ᠶᠤᠤ ᠶᠦᠩ ᠪᠥᠸᠧ ᠬᠤᠷᠠᠯ ᠳᠤ ᠤᠷᠤᠯᠴᠠᠵᠠᠢ | | | ᠮᠠᠨ ᠤ ᠣᠷᠣᠨ ᠤ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠲᠤᠬᠠᠢ ᠶᠢᠨ | ᠲᠠᠯᠠᠪᠠᠢ ᠶᠢᠨ ᠬᠤᠷᠠᠯ 7 ᠳ᠋ᠤᠭᠠᠷ ᠰᠠᠷ᠎ᠠ ᠶᠢᠨ 24 ᠤ ᠡᠳᠦᠷ ᠰᠢᠯᠢ ᠶᠢᠨ ᠭᠤᠣᠯ ᠠᠶᠢᠮᠠᠭ ᠲᠤ ᠬᠤᠷᠠᠯᠳᠤᠵᠠᠢ᠃ | ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠤᠤ ᠶᠦᠩ ᠪᠥᠸᠧ ᠬᠤᠷᠠᠯ ᠳᠤ | ᠣᠷᠣᠯᠴᠠᠵᠤ ᠶᠠᠷᠢᠶ᠎ᠠ ᠲᠠᠯᠪᠢᠯ᠎ᠠ᠃ | ᠬᠤᠷᠠᠯ ᠲᠡᠬᠡᠷ᠎ᠡ᠄ ︽ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠪᠣᠬᠢᠷᠲᠤᠯ ᠦᠭᠡᠢ ᠠᠭᠤᠷᠬᠠᠢ ᠶᠢᠨ | ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠬᠤ ᠶᠢᠨ ᠴᠢᠬᠤᠯᠠ ᠪᠦᠬᠡᠳ ᠲᠤᠯᠭᠠᠮ ᠴᠢᠨᠠᠷ ᠢ ᠭᠦᠨᠵᠡᠭᠡᠢ | ᠣᠶᠢᠯᠠᠭᠠᠵᠤ᠂ ᠰᠢᠨ᠎ᠡ ᠱᠠᠲᠤᠨ ᠳᠤ ᠰᠠᠭᠤᠷᠢᠯᠠᠵᠤ᠂ ᠰᠢᠨ᠎ᠡ ᠱᠠᠭᠠᠷᠳᠠᠯᠭ᠎ᠠ ᠲᠡᠬᠡᠷ᠎ᠡ ᠠᠩᠬᠠᠷᠤᠯ ᠢᠶᠠᠨ ᠲᠥᠪᠯᠡᠷᠡᠭᠦᠯᠵᠦ | ᠪᠠᠶᠢᠭᠠᠳ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠤᠷᠳᠤ ᠬᠤᠭᠤᠴᠠᠭ᠎ᠠ ᠪᠠᠷ ᠰᠠᠶᠢᠲᠤᠷ | ᠠᠳᠬᠤᠬᠤ ᠬᠡᠷᠡᠭᠲᠡᠢ᠃ ᠠᠵᠢᠯ ᠤᠨ ᠭᠤᠣᠯᠳᠠᠯᠭ᠎ᠠ ᠪᠠᠨ ᠲᠣᠪᠤᠶᠢᠯᠭᠠᠨ᠂ ᠪᠦᠲᠦᠭᠡᠨ ᠪᠠᠶᠢᠭᠤᠯᠬᠤ ᠪᠠᠷᠢᠮᠵᠢᠶ᠎ᠠ ᠶᠢ | ᠡᠵᠡᠮᠳᠡᠵᠦ᠂ ᠲᠥᠷᠥᠯ ᠬᠤᠪᠢᠶᠠᠨ ᠠᠬᠢᠭᠤᠯᠵᠤ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ | ᠪᠠᠶᠢᠭᠤᠯᠤᠯᠲᠠ ᠶᠢᠨ ᠬᠠᠷᠠᠯᠲᠠ ᠶᠢᠨ ᠡᠭᠦᠷᠭᠡ ᠶᠢ ᠬᠤᠭᠤᠴᠠᠭ᠎ᠠ ᠶᠣᠰᠣᠭᠠᠷ ᠪᠡᠶᠡᠯᠡᠭᠦᠯᠬᠦ ᠬᠡᠷᠡᠭᠲᠡᠢ᠃ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ | ᠪᠣᠳᠠᠲᠠᠶᠢᠵᠢᠭᠤᠯᠵᠤ᠂ ᠬᠠᠮᠵᠢᠯᠴᠠᠨ ᠬᠠᠮᠲᠤᠷᠠᠯᠴᠠᠬᠤ ᠠᠵᠢᠯ ᠢ ᠴᠢᠩᠭᠠᠳᠬᠠᠵᠤ᠂ ᠡᠯ᠎ᠡ ᠵᠦᠢᠯ ᠤᠨ ᠠᠵᠢᠯ ᠢ | ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ︾ ᠬᠡᠵᠡᠢ᠃ | ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠰᠢᠯᠢᠩᠬᠤᠲᠠ ᠶᠢᠨ ᠱᠧᠩ ᠯᠢ ᠨᠢᠭᠡᠳᠦᠭᠡᠷ ᠪᠠ ᠱᠧᠩ ᠯᠢ | ᠪᠠᠷᠠᠭᠤᠨ ᠬᠤᠶᠠᠳᠤᠭᠠᠷ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ | ᠲᠣᠭᠤᠷᠢᠨ ᠦᠵᠡᠵᠡᠬᠡᠪᠡ᠃ | | | |