ᠮᠠᠨ ᠤ ᠤᠷᠤᠨ ᠤ ᠬᠢᠨ ᠡᠮ ᠤᠨ ᠵᠦᠢᠯ ᠤᠨ ᠬᠤᠷᠣᠭᠳᠠᠯ ᠮᠠᠲ᠋ᠧᠷᠢᠶᠠᠯ ᠢ ᠲᠦᠪᠯᠡᠷᠡᠬᠦᠯᠤᠨ ᠬᠤᠳᠠᠯᠳᠤᠨ ᠠᠪᠴᠤ ᠣᠯᠠᠨ ᠲᠦᠮᠡᠨ ᠤ ᠡᠮᠴᠢᠯᠡᠭᠡᠨ ᠤ ᠳᠠᠷᠤᠭᠠᠰᠤ ᠶᠢ ᠬᠥᠩᠭᠡᠯᠡᠬᠦ ᠪᠠᠷ ᠴᠢᠷᠮᠠᠶᠢᠵᠤ ᠪᠣᠶ
ᠨᠡᠶᠢᠲᠡᠯᠡᠭᠰᠡᠨ ᠴᠠᠭ᠄
2024/7/3
   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠮᠠᠨ ᠤ ᠤᠷᠤᠨ ᠦᠨᠤ ᠵᠢᠯ ᠡᠮ ᠤᠨ ᠵᠦᠢᠯ ᠤᠨ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠠᠵᠢᠯ ᠢᠶᠠᠨ ᠴᠢᠩᠭᠠᠳᠬᠠᠵᠤ᠂  ᠬᠤᠯᠪᠤᠭᠠᠯᠠᠬᠤ ᠪᠠ ᠣᠷᠣᠨ ᠨᠤᠲᠤᠭ ᠬᠤᠶᠠᠷ ᠲᠠᠯ᠎ᠠ ᠪᠠᠷ ᠭᠤᠣᠯᠳᠠᠯᠭ᠎ᠠ ᠲᠠᠢ ᠠᠵᠢᠯ ᠥᠷᠨᠢᠭᠦᠯᠵᠦ᠂ ᠲᠥᠪᠯᠡᠷᠡᠭᠦᠯᠦᠨ ᠬᠤᠳᠠᠯᠳᠤᠨ ᠠᠪᠬᠤ ᠬᠠᠮᠤᠷᠬᠤ ᠬᠡᠪᠴᠢᠶ᠎ᠡ ᠶᠢ ᠦᠷᠭᠦᠯᠵᠢᠯᠡᠨ ᠥᠷᠭᠡᠳᠬᠡᠬᠦ ᠶᠢᠨ ᠬᠠᠮᠲᠤ ᠲᠥᠪᠯᠡᠷᠡᠭᠦᠯᠦᠨ  ᠬᠤᠳᠠᠯᠳᠤᠨ ᠠᠪᠤᠬᠰᠠᠨ ᠪᠠᠶᠢᠳᠠᠯ ᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠰᠠᠭᠤᠷᠢ ᠮᠥᠩᠭᠦ ᠶᠢᠨ ︽ᠨᠢᠰᠦᠯᠲᠡ ᠶᠢᠨ ᠪᠠᠶᠢᠴᠠᠭᠠᠯᠲᠠ︾ ᠳᠤ ᠪᠥᠬᠦ ᠲᠠᠯ᠎ᠠ ᠪᠠᠷ ᠣᠷᠣᠭᠤᠯᠵᠤ᠂ ᠣᠯᠠᠨ ᠲᠦᠮᠡᠨ ᠤ ︽ᠠᠮᠢ ᠠᠪᠤᠷᠠᠬᠤ ᠮᠥᠩᠭᠦ︾ ᠶᠢ ᠰᠠᠶᠢᠲᠤᠷ ᠬᠠᠮᠠᠭᠠᠯᠠᠵᠤ ᠪᠠᠶᠢᠨ᠎ᠠ᠃   ᠡᠭᠦᠨ ᠳᠤ ᠡᠮ ᠤᠨ ᠵᠦᠢᠯ ᠤᠨ ᠲᠠᠯ᠎ᠠ ᠪᠠᠷ ᠬᠤᠪᠧᠢ ᠮᠤᠵᠢ ᠶᠢᠨ ᠬᠢᠨ ᠤ ᠲᠦᠷᠦᠭᠦᠯᠡᠨ ᠬᠢᠵᠤ ᠪᠠᠶᠢᠭ᠎ᠠ ᠬᠢᠲᠠᠳ ᠪᠡᠯᠡᠨ ᠡᠮ ᠤᠨ ᠬᠤᠯᠪᠣᠭ᠎ᠠ᠂ ᠱᠠᠨᠳᠦ᠋ᠩ ᠮᠤᠵᠢ ᠶᠢᠨ ᠬᠢᠨ ᠠᠴᠠ ᠲᠦᠷᠦᠭᠦᠯᠡᠨ ᠬᠢᠵᠤ ᠪᠠᠶᠢᠭ᠎ᠠ ᠬᠢᠲᠠᠳ ᠬᠡᠷᠴᠢᠮ ᠡᠮ ᠤᠨ ᠬᠤᠯᠪᠣᠭ᠎ᠠ᠂ ᠾᠧᠨᠠᠨ  ᠮᠤᠵᠢ ᠶᠢᠨ ᠬᠢᠨ ᠠᠴᠠ ᠲᠦᠷᠦᠭᠦᠯᠡᠨ ᠬᠢᠵᠤ ᠪᠠᠶᠢᠭ᠎ᠠ ︽ᠭᠦᠸᠧ ᠼᠠᠢ︾ ᠣᠷᠣᠯᠠᠵᠤ ᠪᠣᠯᠬᠤ ᠡᠮ ᠤᠨ ᠵᠦᠢᠯ ᠤᠨ ᠬᠤᠯᠪᠣᠭ᠎ᠠ᠂ ︽ᠰᠠᠨ ᠮᠢᠩ︾ ᠲᠦᠷᠦᠭᠦᠯᠡᠨ ᠬᠢᠬᠦ ᠬᠠᠪᠤᠳᠠᠷ ᠪᠠ ᠠᠮᠢᠰᠬᠤᠯ ᠤᠨ ᠰᠢᠰᠲ᠋ᠧᠮ ᠵᠡᠷᠭᠡ ᠲᠥᠪᠯᠡᠷᠡᠭᠦᠯᠦᠨ ᠴᠤᠭᠯᠠᠭᠤᠯᠬᠤ ᠠᠵᠢᠯ ᠳᠤ ᠢᠳᠡᠪᠬᠢᠲᠡᠢ ᠤᠷᠤᠯᠴᠠᠪᠠ᠃ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠲᠠᠯ᠎ᠠ ᠪᠠᠷ ᠵᠢᠶᠠᠩᠰᠢ ᠮᠤᠵᠢ ᠶᠢᠨ ᠬᠢᠨ ᠤ ᠲᠦᠷᠦᠭᠦᠯᠡᠨ ᠬᠢᠵᠤ ᠪᠠᠶᠢᠭ᠎ᠠ ᠠᠮᠢᠳᠤ ᠪᠣᠳᠠᠰ ᠤᠨ ᠬᠢᠮᠢ ᠶᠢᠨ ᠲᠦᠷᠦᠯ ᠤᠨ ᠪᠠ ᠠᠨᠾᠦ᠋ᠢ ᠮᠤᠵᠢ ᠶᠢᠨ ᠬᠢᠨ ᠠᠴᠠ ᠲᠦᠷᠦᠭᠦᠯᠡᠨ  ᠬᠢᠵᠤ ᠪᠠᠶᠢᠭ᠎ᠠ ᠬᠠᠪᠤᠳᠠᠷ ᠤᠨ ᠲᠡᠮᠳᠡᠭ ᠪᠣᠳᠠᠰ ᠵᠡᠷᠭᠡ ᠪᠡᠶ᠎ᠡ ᠶᠢᠨ ᠭᠠᠳᠠᠨᠠᠬᠢ ᠣᠨᠣᠰᠢᠯᠠᠯᠲᠠ ᠶᠢᠨ ᠲᠤᠷᠰᠢᠯᠲᠠ ᠶᠢᠨ ᠡᠮ ᠤᠨ ᠬᠤᠯᠪᠣᠭ᠎ᠠ᠂ ᠭᠤᠸᠠᠩᠳᠦ᠋ᠩ ᠮᠤᠵᠢ ᠶᠢᠨ ᠬᠢᠨ ᠤ ᠲᠦᠷᠦᠭᠦᠯᠡᠨ ᠬᠢᠵᠤ ᠪᠠᠶᠢᠭ᠎ᠠ ᠬᠡᠳᠦ ᠳᠠᠭᠤᠨ ᠤ ᠬᠢᠲᠤᠭ᠎ᠠ ᠶᠢᠨ ᠬᠤᠯᠪᠣᠭ᠎ᠠ᠂ ᠵᠧᠵᠢᠶᠠᠩ ᠮᠤᠵᠢ ᠶᠢᠨ ᠬᠢᠨ ᠤ ᠲᠦᠷᠦᠭᠦᠯᠡᠨ ᠬᠢᠵᠤ ᠪᠠᠶᠢᠭ᠎ᠠ ᠬᠥᠬᠦᠨ ᠤ ᠡᠷᠭᠢᠯᠳᠦᠭᠦᠯᠦᠨ ᠬᠡᠷᠴᠢᠬᠦ ᠵᠡᠭᠦᠦ ᠶᠢᠨ ᠬᠤᠯᠪᠣᠭ᠎ᠠ᠂ ᠹᠦᠵᠢᠶᠠᠨ ᠮᠤᠵᠢ ᠶᠢᠨ ᠬᠢᠨ ᠤ ᠲᠦᠷᠦᠭᠦᠯᠡᠨ ᠴᠢᠰᠤᠨ ᠰᠤᠳᠠᠯ ᠤᠨ ᠨᠡᠬᠡᠳᠡᠰᠦ ᠶᠢ ᠪᠢᠲᠡᠭᠦᠮᠵᠢᠯᠡᠬᠦ ᠳᠤ ᠬᠡᠷᠡᠭᠯᠡᠬᠦ ᠵᠠᠩᠭᠢᠳᠬᠤ ᠬᠠᠪᠴᠢᠭᠤᠷ ᠤᠨ ᠬᠤᠯᠪᠣᠭ᠎ᠠ ᠶᠢᠨ ᠬᠤᠳᠠᠯᠳᠤᠨ ᠠᠪᠬᠤ ᠠᠵᠢᠯ ᠳᠤ ᠢᠳᠡᠪᠬᠢᠳᠡᠢ ᠤᠷᠤᠯᠴᠠᠬᠰᠠᠨ ᠤ ᠬᠠᠮᠲᠤ ᠤᠷᠢᠳᠴᠢᠯᠠᠨ ᠴᠡᠨᠡᠭᠯᠡᠬᠦ ᠮᠠᠶ᠋ᠢᠭ ᠤᠨ ᠳᠠᠮᠵᠢᠭᠤᠯᠬᠤ ᠬᠤᠭᠤᠯᠠᠢ ᠶᠢᠨ ᠤᠬᠢᠶᠠᠭᠤᠷ ᠢ ᠵᠤᠬᠢᠬᠤ ᠬᠡᠮᠵᠢᠶ᠎ᠡ ᠲᠠᠢ ᠪᠠᠷ ᠲᠥᠪᠯᠡᠷᠡᠭᠦᠯᠦᠨ ᠬᠤᠳᠠᠯᠳᠤᠨ ᠠᠪᠬᠤ ᠠᠵᠢᠯ ᠢ ᠦᠷᠭᠦᠯᠵᠢᠯᠡᠨ ᠠᠬᠢᠭᠤᠯᠵᠤ ᠪᠠᠶᠢᠨ᠎ᠠ᠃    ᠡᠭᠦᠨ ᠠᠴᠠ ᠭᠠᠳᠠᠨ᠎ᠠ ︽ᠨᠢᠰᠦᠯᠲᠡ ᠶᠢᠨ ᠪᠠᠶᠢᠴᠠᠭᠠᠯᠲᠠ︾ ᠶᠢᠨ ᠳᠤᠮᠳᠠ ᠪᠠᠶᠢᠴᠠᠭᠠᠵᠤ ᠭᠠᠷᠭᠠᠭᠰᠠᠨ ᠰᠦᠯᠵᠢᠶᠡᠨ ᠭᠠᠳᠠᠨ᠎ᠠ ᠲᠡᠩᠳᠡᠬᠦᠤ ᠦᠨ᠎ᠡ ᠲᠠᠢ ᠠᠴᠠ ᠪᠤᠯᠵᠤ ᠰᠣᠩᠭᠤᠭᠳᠠᠭᠰᠠᠨ ᠦᠭᠡᠢ ᠦᠢᠯᠡᠳᠬᠦᠨ ᠢ ᠬᠤᠳᠠᠯᠳᠤᠨ ᠠᠪᠤᠭᠰᠠᠨ᠂ ᠬᠡᠷᠡᠭᠯᠡᠭᠰᠡᠨ ᠵᠡᠷᠭᠡ ᠠᠰᠠᠭᠤᠳᠠᠯ ᠢ ᠡᠮᠴᠢᠯᠡᠭᠡᠨ ᠤ ᠪᠠᠶᠢᠭᠤᠯᠤᠮᠵᠢ ᠪᠠ ᠠᠵᠤ ᠠᠬᠤᠶᠢᠯᠠᠯ ᠳᠤ ᠵᠠᠷᠯᠠᠨ ᠮᠡᠳᠡᠭᠳᠡᠵᠦ᠂ ᠪᠣᠯᠵᠣᠨ ᠶᠠᠷᠢᠯᠴᠠᠵᠤ᠂ ᠳᠠᠭᠠᠳᠬᠠᠯ ᠢ ᠮᠡᠬᠡᠯᠡᠭᠰᠡᠨ ᠰᠡᠵᠢᠭᠯᠡᠯᠲᠡᠢ ᠦᠶᠯᠡ ᠠᠵᠢᠯᠯᠠᠭ᠎ᠠ ᠶᠢ ᠮᠡᠳᠡᠭᠰᠡᠨ ᠲᠠᠷᠤᠢ ᠳᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠵᠦ᠂ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠤᠷᠢᠯᠡᠬᠦᠯᠪᠡ ᠃ 
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号