ᠶᠠᠩ ᠶᠢᠨ ᠪᠠᠶᠠᠷ ᠤᠨ ᠦᠭᠡ ᠬᠡᠯᠡᠵᠡᠢ | | ᠳᠤᠮᠳᠠᠳᠤ ᠤᠯᠤᠰ ᠤᠨ ᠰᠠᠯᠪᠤᠷᠢ ᠱᠤᠭᠤᠮ ᠤᠨ ᠠᠭᠠᠷ ᠤᠨ ᠠᠶᠠᠯᠠᠯ ᠪᠠ ᠰᠣᠶᠣᠯ ᠵᠤᠭᠠᠴᠠᠯ ᠢ | ᠠᠭᠤᠰᠤᠯᠴᠠᠭᠤᠯᠤᠨ ᠬᠥᠭᠵᠢᠭᠦᠯᠬᠦ ᠭᠤᠷᠪᠠᠳᠤᠭᠠᠷ ᠬᠤᠭᠤᠴᠠᠭᠠᠨ ᠤ ᠶᠡᠭᠡ ᠬᠤᠷᠠᠯ 7 ᠳ᠋ᠤᠭᠠᠷ ᠰᠠᠷ᠎ᠠ ᠶᠢᠨ 2 ᠤᠨ | ᠡᠳᠦᠷ ᠬᠢᠩᠭᠠᠨ ᠠᠶᠢᠮᠠᠭ ᠲᠤ ᠬᠤᠷᠠᠯᠳᠤᠪᠠ᠃ | ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠶᠠᠩ ᠶᠢᠨ ᠬᠤᠷᠠᠯ ᠳᠤ | ᠣᠷᠣᠯᠴᠠᠵᠤ ᠪᠠᠶᠠᠷ ᠤᠨ ᠦᠭᠡ ᠬᠡᠯᠡᠯ᠎ᠡ᠃ | ᠬᠤᠷᠠᠯ ᠳᠤ ᠤᠷᠤᠯᠴᠠᠬᠰᠠᠳ ︽ ᠭᠤᠤᠯ ᠱᠤᠭᠤᠮ ᠪᠠ ᠰᠠᠯᠪᠤᠷᠢ ᠱᠤᠭᠤᠮ ᠢ ᠨᠡᠪᠲᠡᠷᠡᠭᠦᠯᠬᠦ᠂ ᠪᠦᠬᠦ ᠲᠤᠤᠷᠵᠢᠯ | ᠢᠶᠠᠷ ᠰᠦᠯᠵᠢᠶ᠎ᠡ ᠪᠠᠷ ᠬᠤᠯᠪᠣᠭᠠᠯᠠᠬᠤ︾ ᠶᠢ ᠠᠬᠢᠭᠤᠯᠬᠤ ᠶᠢᠨ ᠲᠣᠭᠤᠷᠢᠨ ᠳᠤ ᠳᠤᠮᠳᠠᠳᠤ ᠤᠯᠤᠰ ᠤᠨ ᠠᠷᠠᠳ ᠤᠨ | ᠠᠭᠠᠷ ᠤᠨ ᠲᠡᠭᠡᠭᠡᠪᠦᠷᠢ ᠶᠢᠨ ᠴᠢᠨᠠᠷᠯᠢᠭ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪᠲᠦ ᠶᠠᠷᠢᠶ᠎ᠠ ᠢᠯᠡᠳᠬᠡᠯ᠂ | ᠲᠤᠭᠤᠢ ᠰᠢᠷᠡᠭᠡᠨ ᠤ ᠶᠠᠷᠢᠯᠴᠠᠭ᠎ᠠ ᠥᠷᠨᠢᠭᠦᠯᠵᠦ᠂ ᠰᠠᠯᠪᠤᠷᠢ ᠱᠤᠭᠤᠮ ᠤᠨ ᠠᠭᠠᠷ ᠤᠨ ᠠᠶᠠᠯᠠᠯ ᠤᠨ ᠬᠦᠭᠵᠢᠬᠦᠯᠤᠯᠳᠡ | ᠂ ᠠᠭᠠᠷ ᠤᠨ ᠠᠶᠠᠯᠠᠯ ᠵᠤᠭᠠᠴᠠᠯ ᠤᠨ ᠠᠭᠤᠰᠤᠯᠴᠠᠯ ᠢ ᠭᠦᠨᠵᠡᠭᠡᠶᠢᠷᠡᠭᠦᠯᠬᠦ ᠳᠤ ᠰᠢᠨ᠎ᠡ ᠰᠡᠳᠬᠢᠴᠡ ᠶᠢ ᠥᠷᠭᠡᠳᠬᠡᠪᠡ᠃ | | ᠶᠠᠩ ᠶᠢᠨ᠄ ︽ᠮᠠᠨ ᠤ ᠤᠷᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠬᠦᠭᠵᠢᠬᠦᠯᠤᠯᠳᠡ ᠶᠢ | ᠴᠢᠬᠤᠯᠠᠴᠢᠯᠠᠨ᠂ ︽ᠰᠠᠯᠪᠤᠷᠢ ᠰᠠᠯᠪᠤᠷᠢ ᠨᠡᠪᠳᠡᠷᠡᠯᠴᠡᠬᠦ︾ ᠲᠤᠤᠷᠵᠢᠯ ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ | ︽ᠳᠠᠭᠤᠷᠢᠶᠠᠮᠠᠯ ᠠᠭᠠᠷ ᠤᠨ ᠠᠶᠠᠯᠠᠯ︾ ᠤᠨ ᠰᠢᠨ᠎ᠡ ᠶᠢ ᠡᠭᠦᠳᠴᠦ᠂ ︽ᠰᠠᠯᠪᠤᠷᠢ ᠱᠤᠭᠤᠮ ᠲᠦᠷᠭᠡᠨ ᠤ ᠱᠤᠭᠤᠮ︾ | ᠢ ᠤᠯᠠᠰᠢᠷᠠᠭᠤᠯᠤᠨ᠂ ︽ᠭᠤᠤᠯ ᠱᠤᠭᠤᠮ ᠪᠠ ᠰᠠᠯᠠᠭ᠎ᠠ ᠱᠤᠭᠤᠮ ᠬᠤᠯᠪᠤᠭᠠᠯᠠᠨ ᠬᠥᠳᠡᠯᠦᠯᠴᠡᠬᠦ︾ ᠠᠵᠢᠯ ᠢ | ᠴᠢᠩᠭᠠᠳᠬᠠᠪᠠ᠃ ᠨᠡᠶᠢᠳᠡᠮ ᠤᠨ ᠬᠡᠷᠡᠭᠯᠡᠭᠡᠨ ᠤ ᠠᠭᠠᠷ ᠤᠨ ᠠᠶᠠᠯᠠᠯ᠂ ᠲᠤᠤᠭᠤᠷ ᠨᠢᠰᠬᠦ ᠠᠭᠠᠷ ᠤᠨ ᠠᠵᠤ | ᠠᠬᠤᠢ ᠶᠢ ᠰᠢᠨ᠎ᠡ ᠪᠠᠷ ᠬᠥᠭᠵᠢᠭᠰᠡᠨ ᠠᠵᠤ ᠦᠢᠯᠡᠰ ᠪᠣᠯᠭᠠᠨ ᠲᠥᠯᠥᠪᠵᠢᠭᠦᠯᠦᠨ ᠪᠠᠶᠢᠷᠢᠯᠠᠭᠤᠯᠬᠤ ᠶᠢ ᠪᠠᠷᠢᠮᠲᠠᠯᠠᠵᠤ᠂ | ᠠᠭᠠᠷ ᠤᠨ ᠠᠶᠠᠯᠠᠯ ᠪᠠ ᠵᠢᠭᠤᠯᠴᠢᠯᠠᠯ ᠠᠭᠤᠰᠤᠯᠳᠤᠨ ᠬᠥᠭᠵᠢᠬᠦ ᠶᠢ ᠦᠷᠭᠦᠯᠵᠢᠯᠡᠨ ᠠᠬᠢᠭᠤᠯᠵᠤ᠂ ᠠᠭᠠᠷ ᠤᠨ | ᠠᠶᠠᠯᠠᠯ ᠤᠨ ᠬᠦᠷᠢᠶ᠎ᠡ ᠴᠠᠷᠠᠭ᠎ᠠ ᠳᠤ ᠬᠢ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠲᠦᠷᠬᠡᠨ | ᠪᠤᠶᠢᠵᠢᠭᠤᠯᠬᠤ ᠬᠡᠷᠡᠭᠳᠡᠢ︾ ᠬᠡᠵᠡᠢ᠃ | | | |