ᠠᠷᠠᠳ ᠤᠨ ᠶᠠᠪᠤᠳᠠᠯ ᠤᠨ ᠰᠢᠭᠤᠷᠬᠠᠢ ᠮᠡᠳᠡᠭᠡ
ᠨᠡᠶᠢᠲᠡᠯᠡᠭᠰᠡᠨ ᠴᠠᠭ᠄
2024/7/25
 ᠠᠷᠠᠳ ᠤᠨ ᠶᠠᠪᠤᠳᠠᠯ ᠤᠨ ᠶᠠᠮᠤᠨ      ᠪᠦᠬᠦ ᠤᠯᠤᠰ ᠤᠨ ᠨᠠᠰᠤᠲᠠᠶᠢᠴᠤᠳ ᠤᠨ ᠠᠵᠢᠯ ᠤᠨ ᠵᠥᠪᠯᠡᠯ ᠤᠨ ᠬᠢᠨ ᠤᠷᠴᠢᠮ ᠳᠤ ︽ᠪᠦᠬᠦ ᠤᠯᠤᠰ ᠤᠨ ︿ᠨᠠᠰᠤᠲᠠᠶᠢᠴᠤᠳ ᠢ ᠬᠦᠨᠳᠦᠯᠡᠬᠦ ᠰᠠᠷ᠎ᠠ﹀ 2024 ᠣᠨ ᠤ ᠠᠵᠢᠯᠯᠠᠭ᠎ᠠ ᠶᠢ ᠥᠷᠨᠢᠭᠦᠯᠬᠦ ᠲᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠦᠨᠤ ᠵᠢᠯ ᠤᠨ 10 ᠳ᠋ᠤᠭᠠᠷ ᠰᠠᠷ᠎ᠠ ᠶᠢᠨ 1 ᠠᠴᠠ 31 ᠳᠤ ᠪᠥᠬᠦ ᠤᠯᠤᠰ ᠤᠨ ᠬᠡᠪᠴᠢᠶᠡᠨ ᠳᠤ ︽ᠨᠠᠰᠤᠲᠠᠶᠢᠴᠤᠳ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠨᠠᠰᠤᠲᠠᠶᠢᠴᠤᠳ ᠲᠤ ᠨᠥᠬᠦᠷᠰᠡᠭ ᠨᠡᠶᠢᠭᠡᠮ ᠢ ᠪᠠᠶᠢᠭᠤᠯᠬᠤ︾ ᠪᠠᠷ ᠭᠤᠣᠯ ᠰᠡᠳᠦᠪ ᠪᠣᠯᠭᠠᠭᠰᠠᠨ ᠪᠥᠬᠦ ᠤᠯᠤᠰ ᠤᠨ ︽ᠨᠠᠰᠤᠲᠠᠶᠢᠴᠤᠳ ᠢ ᠬᠦᠨᠳᠦᠯᠡᠬᠦ ᠰᠠᠷ᠎ᠠ︾ ᠶᠢᠨ ᠠᠵᠢᠯᠯᠠᠭ᠎ᠠ ᠶᠢ ᠥᠷᠨᠢᠭᠦᠯᠦᠨ᠎ᠡ ᠭᠡᠵᠦ ᠲᠣᠭᠲᠠᠭᠠᠵᠠᠢ᠃ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ        ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ ᠭᠤᠣᠯᠯᠠᠨ ᠡᠷᠭᠢᠯᠡᠵᠦ᠂ ᠪᠤᠭᠤᠲᠤ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠤ ᠬᠠᠮᠵᠢᠯᠴᠠᠨ ᠡᠷᠭᠢᠯᠡᠭᠰᠡᠨ ᠮᠠᠨ ᠤ ᠣᠷᠣᠨ ᠤ ᠨᠡᠶᠢᠭᠡᠮ ᠤᠨ ᠠᠵᠢᠯ ᠤᠨ ᠥᠷᠲᠡᠭᠡ ᠶᠢᠨ ᠵᠢᠷᠤᠮᠵᠢᠭᠤᠯᠤᠭᠰᠠᠨ ᠪᠠᠶᠢᠭᠤᠯᠤᠯᠲᠠ ᠪᠠ ᠠᠷᠠᠳ ᠤᠨ ᠶᠠᠪᠤᠳᠠᠯ ᠤᠨ  ᠬᠦᠷᠢᠶ᠎ᠡ ᠴᠠᠷᠠᠭ᠎ᠠ ᠳᠤ ᠬᠢ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠥᠷᠥᠯ ᠵᠦᠢᠯ ᠤᠨ ᠬᠢᠨᠠᠨ ᠵᠢᠯᠤᠭᠤᠳᠬᠤ ᠪᠣᠯᠪᠠᠰᠤᠷᠠᠯ ᠢ 7 ᠳ᠋ᠤᠭᠠᠷ ᠰᠠᠷ᠎ᠠ ᠶᠢᠨ 24 ᠤ ᠡᠳᠦᠷ  ᠪᠤᠭᠤᠲᠤ ᠬᠤᠲᠠ ᠳᠤ ᠡᠬᠢᠯᠡᠬᠦᠯᠪᠡ᠃ ᠳᠤᠮᠳᠠᠳᠤ ᠤᠯᠤᠰ ᠤᠨ ᠨᠡᠶᠢᠭᠡᠮ ᠤᠨ ᠠᠵᠢᠯ ᠤᠨ ᠬᠢᠨ ᠤ ᠨᠡᠶᠢᠭᠡᠮᠯᠢᠭ᠂ ᠪᠡᠭᠡᠵᠢᠩ ᠤᠨ ᠨᠡᠶᠢᠭᠡᠮ ᠤᠨ ᠬᠠᠮᠢᠶᠠᠷᠤᠯᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠠ ᠣᠷᠣᠨ ᠤ ᠳᠣᠲᠣᠷᠠᠬᠢ ᠶᠡᠭᠡ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯᠲᠡᠨ ᠡᠷᠳᠡᠮᠲᠡᠳ ᠲᠣᠰ ᠲᠣᠰ ᠨᠡᠶᠢᠭᠡᠮ ᠤᠨ ᠠᠵᠢᠯ ᠬᠢᠭᠡᠳ ᠨᠢᠭᠦᠯᠡᠰᠦᠩᠭᠦᠢ ᠶᠢᠨ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ᠂ ᠠᠷᠠᠳ ᠤᠨ ᠶᠠᠪᠤᠳᠠᠯ ᠤᠨ ᠬᠦᠷᠢᠶ᠎ᠡ ᠴᠠᠷᠠᠭ᠎ᠠ  ᠳᠤ ᠬᠢ ᠨᠡᠶᠢᠭᠡᠮ ᠤᠨ ᠦᠢᠯᠡᠴᠢᠯᠡᠭᠡᠨ ᠤ ᠵᠦᠢᠯᠡᠰ ᠢ ᠵᠢᠷᠤᠵᠤ ᠲᠥᠯᠥᠪᠯᠡᠨ ᠡᠵᠡᠩᠨᠡᠬᠦ ᠪᠠ ᠨᠡᠶᠢᠭᠡᠮ ᠤᠨ ᠠᠵᠢᠯ ᠤᠨ ᠥᠷᠲᠡᠭᠡ ᠶᠢ ᠵᠢᠷᠤᠮᠵᠢᠭᠤᠯᠬᠤ ᠪᠠᠶᠢᠭᠤᠯᠤᠯᠲᠠ ᠶᠢᠨ ᠰᠡᠳᠬᠢᠴᠡ ᠠᠷᠭ᠎ᠠ ᠵᠡᠷᠭᠡ ᠲᠠᠯ᠎ᠠ ᠪᠠᠷ ᠬᠢᠴᠢᠶᠡᠯᠯᠡᠨ᠎ᠡ᠃ ᠪᠣᠯᠪᠠᠰᠤᠷᠠᠯ ᠳᠤ  ᠤᠷᠤᠯᠴᠠᠬᠰᠠᠳ ᠪᠤᠭᠤᠲᠤ ᠬᠤᠲᠠ ᠶᠢᠨ ᠬᠡᠰᠡᠭ ᠰᠤᠮᠤ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠡᠶᠢᠭᠡᠮ ᠤᠨ ᠠᠵᠢᠯ ᠤᠨ ᠥᠷᠲᠡᠭᠡ ᠳᠤ ᠬᠦᠷᠴᠦ᠂ ᠦᠨᠳᠦᠰᠦᠨ ᠱᠠᠲᠤᠨ ᠤ ᠠᠷᠠᠳ ᠤᠨ ᠶᠠᠪᠤᠳᠠᠯ ᠤᠨ ᠨᠡᠶᠢᠭᠡᠮ ᠤᠨ ᠠᠵᠢᠯ ᠤᠨ ᠥᠷᠲᠡᠭᠡ ᠳᠤ ᠲᠦᠰᠢᠭᠯᠡᠨ ᠦᠢᠯᠡᠴᠢᠯᠡᠭᠡᠨ ᠤ ᠶᠡᠷᠦᠩᠬᠡᠶᠢᠯᠡᠭᠰᠡᠨ ᠴᠣᠭᠴᠠ ᠶᠢ ᠪᠣᠶ ᠪᠣᠯᠭᠠᠭᠰᠠᠨ ᠦᠢᠯᠡᠳᠦᠯᠭᠡ ᠶᠢᠨ ᠲᠤᠷᠰᠢᠯᠭ᠎ᠠ ᠶᠢᠨ ᠲᠤᠬᠠᠢ ᠲᠤᠬᠠᠢ ᠶᠢᠨ ᠲᠠᠯᠠᠪᠤᠷ ᠲᠤ ᠰᠣᠯᠢᠯᠴᠠᠭ᠎ᠠ ᠰᠤᠷᠤᠯᠴᠠᠯᠭ᠎ᠠ ᠥᠷᠨᠢᠭᠦᠯᠪᠡ᠃ᠨᠡᠶᠢᠭᠡᠮ ᠤᠨ ᠲᠤᠰᠠᠯᠠᠮᠵᠢ        ᠰᠢᠯᠢ ᠶᠢᠨ ᠭᠤᠣᠯ ᠠᠶᠢᠮᠠᠭ ᠤᠨ ᠬᠢᠨ ︽ᠪᠣᠳᠠᠰ + ᠦᠢᠯᠡᠴᠢᠯᠡᠭᠡ︾ ᠶᠢᠨ ᠲᠤᠰᠠᠯᠠᠮᠵᠢ ᠶᠢᠨ ᠵᠠᠭᠪᠤᠷ ᠢ ᠢᠳᠡᠪᠬᠢᠲᠡᠢ ᠪᠠᠷ  ᠰᠦᠪᠡᠭᠴᠢᠯᠡᠵᠦ᠂ ᠠᠳᠠᠯᠢ ᠪᠤᠰᠤ  ᠲᠤᠰᠠᠯᠠᠮᠵᠢ ᠬᠦᠷᠳᠡᠭᠰᠡᠳ ᠤᠨ ᠠᠳᠠᠯᠢ ᠪᠤᠰᠤ ᠬᠡᠷᠡᠭᠴᠡᠭᠡ ᠱᠠᠭᠠᠷᠳᠠᠯᠭ᠎ᠠ ᠳᠤ ᠴᠢᠭᠯᠡᠭᠦᠯᠦᠨ᠂ ︽ᠪᠣᠳᠠᠰ ᠤᠨ ᠪᠠᠲᠤᠯᠠᠭ᠎ᠠ + ᠣᠶᠤᠨ ᠰᠠᠨᠠᠭᠠᠨ ᠤ ᠬᠡᠷᠡᠭᠴᠡᠭᠡ + ᠴᠢᠳᠠᠪᠤᠷᠢ ᠶᠢᠨ ᠳᠡᠭᠡᠭᠰᠢᠯᠡᠯᠲᠡ︾ ᠶᠢᠨ ᠦᠢᠯᠡᠴᠢᠯᠡᠭᠡ ᠬᠠᠩᠭᠠᠵᠤ᠂ ᠨᠡᠶᠢᠭᠡᠮ ᠤᠨ ᠲᠤᠰᠠᠯᠠᠮᠵᠢ ᠶᠢᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠪᠡ᠃ 6 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ 60 ᠨᠠᠰᠤᠨ ᠠᠴᠠ ᠳᠡᠭᠡᠭᠰᠢᠬᠢ ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠳᠡᠭᠴᠢ᠂ ᠣᠨᠴᠠ ᠬᠦᠴᠢᠷᠳᠡᠯᠲᠡᠢ ᠬᠥᠮᠥᠰ ᠤᠨ ᠪᠡᠶ᠎ᠡ ᠮᠠᠬᠠᠪᠤᠳ ᠤᠨ ᠴᠢᠳᠠᠪᠤᠷᠢ ᠶᠢ ᠳᠡᠭᠡᠭᠰᠢᠯᠡᠭᠦᠯᠬᠦ᠂ ᠨᠡᠶᠢᠭᠡᠮ ᠳᠤ ᠠᠭᠤᠰᠤᠯᠴᠠᠭᠤᠯᠬᠤ᠂ ᠲᠥᠷᠥ ᠶᠢᠨ ᠪᠣᠳᠣᠯᠭ᠎ᠠ ᠶᠢ ᠤᠬᠠᠭᠤᠯᠬᠤ᠂ ᠬᠤᠭᠤᠯᠠ ᠬᠦᠷᠭᠡᠬᠦ᠂ ᠡᠮᠴᠢᠯᠡᠬᠦ᠂ ᠡᠷᠡᠬᠦᠯᠵᠢᠬᠦᠯᠬᠦ ᠵᠡᠷᠭᠡ ᠨᠡᠶᠢᠭᠡᠮᠴᠢᠯᠡᠭᠰᠡᠨ ᠦᠢᠯᠡᠴᠢᠯᠡᠭᠡ ᠬᠠᠩᠭᠠᠵᠤ᠂  ᠲᠡᠳᠬᠦᠬᠦ ᠠᠵᠢᠯᠯᠠᠭ᠎ᠠ ᠶᠢ 30 ᠤᠳᠠᠭ᠎ᠠ ᠥᠷᠨᠢᠭᠦᠯᠵᠦ᠂ 1200   ᠤᠳᠠᠭ᠎ᠠ ᠦᠢᠯᠡᠴᠢᠯᠡᠨ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠳᠡᠬᠦ ᠭᠡᠷ ᠪᠦᠯᠢ ᠶᠢᠨ ᠨᠠᠰᠤᠨ ᠳᠤ ᠥᠯᠥ ᠭᠦᠷᠦᠭᠰᠡᠳ ᠲᠤ 45 ᠤᠳᠠᠭ᠎ᠠ ᠠᠵᠢᠯᠯᠠᠭ᠎ᠠ ᠥᠷᠨᠢᠭᠦᠯᠵᠦ᠂ ᠨᠡᠶᠢᠲᠡ 5600 ᠤᠳᠠᠭ᠎ᠠ ᠦᠢᠯᠡᠴᠢᠯᠡᠪᠡ᠃    
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号