ᠨᠡᠶᠢᠭᠡᠮ ᠤᠨ ᠠᠵᠢᠯᠳᠠᠨ ᠤ ᠲᠤᠰᠬᠠᠢ ᠮᠡᠷᠭᠡᠵᠢᠯ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ ᠡᠪ ᠬᠠᠮᠲᠤ ᠨᠠᠮ ᠤᠨ ᠭᠡᠰᠢᠭᠦᠨ ᠤ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ  ᠲᠠᠶᠢᠯᠪᠤᠷᠢᠯᠠᠪᠠ — ︽ᠶᠡᠭᠡ ᠬᠠᠶᠢᠷ᠎ᠠ ᠶᠢᠨ ᠤᠮᠠᠷᠠᠳᠤ ᠬᠢᠯᠢ᠂ ᠪᠤᠶᠠᠨᠰᠠᠭ ᠦᠢᠯᠨ ᠲᠡᠶᠢᠰᠢ︾ — ᠠᠷᠠᠳ ᠲᠤ ᠲᠤᠰᠠᠯᠠᠬᠤ ᠦᠢᠯᠡᠴᠢᠯᠡᠬᠡᠨ ᠤ ᠲᠤᠬᠠᠢ ᠰᠢᠷᠢᠰ ᠮᠡᠳᠡᠬᠡᠯᠡᠯ ︵ᠶᠢᠰᠤ︶
ᠨᠡᠶᠢᠲᠡᠯᠡᠭᠰᠡᠨ ᠴᠠᠭ᠄
2024/7/25
    ᠪᠠᠶᠠᠨᠨᠠᠭᠤᠷ ᠬᠤᠳᠠ ᠶᠢᠨ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠢᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠤᠢ ᠶᠢᠨ ᠲᠠᠰᠢᠷᠠᠮ ᠢᠶᠠᠷ  ︽ᠲᠠᠪᠤᠨ ᠨᠡᠶᠢᠬᠡᠮ ᠬᠤᠯᠪᠤᠭᠠᠯᠠᠨ ᠬᠥᠳᠡᠯᠦᠯᠴᠡᠬᠦ︾ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠲᠦᠷᠦᠯ ᠵᠦᠢᠯ᠂ ︽7 · 1︾ ᠢ ᠪᠡᠯᠭᠡᠯᠡᠬᠦ ᠪᠠᠶᠠᠯᠢᠭ ᠰᠠᠶᠢᠬᠠᠨ ᠠᠵᠢᠯᠯᠠᠭ᠎ᠠ ᠶᠢ ᠥᠷᠨᠢᠭᠦᠯᠵᠦ᠂ ᠨᠡᠶᠢᠭᠡᠮ ᠤᠨ ᠠᠵᠢᠯᠲᠠᠳ ᠤᠨ ᠰᠠᠶᠢᠨ ᠳᠤᠷ᠎ᠠ ᠶᠢᠨ ᠦᠢᠯᠡᠴᠢᠯᠡᠭᠡ᠂ ᠭᠤᠣᠯ ᠰᠡᠳᠦᠪᠲᠦ ᠠᠵᠢᠯᠯᠠᠭ᠎ᠠ᠂ ᠬᠠᠯᠠᠮᠵᠢ ᠲᠠᠢ ᠲᠤᠳᠤᠨᠤ ᠲᠤᠰᠬᠠᠢ ᠮᠡᠷᠭᠡᠵᠢᠯ ᠤᠨ ᠦᠢᠯᠡᠴᠢᠯᠡᠭᠡ ᠪᠠᠷ ᠡᠪ ᠬᠠᠮᠲᠤ ᠨᠠᠮ ᠤᠨ ᠭᠡᠰᠢᠭᠦᠨ ᠤ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠶᠢ  ᠲᠠᠶᠢᠯᠪᠤᠷᠢᠯᠠᠪᠠ᠃   ︽ᠥᠷᠥᠰᠢᠶᠡᠯ ᠬᠠᠶᠢᠷ᠎ᠠ︾  ᠨᠡᠶᠢᠭᠡᠮ ᠤᠨ ᠠᠵᠢᠯ ᠦᠢᠯᠡᠴᠢᠯᠡᠭᠡ ᠶᠢᠨ ᠲᠥᠪ ᠤᠨ ᠬᠢᠨ ᠪᠠᠶᠠᠨᠨᠠᠭᠤᠷ ᠬᠤᠳᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠪᠣᠯᠤᠨ ᠪᠠᠶᠠᠨᠨᠠᠭᠤᠷ ᠬᠤᠳᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠵᠥᠪᠯᠡᠯ ᠤᠨ ᠬᠢᠨ ᠲᠠᠢ ᠬᠠᠮᠳᠤᠷᠠᠠ ᠵᠤᠬᠢᠶᠠᠨ ᠪᠠᠶᠢᠭᠤᠯᠤᠬᠰᠠᠨ  ︽ᠨᠠᠶᠢᠳᠠᠯᠭ᠎ᠠ ᠶᠢ ᠪᠠᠲᠤ ᠴᠡᠭᠡᠵᠢᠯᠡᠵᠦ ᠠᠴᠢ ᠬᠠᠷᠢᠭᠤᠯᠠᠨ ᠡᠷᠡᠯᠬᠡᠭᠯᠡᠨ ᠤᠷᠤᠭᠰᠢᠯᠠᠵᠤ᠂  ︿7 · 1﹀ ᠪᠡᠯᠬᠡᠯᠡᠬᠦ ᠬᠠᠮᠳᠤ ᠪᠠᠷ ᠪᠦᠳᠦᠬᠡᠨ ᠪᠠᠶᠢᠭᠤᠯᠬᠤ ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠢᠳᠡᠪᠬᠢᠳᠡᠢ ᠤᠷᠤᠯᠴᠠᠪᠠ᠃ ᠬᠥᠳᠡᠯᠭᠡᠭᠡᠨ ᠤ ᠲᠤᠬᠠᠢ ᠶᠢᠨ ᠲᠠᠯᠠᠪᠠᠢ ᠳᠤ ᠨᠡᠶᠢᠭᠡᠮ ᠤᠨ ᠠᠵᠢᠯᠲᠠᠳ ᠪᠠᠴᠢᠮ ᠢ ᠠᠷᠭᠠᠴᠠᠭᠠᠬᠤ ᠪᠣᠯᠪᠠᠰᠤᠷᠠᠯ ᠢ  ᠥᠷᠨᠢᠭᠦᠯᠵᠦ᠂ ᠲᠤᠰᠬᠠᠢ ᠮᠡᠷᠭᠡᠵᠢᠯ ᠤᠨ ᠮᠡᠳᠡᠯᠭᠡ ᠪᠣᠯᠤᠨ ᠪᠣᠯᠪᠠᠰᠤᠷᠠᠩᠭᠤᠢ ᠮᠡᠷᠭᠡᠵᠢᠯ ᠢᠶᠠᠷ ᠢᠶᠠᠨ ᠪᠠᠴᠢᠮ ᠠᠪᠤᠷᠠᠯᠲᠠ ᠶᠢᠨ ᠮᠡᠳᠡᠯᠭᠡ ᠶᠢ ᠨᠠᠷᠢᠨ ᠲᠠᠶᠢᠯᠪᠤᠷᠢᠯᠠᠵᠤ᠂ ᠨᠠᠮ ᠤᠨ ᠲᠦᠷᠦᠭᠰᠡᠨ ᠡᠳᠤᠷ ᠢ ᠲᠤᠬᠢᠶᠠᠯᠳᠤᠭᠤᠯᠤᠨ ᠬᠦᠮᠦᠰ ᠤᠨ  ᠣᠯᠠᠨ ᠨᠡᠶᠢᠲᠡ ᠶᠢᠨ  ᠠᠶᠤᠯ ᠦᠬᠡᠢ ᠶᠢᠨ ᠤᠬᠠᠮᠰᠠᠷ ᠪᠠ ᠥᠪᠡᠷ ᠢ ᠪᠠᠨ ᠠᠪᠤᠷᠬᠠᠤ ᠬᠠᠷᠢᠯᠴᠠᠨ ᠠᠪᠤᠷᠬᠠᠤ ᠴᠢᠳᠠᠪᠤᠷᠢ ᠶᠢ ᠳᠡᠭᠡᠭᠰᠢᠯᠡᠭᠦᠯᠪᠡ᠃    ᠤᠷᠠᠳ ᠤᠨ ᠳᠤᠮᠳᠠᠳᠤ ᠬᠤᠰᠢᠭᠤᠨ ᠤ  ᠬᠠᠯᠢᠭᠤᠲᠤ ᠪᠠᠯᠭᠠᠰᠤᠨ ᠤ ᠨᠡᠶᠢᠬᠡᠮ ᠤᠨ ᠠᠵᠢᠯ ᠤᠨ ᠥᠷᠲᠡᠭᠡᠨ ᠤ ᠬᠢᠨ ︽ᠨᠤᠲᠤᠭ ᠢᠶᠠᠨ ᠬᠠᠶᠢᠷᠠᠯᠠᠵᠤ  ᠤᠷᠠᠳ ᠤᠨ ᠳᠤᠮᠳᠠᠳᠤ ᠬᠤᠰᠢᠭᠤ ᠪᠠᠨ ᠮᠠᠨᠳᠤᠭᠤᠯᠤᠨ᠂  ︿7 · 1﹀ ᠢ ᠬᠦᠷᠰᠢ ᠶᠢᠨ ᠬᠢᠨ ᠲᠠᠢ ᠪᠠᠨ ᠡᠶ᠎ᠡ ᠨᠠᠶᠢᠷᠳᠠᠢ ᠤᠬᠳᠤᠶ᠎ᠠ︾ ᠪᠠᠶᠠᠷ ᠤᠨ ᠡᠳᠤᠷ ᠤᠨ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠪᠡ᠃ ᠠᠵᠢᠯᠯᠠᠭ᠎ᠠ ᠳᠤ ᠰᠠᠶᠢᠨ ᠳᠤᠷ᠎ᠠ  ᠶᠢᠨ ᠦᠢᠯᠡᠴᠢᠯᠡᠭᠡᠨ ᠤ ᠲᠣᠭᠤᠷᠢᠭ᠂ ᠬᠤᠲᠠ ᠶᠢᠨ ᠪᠣᠯᠪᠠᠰᠤᠨ ᠳᠤ ᠤᠷᠤᠯᠴᠠᠬᠤ ᠪᠠᠷ ᠨᠡᠷ᠎ᠡ ᠮᠡᠳᠡᠬᠦᠯᠬᠦ  ᠲᠤᠭᠤᠷᠢᠭ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠲᠣᠭᠤᠷᠢᠭ᠂ ᠰᠣᠨᠢᠷᠬᠠᠯᠲᠤ ᠠᠵᠢᠯᠯᠠᠭᠠᠨ ᠤ ᠲᠣᠭᠤᠷᠢᠭ᠂  ᠦᠢᠯᠡᠳᠭᠦᠨ ᠤ ᠪᠣᠷᠣᠯᠠᠭᠤᠯᠭ᠎ᠠ ᠶᠢ ᠠᠬᠢᠭᠤᠯᠬᠤ ᠲᠣᠭᠤᠷᠢᠭ ᠵᠡᠷᠭᠡ ᠲᠠᠪᠤᠨ ᠲᠣᠭᠤᠷᠢᠭ ᠭᠠᠷᠭᠠᠵᠠᠶ᠃ ᠰᠠᠶᠢᠨ ᠳᠤᠷ᠎ᠠ ᠶᠢᠨ ᠦᠢᠯᠡᠴᠢᠯᠡᠭᠡᠨ ᠤ ᠲᠣᠭᠤᠷᠢᠭ ᠤᠨ ᠬᠢᠨ ᠰᠠᠭᠤᠭᠠᠯᠢ ᠠᠷᠠᠳ ᠲᠤ ᠰᠦᠢᠳᠬᠡᠯ ᠦᠯᠦ ᠬᠤᠷᠢᠶᠠᠬᠤ ᠤᠯᠠᠨ ᠨᠡᠶᠢᠲᠡ ᠶᠢᠨ ᠦᠢᠯᠡᠴᠢᠯᠡᠭᠡ ᠬᠠᠩᠭᠠᠪᠠ᠃ ᠬᠤᠲᠠ ᠶᠢᠨ ᠪᠣᠯᠪᠠᠰᠤᠨ ᠳᠤ ᠤᠷᠤᠯᠴᠠᠬᠤ ᠪᠠᠷ ᠨᠡᠷ᠎ᠡ ᠮᠡᠳᠡᠬᠦᠯᠬᠦ ᠲᠤᠭᠤᠷᠢᠭ ᠲᠤ ᠪᠣᠯᠪᠠᠰᠤᠨ ᠬᠡᠷ ᠪᠦᠯᠢ᠂ ᠶᠣᠰᠣ ᠰᠤᠷᠲᠠᠬᠤᠨ ᠤ ᠵᠢᠱᠢᠶᠡᠴᠢ ᠵᠡᠷᠭᠡ ᠲᠡᠷᠢᠭᠦᠨ ᠤ  ᠦᠢᠯᠡ ᠠᠵᠢᠯᠯᠠᠭ᠎ᠠ ᠶᠢ ᠤᠬᠠᠭᠤᠯᠵᠤ᠂ ᠪᠣᠯᠪᠠᠰᠤᠨ ᠵᠠᠮ ᠬᠠᠷᠢᠯᠴᠠᠭ᠎ᠠ᠂ ᠪᠣᠯᠪᠠᠰᠤᠨ ᠵᠢᠭᠤᠯᠴᠢᠯᠠᠯ᠂ ᠪᠣᠯᠪᠠᠰᠤᠨ ᠢᠶᠠᠷ ᠨᠣᠬᠠᠶ ᠲᠡᠵᠢᠭᠡᠬᠦ᠂ ᠪᠣᠯᠪᠠᠰᠤᠨ ᠬᠤᠭᠤᠯᠠᠨ ᠰᠢᠷᠡᠭᠡ ᠵᠡᠷᠭᠡ ᠪᠣᠯᠪᠠᠰᠤᠨ ᠶᠣᠰᠣᠯᠠᠯ ᠤᠨ ᠵᠢᠱᠢᠶ᠎ᠡ ᠦᠵᠡᠭᠦᠯᠬᠦ ᠲᠣᠭᠤᠷᠢᠭ ᠢ ᠪᠠᠶᠢᠭᠤᠯᠵᠤ᠂ ᠰᠠᠭᠤᠭᠠᠯᠢ ᠠᠷᠠᠳ ᠤᠨ ᠪᠣᠯᠪᠠᠰᠤᠨ ᠢᠶᠠᠷ ᠠᠶᠠᠯᠠᠬᠤ ᠲᠡᠶᠢᠰᠢ ᠲᠠᠶᠢᠴᠢᠯᠠᠵᠤ᠂ ᠰᠠᠭᠤᠭᠠᠯᠢ ᠠᠷᠠᠳ ᠤᠨ ᠪᠣᠯᠪᠠᠰᠤᠨ  ᠦᠢᠯᠡ ᠠᠵᠢᠯᠯᠠᠭ᠎ᠠ ᠶᠢ ᠰᠠᠨᠠᠭᠠᠴᠢᠯᠠᠨ᠂ ᠡᠶ᠎ᠡ ᠵᠣᠬᠢᠴᠠᠯ ᠲᠠᠢ ᠨᠡᠶᠢᠭᠡᠮ ᠲᠣᠭᠤᠷᠢᠭ ᠤᠨ ᠠᠭᠤᠷ ᠠᠮᠢᠰᠬᠤᠯ ᠢ ᠪᠣᠶ ᠪᠣᠯᠭᠠᠪᠠ᠃ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠲᠣᠭᠤᠷᠢᠭ ᠨᠢ ᠰᠠᠭᠤᠭᠠᠯᠢ ᠠᠷᠠᠳ ᠲᠤ ᠨᠡᠶᠢᠭᠡᠮ ᠤᠨ ᠪᠠᠲᠤᠯᠠᠭ᠎ᠠ᠂ ᠮᠡᠬᠡᠯᠡᠯ ᠢ ᠡᠰᠡᠷᠭᠦᠴᠡᠬᠦ᠂ ᠠᠵᠢᠯ ᠣᠯᠭᠤᠯᠲᠠ ᠶᠢᠨ ᠵᠥᠪᠯᠡᠯᠭᠡ ᠥᠭᠬᠦ ᠵᠡᠷᠭᠡ ᠦᠢᠯᠡᠴᠢᠯᠡᠭᠡ ᠬᠠᠩᠭᠠᠬᠤ ᠶᠢᠨ ᠬᠠᠮᠲᠤ ᠴᠡᠷᠢᠭ ᠲᠤ ᠡᠯᠰᠡᠬᠦᠯᠬᠦ᠂ ᠭᠠᠵᠢᠭᠤ ᠨᠣᠮᠯᠠᠯ ᠢ ᠡᠰᠡᠷᠭᠦᠴᠡᠬᠦ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ᠰᠢᠲᠠᠮᠠᠬᠠᠶ ᠬᠡᠶ ᠶᠢᠨ ᠠᠶᠤᠯ ᠦᠬᠡᠢ ᠵᠡᠷᠭᠡ ᠮᠡᠳᠡᠯᠭᠡ ᠶᠢ ᠤᠬᠠᠭᠤᠯᠪᠠ᠃ ᠰᠣᠨᠢᠷᠬᠠᠯᠲᠤ ᠬᠥᠳᠡᠯᠭᠡᠭᠡᠨ ᠤ ᠲᠣᠭᠤᠷᠢᠭ ᠲᠤ ᠭᠠᠷᠠᠬ᠎ᠠ ᠬᠠᠶᠠᠬᠤ ᠂ ᠱᠠᠩᠨᠠᠯ ᠲᠠᠢ ᠠᠰᠠᠭᠤᠯᠲᠠ ᠬᠠᠷᠢᠭᠤᠯᠲᠠ᠂ ᠳᠡᠪᠦᠷ᠎ᠡ ᠬᠠᠶᠠᠬᠤ ᠤᠷᠤᠯᠳᠤᠭᠠᠨ ᠪᠠ ᠲᠥᠷᠥᠯ ᠬᠤᠪᠢᠶᠠᠨ ᠬᠤᠭ ᠨᠣᠪᠰᠢ ᠬᠠᠶᠠᠬᠤ ᠵᠡᠷᠭᠡ ᠶᠢ ᠪᠠᠭᠲᠠᠭᠠᠭᠰᠠᠨ ᠠᠯᠢ ᠣᠯᠠᠨ ᠪᠠᠶᠠᠯᠢᠭ ᠰᠠᠶᠢᠬᠠᠨ ᠲᠣᠭᠯᠠᠭᠠᠮ ᠤᠳ ᠢ ᠨᠠᠷᠢᠨ ᠨᠢᠮᠪᠠᠶ ᠤᠬᠠᠭᠠᠯᠠᠨ ᠰᠡᠳᠦᠭᠰᠡᠨ ᠪᠠᠶᠢᠨ᠎ᠠ᠃ ᠠᠵᠢᠯᠯᠠᠭ᠎ᠠ ᠨᠢ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠠᠭᠤᠭᠠᠯᠢ ᠠᠷᠠᠳ ᠤᠨ ᠪᠣᠯᠪᠠᠰᠤᠨ ᠤ ᠲᠤᠬᠠᠢ ᠤᠬᠠᠮᠰᠠᠷ ᠪᠠ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠶᠢ ᠤᠯᠠᠮ ᠴᠢᠩᠭᠠᠳᠬᠠᠪᠠ᠃                                       
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号