ᠰᠦᠨ ᠱᠤᠤ ᠴᠧᠩ ᠰᠢᠶᠠᠩᠭᠠᠩ ᠤᠨ ᠳ᠋ᠠ ᠭᠦᠩ ᠸᠧᠨ ᠬᠤᠢ ᠵᠠᠭᠤᠴᠢᠯᠠᠭᠤᠷ ᠤᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠯᠢ ᠳ᠋ᠡ ᠬᠤᠩ ᠲᠠᠢ ᠠᠭᠤᠯᠵᠠᠪᠠ
ᠨᠡᠶᠢᠲᠡᠯᠡᠭᠰᠡᠨ ᠴᠠᠭ᠄
2024/7/25
   ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠸ ᠴᠧᠩ 7 ᠳ᠋ᠤᠭᠠᠷ ᠰᠠᠷ᠎ᠠ ᠶᠢᠨ 24 ᠤ ᠡᠳᠦᠷ ᠬᠥᠬᠡᠬᠤᠲᠠ ᠳᠤ ᠰᠢᠶᠠᠩᠭᠠᠩ ᠤᠨ ᠳ᠋ᠠ ᠬᠥᠩ ᠸᠧᠨ ᠾᠦᠢ ᠵᠠᠭᠤᠴᠢᠯᠠᠭᠤᠷ ᠤᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠯᠢ ᠳ᠋ᠡ ᠬᠤᠩ ᠲᠠᠢ ᠠᠭᠤᠯᠵᠠᠪᠠ᠃
W020240725290029490457_ORIGIN.jpg
    ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠸ ᠴᠧᠩ 7 ᠳ᠋ᠤᠭᠠᠷ ᠰᠠᠷ᠎ᠠ ᠶᠢᠨ 24 ᠤ ᠡᠳᠦᠷ ᠬᠥᠬᠡᠬᠤᠲᠠ ᠳᠤ ᠰᠢᠶᠠᠩᠭᠠᠩ ᠤᠨ ᠳ᠋ᠠ ᠬᠥᠩ ᠸᠧᠨ ᠾᠦᠢ ᠵᠠᠭᠤᠴᠢᠯᠠᠭᠤᠷ ᠤᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠯᠢ ᠳ᠋ᠡ ᠬᠤᠩ ᠲᠠᠢ  ᠠᠭᠤᠯᠵᠠᠵᠤ ᠪᠠᠶᠢᠭ᠎ᠠ  ᠨᠢ
W020240725290029525996_ORIGIN.jpg
