ᠸᠠᠩ ᠯᠢ ᠰᠢᠶᠠ ᠪᠡᠭᠡᠵᠢᠩ ᠶᠡᠭᠡ ᠰᠤᠷᠭᠠᠭᠤᠯᠢ ᠶᠢᠨ ᠵᠠᠬᠢᠷᠤᠯ ᠬᠥᠩ ᠴᠢ ᠬᠤᠸᠠᠩ ᠲᠠᠢ ᠠᠭᠤᠯᠵᠠᠪᠠ
ᠨᠡᠶᠢᠲᠡᠯᠡᠭᠰᠡᠨ ᠴᠠᠭ᠄
2024/7/25
   ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠸ ᠴᠧᠩ ᠤᠨ ᠨᠠᠶᠢᠳᠠᠯᠭ᠎ᠠ ᠪᠠᠷ  7 ᠳ᠋ᠤᠭᠠᠷ ᠰᠠᠷ᠎ᠠ ᠶᠢᠨ 24 ᠤ ᠡᠳᠦᠷ ᠬᠥᠬᠡᠬᠤᠲᠠ ᠳᠤ ᠪᠡᠭᠡᠵᠢᠩ ᠶᠡᠭᠡ ᠰᠤᠷᠭᠠᠭᠤᠯᠢ ᠶᠢᠨ ᠵᠠᠬᠢᠷᠤᠯ ᠬᠥᠩ ᠴᠢ ᠬᠤᠸᠠᠩ ᠲᠠᠢ ᠠᠭᠤᠯᠵᠠᠪᠠ᠃
W020240725287193504238_ORIGIN.jpg
    ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠸ ᠴᠧᠩ ᠤᠨ ᠨᠠᠶᠢᠳᠠᠯᠭ᠎ᠠ ᠪᠠᠷ  7 ᠳ᠋ᠤᠭᠠᠷ ᠰᠠᠷ᠎ᠠ ᠶᠢᠨ 24 ᠤ ᠡᠳᠦᠷ ᠬᠥᠬᠡᠬᠤᠲᠠ ᠳᠤ ᠪᠡᠭᠡᠵᠢᠩ ᠶᠡᠭᠡ ᠰᠤᠷᠭᠠᠭᠤᠯᠢ ᠶᠢᠨ ᠵᠠᠬᠢᠷᠤᠯ ᠬᠥᠩ ᠴᠢ ᠬᠤᠸᠠᠩ ᠲᠠᠢ ᠠᠭᠤᠯᠵᠠᠵᠤ ᠪᠠᠶᠢᠭ᠎ᠠ ᠨᠢ    ᠸᠠᠩ ᠯᠢ ᠰᠢᠶᠠ ᠬᠦᠩ ᠴᠢ ᠬᠤᠸᠠᠩ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠪᠡᠭᠡᠵᠢᠩ ᠶᠡᠭᠡ ᠰᠤᠷᠭᠠᠭᠤᠯᠢ ᠶᠢᠨ ᠤᠷᠳᠤ ᠬᠤᠭᠤᠴᠠᠭᠠᠨ ᠤ ᠲᠤᠷᠰᠢ ᠥᠪᠥᠷ ᠮᠣᠩᠭᠤᠯ ᠳᠤ ᠦᠵᠡᠭᠦᠯᠦᠭᠰᠡᠨ ᠳᠡᠮᠵᠢᠯᠭᠡ ᠬᠠᠪᠰᠤᠷᠤᠯᠭ᠎ᠠ ᠳᠤ  ᠲᠠᠯᠠᠷᠬᠠᠯ ᠢᠯᠡᠷᠬᠡᠶᠢᠯᠡᠬᠦ ᠶᠢᠨ ᠬᠠᠮᠲᠤ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠪᠠ᠃ ᠸᠠᠩ ᠯᠢ ᠰᠢᠶᠠ᠄ ︽ᠣᠳᠣᠬᠠᠨ ᠳᠤ᠂ ᠪᠦᠬᠦ ᠣᠷᠣᠨ ᠢᠶᠠᠷ ᠢᠶᠠᠨ ᠶᠠᠭ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ  ᠲᠤᠭᠤᠰᠢᠯᠠᠭᠤᠯᠵᠤ᠂ᠰᠢ ᠶᠢᠨ ᠫᠢᠩ ᠶᠡᠷᠦᠩᠬᠡᠢ ᠱᠦᠵᠢ  ᠶᠢᠨ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠠᠩᠬᠠᠷᠤᠯ ᠢᠶᠠᠨ ᠲᠥᠪᠯᠡᠷᠡᠭᠦᠯᠦᠨ ᠰᠠᠶᠢᠲᠤᠷ ᠬᠢᠵᠦ᠂  ᠴᠢᠨᠠᠷᠯᠢᠭ ᠬᠥᠭᠵᠢᠯᠲᠡ ᠲᠠᠢ ᠨᠢᠭᠲᠠ ᠤᠶᠠᠯᠳᠤᠭᠤᠯᠤᠨ ︿ᠵᠢᠷᠭᠤᠭᠠᠨ ᠢᠨᠵᠧᠨᠧᠷᠢᠩ﹀  ᠢ ᠬᠡᠷᠡᠭᠵᠢᠭᠦᠯᠵᠦ᠂ ᠠᠵᠤ ᠠᠬᠤᠢ ᠶᠢᠨ ᠬᠥᠭᠵᠢᠯᠲᠡ ᠬᠤᠷᠳᠤᠨ ᠤ ᠵᠠᠮ ᠳᠤ ᠣᠷᠣᠵᠤ᠂ ᠰᠢᠨ᠎ᠡ ᠵᠠᠮ ᠢᠶᠠᠷ ᠵᠠᠮᠨᠠᠵᠤ ᠳᠤᠮᠳᠠ ᠲᠦᠪᠰᠢᠨ ᠳᠤ ᠣᠷᠣᠬᠤ ᠰᠠᠶᠢᠨ ᠪᠠᠶᠢᠳᠠᠯ ᠢᠯᠡᠷᠡᠵᠡᠢ᠃ ᠨᠢᠳᠤᠨᠤᠨ ᠥᠪᠥᠷ ᠮᠣᠩᠭᠤᠯ ᠪᠡᠭᠡᠵᠢᠩ ᠶᠡᠭᠡ ᠰᠤᠷᠭᠠᠭᠤᠯᠢ ᠯᠤᠭ᠎ᠠ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ  ᠲᠤᠬᠢᠷᠠᠯᠴᠠᠭᠠᠳ ᠮᠠᠰᠢ ᠰᠠᠶᠢᠨ ᠦᠷ᠎ᠡ ᠪᠦᠲᠦᠮᠵᠢ ᠤᠯᠤᠯ᠎ᠠ᠃ ᠪᠡᠭᠡᠵᠢᠩ ᠶᠡᠭᠡ ᠰᠤᠷᠭᠠᠭᠤᠯᠢ ᠪᠣᠯᠣᠨ ᠥᠪᠥᠷ ᠮᠣᠩᠭᠤᠯ ᠶᠡᠭᠡ ᠳᠡᠭᠡᠳᠦ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠂ ᠴᠢᠳᠠᠪᠤᠷᠢᠲᠠᠨ ᠢ ᠬᠥᠮᠥᠵᠢᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠡᠮ ᠡᠮᠨᠡᠯᠭᠡ ᠡᠷᠡᠭᠦᠯ ᠬᠠᠮᠠᠭᠠᠯᠠᠯ ᠵᠡᠷᠭᠡ ᠲᠠᠯ᠎ᠠ ᠪᠠᠷ ᠬᠠᠮᠲᠤᠷᠠᠯᠴᠠᠭᠠᠨ ᠤ ᠣᠷᠣᠨ ᠵᠠᠢ ᠶᠢ ᠤᠯᠠᠮ ᠴᠢᠨᠠᠭᠰᠢᠳᠠ ᠥᠷᠭᠡᠳᠬᠡᠵᠦ᠂ ᠰᠢᠨ᠎ᠡ ᠡᠨᠧᠷᠭᠢ᠂ ᠰᠦ ᠶᠢᠨ ᠦᠢᠯᠡᠰ᠂ ᠬᠤᠪᠣᠷ ᠰᠢᠷᠣᠢ᠂ ᠪᠠᠶᠢᠭᠠᠯᠢᠯᠢᠭ ᠪᠤᠳᠤᠯᠳᠠ ᠵᠡᠷᠭᠡ ᠬᠦᠷᠢᠶ᠎ᠡ ᠴᠠᠷᠠᠭᠠᠨ ᠳᠤ ᠠᠯᠢ ᠲᠦᠷᠭᠡᠨ ᠢᠶᠠᠷ ᠰᠢᠨ᠎ᠡ ᠰᠢᠪᠲᠤᠯᠤᠯᠲᠠ ᠲᠠᠢ ᠪᠣᠯᠬᠤ ᠪᠠᠷ ᠴᠢᠷᠮᠠᠶᠢᠵᠤ᠂ ᠰᠢᠨ᠎ᠡ ᠴᠠᠭ ᠦᠶ᠎ᠡ ᠶᠢᠨ ᠰᠤᠷᠭᠠᠭᠤᠯᠢ ᠪᠣᠯᠣᠨ ᠣᠷᠣᠨ ᠨᠤᠲᠤᠭ ᠤᠨ ᠬᠠᠮᠲᠤᠷᠠᠯᠴᠠᠭᠠᠨ ᠤ ᠰᠢᠨ᠎ᠡ ᠪᠠᠶᠢᠳᠠᠯ ᠢ ᠲᠠᠰᠤᠷᠠᠯᠳᠡ ᠦᠭᠡᠢ ᠡᠭᠦᠳᠬᠦ ᠶᠢ ᠬᠦᠰᠡᠵᠦ ᠪᠠᠶᠢᠨ᠎ᠠ᠃ ᠥᠪᠥᠷ ᠮᠣᠩᠭᠤᠯ ᠤᠨ ᠬᠢᠨ ︿ᠶᠠᠭᠠᠬᠢᠪᠠᠯ ᠲᠦᠭᠦᠮ ᠪᠤᠯ ᠲᠡᠬᠡᠵᠤ ᠬᠢᠬᠦ﹀ ᠵᠠᠷᠴᠢᠮ ᠢᠶᠠᠷ ᠲᠤᠰᠬᠠᠢ ᠮᠡᠷᠭᠡᠵᠢᠯᠲᠡᠨ ᠫᠷᠤᠹᠥᠰᠰᠤᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠥᠷᠨᠢᠭᠦᠯᠬᠦ ᠳᠤ ᠥᠷᠭᠡᠨ ᠳᠡᠯᠭᠡᠷ ᠬᠡᠷᠡᠭᠯᠡᠭᠡᠨ ᠤ ᠦᠵᠡᠭᠳᠡᠯ ᠪᠣᠯᠣᠨ ᠬᠠᠮᠤᠭ ᠤᠨ ᠰᠢᠯᠢᠳᠡᠭ ᠦᠢᠯᠡᠴᠢᠯᠡᠭᠡ ᠬᠠᠩᠭᠠᠵᠤ᠂ ᠨᠡᠩ ᠤᠯᠠᠨ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠥᠪᠥᠷ ᠮᠣᠩᠭᠤᠯ ᠳᠤ ᠤᠯᠠᠷᠢᠭᠤᠯᠤᠨ ᠬᠡᠷᠡᠭᠯᠡᠬᠦ ᠶᠢ ᠪᠡᠶᠡᠯᠡᠬᠦᠯᠬᠦ ᠪᠤᠯᠤᠨ᠎ᠠ︾ ᠬᠡᠯ᠎ᠡ᠃   ᠬᠥᠩ ᠴᠢ ᠬᠤᠸᠠᠩ᠄ ︽ᠪᠡᠭᠡᠵᠢᠩ ᠶᠡᠭᠡ ᠰᠤᠷᠭᠠᠭᠤᠯᠢ ᠪᠣᠯᠣᠨ ᠥᠪᠥᠷ ᠮᠣᠩᠭᠤᠯ ᠭᠦᠨ ᠵᠤᠵᠠᠭᠠᠨ ᠡᠬᠢ ᠰᠤᠷᠪᠤᠯᠵᠢ ᠲᠠᠢ᠂ ᠰᠣᠯᠢᠯᠴᠠᠭ᠎ᠠ ᠨᠢᠭᠲᠠ ᠶᠤᠮ᠃ ᠬᠤᠶᠢᠰᠢᠳᠠ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠤ ᠰᠤᠳᠤᠯᠭᠠᠨ᠂ ᠴᠢᠳᠠᠪᠤᠷᠢᠲᠠᠨ ᠵᠡᠷᠭᠡ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠣᠳᠠᠲᠤ ᠬᠡᠷᠡᠭᠴᠡᠭᠡ ᠲᠠᠢ ᠨᠢᠭᠲᠠ ᠤᠶᠠᠯᠳᠤᠭᠤᠯᠤᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠠᠺᠠᠳᠧᠮᠢᠴᠢ ᠶᠢᠨ ᠪᠦᠯᠬᠦᠮ᠂ ᠲᠤᠰᠬᠠᠢ ᠮᠡᠷᠭᠡᠵᠢᠯᠲᠡᠨ ᠡᠷᠳᠡᠮᠲᠡᠳ ᠤᠨ ᠥᠪᠥᠷ ᠮᠣᠩᠭᠤᠯ ᠳᠤ ᠢᠷᠡᠵᠤ ᠰᠢᠨ᠎ᠡ ᠶᠢ ᠡᠭᠦᠳᠴᠦ ᠦᠢᠯᠡᠰ ᠪᠣᠰᠬᠠᠬᠤ ᠶᠢ ᠵᠣᠷᠢᠭᠵᠢᠭᠤᠯᠤᠨ ᠲᠡᠮᠵᠢᠵᠤ᠂ ᠤᠯᠤᠰ ᠤᠨ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠨᠠᠷᠯᠢᠭ ᠬᠥᠭᠵᠢᠯᠲᠡ ᠳᠤ ᠬᠦᠴᠦᠨ ᠨᠡᠮᠡᠷᠢᠯᠡᠬᠦ ᠳᠤ ᠬᠦᠴᠦᠨ ᠴᠢᠳᠠᠯ ᠢᠶᠠᠨ ᠨᠡᠩ ᠰᠠᠶᠢᠳᠤᠷ ᠡᠷᠬᠦᠨ᠎ᠡ︾ ᠬᠡᠪᠡ᠃    ᠪᠦᠦ ᠰᠢᠶᠠᠨ ᠬᠤᠸᠠ᠂ ᠶᠠᠩ ᠵᠢᠶᠧ ᠠᠭᠤᠯᠵᠠᠯᠲᠠ ᠳᠤ ᠣᠷᠣᠯᠴᠠᠵᠠᠢ᠃    
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号