ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ | | ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠬᠢᠨ ᠤᠷᠴᠢᠮ | ᠳᠤ ᠰᠤᠷᠭᠠᠨ ᠬᠥᠮᠦᠵᠢᠯ ᠤᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠢᠩᠬᠢᠮ ᠤᠨ ᠬᠢᠨ ᠲᠠᠢ ᠬᠠᠮᠲᠤᠷᠠᠨ ᠬᠤᠶᠠᠳᠤᠭᠠᠷ ᠪᠦᠯᠦᠭ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠴᠢᠳᠠᠪᠤᠷᠢᠲᠠᠨ ᠬᠥᠮᠥᠵᠢᠭᠦᠯᠬᠦ ᠰᠠᠭᠤᠷᠢᠨ ᠭᠠᠵᠠᠷ᠂ | ᠨᠠᠰᠤᠵᠢᠯ ᠤᠨ ᠠᠰᠠᠷᠠᠮᠵᠢ ᠶᠢᠨ ᠰᠤᠪᠢᠯᠠᠭᠴᠢ ᠶᠢᠨ ᠪᠣᠳᠠᠲᠠᠢ ᠪᠣᠯᠪᠠᠰᠤᠷᠠᠯ ᠤᠨ ᠰᠠᠭᠤᠷᠢᠨ ᠭᠠᠵᠠᠷ ᠢ ᠰᠣᠩᠭᠤᠬᠤ | ᠠᠵᠢᠯ ᠦᠷᠨᠢᠬᠦᠯᠪᠡ᠃ ᠠᠶᠢᠮᠠᠭ ᠤᠨ ᠬᠤᠲᠠ ᠶᠢᠨ ᠠᠷᠠᠳ ᠤᠨ ᠶᠠᠪᠤᠳᠠᠯ᠂ ᠰᠤᠷᠭᠠᠨ ᠬᠥᠮᠦᠵᠢᠯ᠂ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠬᠢᠨ ᠲᠠᠨᠢᠯᠴᠠᠭᠤᠯᠵᠤ | ᠮᠡᠳᠡᠭᠦᠯᠬᠦ᠂ ᠲᠤᠰᠬᠠᠢ ᠮᠡᠷᠭᠡᠵᠢᠯᠲᠡᠨ ᠬᠢᠨᠠᠨ ᠲᠣᠭᠲᠠᠭᠠᠬᠤ ᠪᠠ ᠵᠠᠷᠯᠠᠬᠤ ᠵᠡᠷᠭᠡ ᠭᠤᠭᠴᠤᠭ᠎ᠠ ᠶᠢ ᠴᠢᠩᠭ᠎ᠠ | ᠰᠣᠩᠭᠤᠬᠤ ᠪᠠᠷ ᠳᠡᠮᠵᠢᠨ 7 ᠨᠠᠰᠤᠵᠢᠯ ᠤᠨ ᠦᠢᠯᠡᠴᠢᠯᠡᠭᠡᠨ ᠤ ᠴᠢᠳᠠᠪᠤᠷᠢᠲᠠᠨ ᠢ ᠬᠥᠮᠥᠵᠢᠭᠦᠯᠬᠦ ᠰᠠᠭᠤᠷᠢᠨ ᠭᠠᠵᠠᠷ᠂ | 7 ᠨᠠᠰᠤᠵᠢᠯ ᠤᠨ ᠠᠰᠠᠷᠠᠭᠴᠢ ᠶᠢᠨ ᠪᠣᠳᠠᠲᠠᠢ ᠪᠣᠯᠪᠠᠰᠤᠷᠠᠯ ᠤᠨ ᠰᠠᠭᠤᠷᠢᠨ ᠭᠠᠵᠠᠷ ᠢ ᠲᠤᠬᠳᠠᠭᠠᠬᠤ ᠪᠤᠯᠤᠨ᠎ᠠ᠃ | ᠣᠳᠣᠬᠠᠨ ᠳᠤ ᠮᠠᠨ ᠤ ᠣᠷᠣᠨ ᠳᠤ ᠨᠠᠰᠤᠵᠢᠯ ᠤᠨ ᠦᠢᠯᠡᠴᠢᠯᠡᠭᠡᠨ ᠤ ᠴᠢᠳᠠᠪᠤᠷᠢᠲᠠᠨ ᠬᠥᠮᠥᠵᠢᠭᠦᠯᠬᠦ ᠰᠠᠭᠤᠷᠢᠨ | ᠭᠠᠵᠠᠷ 14᠂ ᠨᠠᠰᠤᠵᠢᠯ ᠤᠨ ᠠᠰᠠᠷᠠᠭᠴᠢ ᠶᠢᠨ ᠪᠣᠯᠪᠠᠰᠤᠷᠠᠯ ᠤᠨ ᠰᠠᠭᠤᠷᠢᠨ ᠭᠠᠵᠠᠷ 16 ᠪᠠᠶᠢᠨ᠎ᠠ᠃ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠴᠢᠳᠠᠪᠤᠷᠢᠲᠠᠨ ᠢ ᠬᠥᠮᠥᠵᠢᠭᠦᠯᠬᠦ ᠰᠠᠭᠤᠷᠢᠨ ᠭᠠᠵᠠᠷ ᠨᠢ ᠰᠤᠷᠭᠠᠭᠤᠯᠢ ᠪᠠ ᠠᠵᠤ | ᠠᠬᠤᠶᠢᠯᠠᠯ ᠤᠨ ᠬᠠᠮᠲᠤᠷᠠᠯᠴᠠᠭᠠᠨ ᠤ ᠲᠣᠭᠲᠠᠴᠠ ᠶᠢ ᠲᠡᠭᠦᠯᠳᠡᠷᠵᠢᠭᠦᠯᠵᠦ᠂ ︽ᠵᠠᠬᠢᠶᠠᠯᠠᠭ᠎ᠠ ᠶᠢᠨ ᠮᠠᠶ᠋ᠢᠭ︾ ᠤᠨ | ᠴᠢᠳᠠᠪᠤᠷᠢᠲᠠᠨ ᠢ ᠬᠥᠮᠥᠵᠢᠭᠦᠯᠬᠦ ᠶᠢ ᠠᠬᠢᠭᠤᠯᠬᠤ ᠳᠤ ᠰᠠᠭᠤᠷᠢ ᠪᠠᠲᠤᠯᠠᠭ᠎ᠠ ᠬᠠᠩᠭᠠᠭᠰᠠᠨ ᠪᠠᠶᠢᠨ᠎ᠠ᠃ | | ᠨᠠᠰᠤᠵᠢᠯ ᠤᠨ ᠦᠢᠯᠡᠴᠢᠯᠡᠭᠡ | | | ᠬᠥᠯᠥᠨ ᠪᠤᠶᠢᠷ ᠬᠤᠲᠠ ᠶᠢᠨ ᠬᠢᠨ ᠨᠠᠰᠤᠲᠠᠶᠢᠴᠤᠳ ᠤᠨ ︽ᠪᠠᠴᠢᠮᠳᠠᠯ ᠬᠦᠴᠢᠷᠳᠡᠯ ᠵᠤᠪᠠᠨᠢᠯ ᠪᠠᠷᠠᠯᠠᠯ︾ ᠳᠤ | ᠠᠩᠬᠠᠷᠤᠯ ᠢᠶᠠᠨ ᠲᠥᠪᠯᠡᠷᠡᠭᠦᠯᠵᠦ᠂ ᠲᠤᠤᠷᠵᠢᠯ ᠤᠨ ᠠᠵᠢᠯᠲᠠᠨ᠂ ᠨᠡᠶᠢᠭᠡᠮ ᠲᠣᠭᠤᠷᠢᠭ ᠶᠢᠨ ᠬᠢᠨ ᠤ ᠬᠠᠷᠢᠯᠴᠠᠬᠤ | ᠠᠷᠭ᠎ᠠ ᠶᠢ ᠲᠠᠷᠤᠮᠠᠯᠯᠠᠬᠰᠠᠨ ︽ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠺᠠᠷᠲ︾ ᠢ ᠭᠠᠷᠭᠠᠵᠤ᠂ ︽ | ᠲᠤᠤᠷᠵᠢᠯ ᠤᠨ ᠬᠢᠨ ᠬᠦᠳᠡᠯᠤᠩᠬᠦᠢ ᠪᠠᠷ ᠡᠵᠡᠮᠳᠡᠵᠤ᠂ ᠨᠠᠰᠤᠲᠠᠶᠢᠴᠤᠳ ᠰᠠᠨᠠᠭᠠᠴᠢᠯᠠᠭ᠎ᠠ ᠠᠴᠠ ᠪᠠᠨ ᠳᠠᠭᠤᠳᠠᠬᠤ︾ | ᠬᠤᠣᠰ ᠴᠢᠭᠯᠡᠯ ᠢᠶᠠᠷ ᠬᠠᠷᠢᠯᠴᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠂ ᠨᠠᠰᠤᠲᠠᠶᠢᠴᠤᠳ ᠲᠤ ᠲᠦᠷᠭᠡᠨ | ᠲᠠᠭᠤᠳᠠᠭᠤᠷ ᠲᠣᠬᠢᠷᠠᠭᠤᠯᠵᠤ᠂ ︽ᠦᠢᠯᠡᠴᠢᠯᠡᠭᠡᠨ ᠤ ᠺᠠᠷᠲ︾ ᠢᠶᠠᠷ ᠳᠠᠮᠵᠢᠭᠤᠯᠤᠨ ᠨᠡᠶᠢᠭᠡᠮ ᠲᠣᠭᠤᠷᠢᠭ ᠤᠨ ︽ | ᠨᠢᠭᠡ ᠺᠠᠷᠲ ᠢᠶᠠᠷ ᠬᠤᠶᠠᠷ ᠢ ᠬᠤᠯᠪᠣᠵᠤ ᠭᠤᠷᠪᠠ ᠶᠢ ᠰᠢᠯᠢᠳᠡᠭᠵᠢᠭᠦᠯᠬᠦ︾ ᠠᠵᠢᠯ ᠤᠨ ᠵᠠᠭᠪᠤᠷ ᠢ ᠪᠣᠶ ᠪᠤᠯᠭᠠᠪᠠ᠃ | ᠣᠳᠣᠬᠠᠨ ᠳᠤ ︽ᠦᠢᠯᠡᠴᠢᠯᠡᠭᠡᠨ ᠤ ᠺᠠᠷᠲ︾ ᠢ 1500 ᠲᠠᠷᠬᠠᠭᠠᠵᠤ᠂ ᠡᠯ᠎ᠡ ᠲᠥᠷᠥᠯ ᠤᠨ ᠠᠰᠠᠭᠤᠳᠠᠯ ᠢ 530 | ᠤᠳᠠᠭ᠎ᠠ ᠰᠢᠢᠳᠪᠦᠷᠢᠯᠡᠵᠦ᠂ ᠨᠠᠰᠤᠵᠢᠯ ᠤᠨ ᠠᠰᠠᠷᠠᠮᠵᠢ ᠶᠢᠨ ︽ᠱᠠᠭᠠᠷᠳᠠᠯᠭ᠎ᠠ ᠪᠠᠶᠢᠪᠠᠯ ᠵᠠᠪᠠᠯ ᠬᠠᠨᠭ᠍ᠭᠠᠬᠤ︾ ᠶᠢ | ᠪᠡᠶᠡᠯᠡᠭᠦᠯᠪᠡ᠃ | | | ᠨᠢᠬᠦᠯᠡᠰᠤᠩᠭᠦᠢ ᠶᠢᠨ ᠦᠢᠯᠡᠰ ᠢ ᠠᠬᠢᠭᠤᠯᠬᠤ | | ᠪᠠᠶᠠᠨᠨᠠᠭᠤᠷ ᠬᠤᠲᠠ ᠶᠢᠨ ᠤᠷᠠᠳ ᠤᠨ ᠳᠤᠮᠳᠠᠳᠤ ᠬᠤᠰᠢᠭᠤ᠂ ᠤᠷᠠᠳ ᠤᠨ ᠬᠤᠶᠢᠲᠤ ᠬᠤᠰᠢᠭᠤᠨ ᠳᠤ | ᠤᠷᠴᠢᠮ ᠭᠠᠩ ᠬᠠᠭᠰᠠᠷᠠᠭᠠᠨ ᠦᠷᠬᠦᠯᠵᠢᠯᠡᠭᠰᠡᠨ ᠨᠦᠬᠦᠴᠡᠯ ᠳᠤ ᠮᠠᠯᠴᠢᠳ ᠢ ᠬᠠᠪᠰᠤᠷᠤᠨ ᠮᠠᠯ ᠤᠨ ᠪᠣᠷᠳᠤᠭ᠎ᠠ | ᠳᠤᠲᠠᠭᠳᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ ᠪᠠᠶᠠᠨᠨᠠᠭᠤᠷ ᠬᠤᠲᠠ ᠶᠢᠨ ᠨᠢᠭᠦᠯᠡᠰᠦᠩᠭᠦᠢ ᠶᠢᠨ | ᠨᠡᠶᠢᠬᠡᠮᠯᠢᠭ ᠤᠨ ᠬᠢᠨ ᠪᠠᠶᠠᠨᠨᠠᠭᠤᠷ ᠬᠤᠲᠠ ᠶᠢᠨ ᠡᠯ᠎ᠡ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ | ᠨᠢᠬᠡᠴᠢ᠂ ᠨᠡᠶᠢᠭᠡᠮ ᠤᠨ ᠪᠦᠯᠬᠦᠮ ᠪᠠ ᠨᠡᠶᠢᠭᠡᠮ ᠤᠨ ᠡᠯ᠎ᠡ ᠡᠲᠡᠭᠡᠳ ᠤᠨ ᠪᠤᠶᠠᠨᠰᠠᠭ ᠬᠥᠮᠥᠰ ᠢ ᠴᠠᠭ ᠲᠤᠬᠠᠢ ᠳᠤ ᠨᠢ | ᠳᠠᠶᠢᠴᠢᠯᠠᠨ ᠤᠷᠠᠳ ᠤᠨ ᠳᠤᠮᠳᠠᠳᠤ ᠬᠤᠰᠢᠭᠤ᠂ ᠤᠷᠠᠳ ᠤᠨ ᠬᠤᠶᠢᠲᠤ ᠬᠤᠰᠢᠭᠤᠨ ᠳᠤ ᠭᠦᠨᠵᠡᠭᠡᠶᠢᠷᠡᠭᠦᠯᠦᠨ | ᠮᠠᠯᠵᠢᠬᠤ ᠣᠷᠣᠨ ᠤ ᠭᠠᠩ ᠬᠠᠭᠰᠠᠷᠠᠭᠠᠨ ᠤ ᠭᠠᠮᠰᠢᠭ ᠠᠴᠠ ᠠᠪᠤᠷᠠᠨ ᠲᠤᠰᠠᠯᠠᠵᠠᠢ᠃ ᠣᠳᠣᠬᠠᠨ ᠳᠤ 6.5 ᠲᠦᠮᠡᠨ | ᠲᠥᠭᠦᠷᠢᠭ ᠤᠨ ᠵᠣᠭᠤᠰ ᠮᠥᠩᠭᠦ ᠡᠳ᠋ ᠪᠣᠳᠠᠰ ᠬᠠᠨᠳᠢᠪᠯᠡᠵᠤ᠂ 50 ᠡᠷᠦᠬᠡ ᠳᠤ ᠠᠰᠢᠭ ᠬᠦᠷᠲᠡᠭᠡᠪᠡ᠃ | | | | |