   ᠰᠦᠨ ᠱᠤᠤ ᠴᠧᠩ᠂ ᠯᠢ ᠳ᠋ᠡ ᠬᠤᠩ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠰᠢᠶᠠᠩᠭᠠᠩ ᠤᠨ ᠳ᠋ᠠ ᠬᠦᠩ  ᠸᠧᠨ ᠬᠤᠢ ᠵᠠᠭᠤᠴᠢᠯᠠᠭᠤᠷ ᠤᠨ ᠪᠦᠯᠦᠭᠯᠡᠯ ᠤᠨ ᠬᠢᠨ ᠤ ᠤᠷᠳᠤ ᠬᠤᠭᠤᠴᠠᠭᠠᠨ ᠤ ᠲᠤᠷᠰᠢ ᠥᠪᠥᠷ ᠮᠣᠩᠭᠤᠯ ᠳᠤ ᠦᠵᠡᠭᠦᠯᠦᠭᠰᠡᠨ ᠳᠡᠮᠵᠢᠯᠭᠡ ᠳᠤ  ᠲᠠᠯᠠᠷᠬᠠᠯ ᠢᠯᠡᠷᠬᠡᠶᠢᠯᠡᠭᠰᠡᠨ ᠤ ᠬᠠᠮᠲᠤ ᠰᠢ ᠶᠢᠨ ᠫᠢᠩ ᠶᠡᠷᠤᠩᠭᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠤᠭᠰᠠᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃ ᠰᠦᠨ ᠱᠤᠤ ᠴᠸᠡᠭ᠄ ︽ᠥᠪᠥᠷ ᠮᠣᠩᠭᠤᠯ ᠤᠨ ᠨᠤᠲᠤᠭ ᠳᠡᠪᠢᠰᠬᠡᠷ ᠥᠷᠭᠡᠨ ᠠᠭᠤᠳᠠᠮ᠂ ᠪᠠᠶᠢᠭᠠᠯᠢ ᠶᠢᠨ ᠥᠩᠭᠡ ᠦᠵᠡᠮᠵᠢ ᠥᠪᠡᠷᠮᠢᠴᠡ ᠣᠨᠴᠠᠯᠢᠭ ᠲᠠᠢ᠂ ᠲᠡᠦᠬᠡ ᠰᠣᠶᠣᠯ ᠭᠦᠨ ᠵᠤᠵᠠᠭᠠᠨ ᠶᠤᠮ᠂ ᠰᠢᠶᠠᠩᠭᠠᠩ ᠤᠨ ᠡᠯ᠎ᠡ ᠡᠲᠡᠭᠡᠳ ᠤᠨ ᠨᠠᠶᠢᠵᠢ ᠨᠠᠷ ᠪᠣᠯᠣᠨ ᠵᠠᠯᠠᠭᠤᠴᠤᠳ ᠪᠠᠭᠠᠴᠤᠳ ᠤᠨ ᠥᠪᠥᠷ ᠮᠣᠩᠭᠤᠯ ᠳᠤ ᠢᠯᠡᠭᠦᠬᠡᠨ ᠢᠷᠡᠵᠤ ᠲᠣᠭᠤᠷᠢᠨ ᠦᠵᠡᠵᠦ᠂ ᠥᠪᠥᠷ ᠮᠣᠩᠭᠤᠯ ᠢ ᠭᠦᠨᠵᠡᠭᠡᠢ ᠣᠶᠢᠯᠠᠭᠠᠬᠤ ᠶᠢ ᠪᠠᠶᠠᠷᠯᠠᠨ ᠤᠭᠲᠤᠵᠤ ᠪᠠᠶᠢᠨ᠎ᠠ᠃ ᠰᠢᠶᠠᠩᠭᠠᠩ ᠤᠨ ᠳ᠋ᠠ ᠭᠦᠩ ᠸᠧᠨ ᠬᠤᠢ  ᠵᠠᠭᠤᠴᠢᠯᠠᠭᠤᠷ ᠤᠨ ᠪᠦᠯᠦᠭᠯᠡᠯ ᠤᠨ ᠬᠢᠨ ᠭᠤᠣᠯ ᠵᠠᠭᠤᠴᠢᠯᠠᠭᠤᠷ ᠤᠨ ᠳᠠᠪᠠᠭᠤᠯᠢᠭ ᠢᠶᠠᠨ ᠪᠠᠳᠠᠷᠠᠭᠤᠯᠵᠤ᠂ ᠥᠪᠥᠷ ᠮᠣᠩᠭᠤᠯ ᠤᠨ ᠬᠥᠭᠵᠢᠯᠲᠡ ᠶᠢᠨ ᠦᠷ᠎ᠡ ᠪᠦᠲᠦᠭᠡᠯ ᠪᠣᠯᠣᠨ ᠥᠷᠭᠡᠨ ᠠᠭᠤᠳᠠᠮ ᠠᠯᠤᠰ ᠢᠷᠡᠭᠡᠳᠦᠢ ᠶᠢ ᠢᠳᠡᠪᠬᠢᠲᠡᠢ ᠤᠬᠠᠭᠤᠯᠵᠤ᠂ ᠥᠪᠥᠷ ᠮᠣᠩᠭᠤᠯ ᠤᠨ ᠰᠠᠶᠢᠨ ᠰᠠᠶᠢᠬᠠᠨ ᠳᠦᠷᠢ ᠲᠥᠷᠬᠦ ᠶᠢ ᠨᠡᠩ ᠰᠠᠶᠢᠨ ᠲᠡᠨᠢᠭᠤᠯᠬᠤ ᠳᠤ ᠬᠦᠴᠦᠨ ᠨᠡᠮᠡᠷᠢᠯᠡᠵᠦ᠂ ᠰᠢᠶᠠᠩᠭᠠᠩ ᠤᠨ ᠨᠡᠩ ᠤᠯᠠᠨ ᠠᠵᠤ ᠠᠬᠤᠶᠢᠯᠠᠯ ᠤᠨ ᠥᠪᠥᠷ ᠮᠣᠩᠭᠤᠯ ᠳᠤ ᠢᠷᠡᠵᠤ ᠪᠡᠯᠡ ᠣᠷᠣᠭᠤᠯᠤᠨ ᠦᠢᠯᠡᠰ ᠪᠣᠰᠬᠠᠬᠤ ᠶᠢ ᠬᠦᠰᠡᠵᠦ ᠪᠠᠶᠢᠨ᠎ᠠ ᠃ ᠪᠢᠳᠡ ᠶᠠᠭ ᠭᠤᠸᠠᠩᠳᠦ᠋ᠩ ᠰᠢᠶᠠᠩᠭᠠᠩ ᠣᠣᠮᠧᠨ ᠤ ᠶᠡᠭᠡ ᠪᠤᠯᠤᠩ ᠤᠨ ᠣᠷᠣᠨ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ ᠪᠠᠶᠢᠨ᠎ᠠ᠂ ᠰᠢᠶᠠᠩᠭᠠᠩ ᠤᠨ ᠳ᠋ᠠ ᠭᠦᠩ ᠸᠧᠨ ᠬᠤᠢ ᠵᠠᠭᠤᠴᠢᠯᠠᠭᠤᠷ ᠤᠨ ᠪᠦᠯᠦᠭᠯᠡᠯ ᠤᠨ ᠬᠢᠨ ᠢᠯᠡᠭᠦᠬᠡᠨ   ᠬᠤᠯᠪᠣᠭᠠᠰᠤ ᠪᠣᠯᠵᠤ᠂ ᠥᠪᠥᠷ ᠮᠣᠩᠭᠤᠯ ᠪᠣᠯᠣᠨ ᠰᠢᠶᠠᠩᠭᠠᠩ ᠬᠤᠶᠠᠷ ᠭᠠᠵᠠᠷ ᠤᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠪᠣᠯᠣᠨ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠴᠢᠨᠠᠭᠰᠢᠳᠠ ᠭᠦᠨᠵᠡᠭᠡᠶᠢᠷᠡᠭᠦᠯᠬᠦ ᠶᠢ ᠬᠦᠰᠡᠵᠦ ᠪᠠᠶᠢᠨ᠎ᠠ︾ ᠬᠡᠵᠡᠢ᠃    ᠯᠢ ᠳ᠋ᠡ ᠬᠤᠩ ᠪᠦᠯᠦᠭᠯᠡᠯ ᠤᠨ ᠬᠥᠭᠵᠢᠯᠲᠡ ᠪᠠ ︽ᠹᠠᠨ ᠴᠠᠩ ᠵᠢᠶᠠᠩ ᠤᠨ ᠠᠵᠢᠯᠯᠠᠭ᠎ᠠ — ᠰᠢᠶᠠᠩᠭᠠᠩ ᠤᠨ ᠵᠠᠭᠤᠴᠢᠯᠠᠭᠤᠷ ᠤᠨ ᠰᠤᠷᠤᠭᠴᠢᠳ ᠤᠨ ᠥᠪᠥᠷ ᠮᠣᠩᠭᠤᠯ ᠳᠤ ᠬᠢ ᠠᠶᠠᠯᠠᠯ︾  ᠤᠨ ᠰᠣᠷᠪᠤᠯᠵᠢᠯᠠᠭ᠎ᠠ ᠶᠢᠨ ᠠᠵᠢᠯᠯᠠᠭ᠎ᠠ ᠶᠢᠨ ᠬᠠᠮᠢᠶ᠎ᠠ ᠪᠦᠬᠦᠢ ᠪᠠᠶᠢᠳᠠᠯ ᠢ ᠲᠠᠨᠢᠯᠴᠠᠭᠤᠯᠵᠤ᠂ ᠥᠪᠥᠷ ᠮᠣᠩᠭᠤᠯ ᠤᠨ ᠬᠢᠨ ᠠᠵᠢᠯᠯᠠᠭ᠎ᠠ ᠶᠢ ᠴᠢᠬᠤᠯᠠᠴᠢᠯᠠᠨ ᠦᠵᠡᠵᠦ ᠳᠡᠮᠵᠢᠭᠰᠡᠨ ᠳᠤ ᠲᠠᠯᠠᠷᠬᠠᠪᠠ᠃ᠯᠢ ᠳ᠋ᠡ ᠬᠤᠩ᠄ ︽ᠥᠪᠥᠷ ᠮᠣᠩᠭᠤᠯ  ᠤᠷᠴᠢᠮ ᠤᠨ ᠵᠢᠯ ᠯᠤᠲᠤ ᠶᠡᠭᠡ ᠬᠤᠪᠢᠷᠠᠯᠲᠠ ᠭᠠᠷᠴᠤ᠂ ᠬᠤᠳᠠ ᠬᠥᠳᠡᠭᠡ ᠶᠢᠨ ᠳᠦᠷᠰᠦ ᠪᠠᠶᠢᠳᠠᠯ ᠴᠣ᠋ ᠰᠢᠨ᠎ᠡ ᠪᠣᠯᠵᠤ᠂ ᠺᠠᠳ᠋ᠷ ᠤᠯᠠᠨ ᠲᠦᠮᠡᠨ ᠤ ᠴᠤᠭ ᠵᠢᠪᠬᠤᠭ᠎ᠠ ᠲᠡᠭᠦᠯᠳᠡᠷ ᠂ ᠰᠠᠶᠢᠨ ᠰᠠᠶᠢᠬᠠᠨ ᠬᠥᠭᠵᠢᠯᠲᠡ ᠶᠢᠨ ᠬᠠᠨᠳᠤᠰᠢ ᠨᠢ ᠬᠥᠮᠥᠰ ᠲᠤ ᠭᠦᠨ ᠰᠠᠭᠤᠭᠳᠠᠯ ᠦᠯᠡᠳᠡᠭᠡᠵᠡᠢ᠃ ᠰᠢᠶᠠᠩᠭᠠᠩ ᠤᠨ ᠳ᠋ᠠ ᠭᠦᠩ ᠸᠧᠨ ᠬᠤᠢ ᠵᠠᠭᠤᠴᠢᠯᠠᠭᠤᠷ ᠤᠨ ᠪᠦᠯᠦᠭᠯᠡᠯ ᠤᠨ ᠬᠢᠨ ᠵᠠᠭᠤᠴᠢᠯᠠᠭᠤᠷ ᠤᠨ ᠵᠢᠭᠰᠠᠭᠠᠯ᠂ ᠤᠯᠠᠨ ᠤᠯᠤᠰ ᠤᠨ ᠳᠠᠮᠵᠢᠭᠤᠯᠭ᠎ᠠ ᠶᠢᠨ ᠳᠠᠪᠠᠭᠤᠯᠢᠭ ᠢᠶᠠᠨ ᠠᠰᠢᠭᠯᠠᠵᠤ᠂ ᠥᠪᠥᠷ ᠮᠣᠩᠭᠤᠯ ᠤᠨ ᠦᠯᠢᠭᠡᠷ ᠢ ᠰᠠᠶᠢᠲᠤᠷ ᠶᠠᠷᠢᠵᠤ᠂ ᠰᠢᠶᠠᠩᠭᠠᠩ ᠪᠣᠯᠣᠨ ᠥᠪᠥᠷ ᠮᠣᠩᠭᠤᠯ ᠤᠨ ᠠᠵᠤ ᠠᠬᠤᠢ᠂ ᠰᠣᠶᠣᠯ ᠂ ᠰᠣᠶᠣᠯ ᠢᠷᠭᠡᠨᠰᠢᠯ ᠵᠡᠷᠭᠡ ᠬᠦᠷᠢᠶ᠎ᠡ ᠴᠠᠷᠠᠭ᠎ᠠ ᠳᠤ ᠬᠢ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠬᠤ ᠳᠤ ᠨᠡᠩ ᠶᠡᠭᠡ ᠦᠢᠯᠡᠳᠦᠯ ᠦᠵᠡᠭᠦᠯᠬᠦ ᠪᠣᠯᠣᠨ᠎ᠠ︾ ᠬᠡᠪᠡ᠃    ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠵᠧᠩ ᠬᠤᠩ ᠹᠠᠨ᠂ ᠢᠦᠢ ᠯᠢ ᠰᠢᠨ  ᠨᠠᠷ ᠠᠭᠤᠯᠵᠠᠯᠲᠠ ᠳᠤ ᠣᠷᠣᠯᠴᠠᠪᠠ᠃    
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号