᠬᠦ ᠡᠨᠡ ᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠯᠳᠠ ᠶᠢ ᠪᠠᠲᠤᠯᠠᠵᠤ᠂ ᠬᠦᠴᠢᠷᠳᠡᠯᠲᠡᠢ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ  ᠠᠮᠤᠭᠤᠯᠠᠩ ᠲᠥᠷᠥᠭᠳᠡᠯ ᠢ ᠤᠯᠠᠮ ᠨᠡᠮᠡᠭᠳᠡᠬᠦᠯᠬᠦ ᠪᠠᠷ ᠴᠢᠷᠮᠠᠶᠢᠨ᠎ᠠ᠃  
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号