6 ᠳ᠋ᠤᠭᠠᠷ ᠰᠠᠷ᠎ᠠ ᠶᠢᠨ 29 ᠤ ᠡᠳᠤᠷ ᠬᠤᠷᠠᠯᠳᠤᠭᠤᠯᠤᠬᠰᠠᠨ ᠪᠦᠬᠦ ᠤᠷᠤᠨ ᠤ ᠨᠤᠳᠤᠭ ᠪᠡᠯᠴᠢᠬᠡᠷ ᠤᠨ ᠠᠵᠢᠯ | ᠤᠨ ᠶᠠᠷᠢᠯᠴᠠᠬᠤ ᠬᠤᠷᠠᠯ ᠪᠠ ᠡᠪᠡᠰᠤ ᠪᠡᠯᠴᠢᠭᠡᠷ ᠤᠨ ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠪᠣᠯᠣᠨ | ᠡᠪᠡᠰᠦᠨ ᠤ ᠠᠵᠤ ᠦᠢᠯᠡᠰ ᠤᠨ ᠠᠵᠢᠯ ᠢ ᠠᠬᠢᠭᠤᠯᠬᠤ ᠬᠤᠷᠠᠯ ᠠᠴᠠ ᠣᠶᠢᠯᠠᠭᠠᠭᠰᠠᠨ ᠢᠶᠠᠷ 2023 ᠣᠨ ᠳᠤ ᠪᠦᠬᠦ | ᠣᠷᠣᠨ ᠤ ᠡᠪᠡᠰᠦᠨ ᠦᠷ᠎ᠡ ᠶᠢ ᠪᠣᠶᠢᠵᠢᠭᠤᠯᠬᠤ ᠰᠠᠭᠤᠷᠢᠨ ᠤ ᠲᠠᠯᠠᠪᠠᠢ 26.5 ᠲᠦᠮᠡᠨ ᠮᠦ ᠳᠤ ᠬᠦᠷᠴᠦ᠂ ᠵᠢᠯ ᠤᠨ | ᠦᠷ᠎ᠡ ᠪᠣᠶᠢᠵᠢᠭᠤᠯᠬᠤ ᠴᠢᠳᠠᠪᠤᠷᠢ 500 ᠲᠦᠮᠡᠨ ᠺᠢᠯᠣᠭ᠍ᠷᠠᠮ ᠢ ᠳᠠᠪᠠᠵᠤ᠂ ᠲᠠᠷᠢᠮᠠᠯ ᠡᠪᠡᠰᠦ 2172 ᠲᠦᠮᠡᠨ ᠮᠦ᠂ | ᠡᠯ᠎ᠡ ᠲᠦᠷᠦᠯ ᠤᠨ ᠲᠡᠵᠢᠭᠡᠯ ᠡᠪᠡᠰᠦᠨ ᠤ ᠭᠠᠷᠤᠯᠲᠠ 7543 ᠲᠦᠮᠡᠨ ᠲᠣᠨ ᠂ ᠡᠪᠡᠰᠦᠨ ᠤ ᠠᠵᠤ ᠦᠢᠯᠡᠰ ᠤᠨ | ᠬᠡᠯᠬᠢᠶ᠎ᠡ ᠶᠢᠨ ᠦᠢᠯᠡᠳᠬᠦᠨ ᠤ ᠦᠷᠳᠡᠭ 802.1 ᠳ᠋ᠦᠩᠰᠢᠭᠤᠷ ᠲᠥᠭᠦᠷᠢᠭ ᠲᠤ ᠬᠦᠷᠴᠦ᠂ ᠭᠠᠷᠤᠯᠲᠠ᠂ | ᠦᠢᠯᠡᠳᠬᠦᠨ ᠤ ᠦᠷᠳᠡᠭ ᠴᠥᠮ ᠪᠦᠬᠦ ᠤᠯᠤᠰ ᠤᠨ ᠲᠡᠷᠢᠭᠦᠨ ᠳᠤ ᠣᠷᠣᠪᠠ᠃ | ᠦᠨᠤ ᠵᠢᠯ ᠮᠠᠨ ᠤ ᠤᠷᠤᠨ ᠭᠤᠷᠪᠠᠨ ᠤᠮᠠᠷᠠᠲᠤ ᠶᠢᠨ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ ᠤᠨ | ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠲᠦᠷᠭᠡᠳᠬᠡᠵᠦ᠂ ᠨᠤᠲᠤᠭ ᠪᠡᠯᠴᠢᠭᠡᠷ ᠤᠨ ᠬᠡᠲᠦ ᠮᠠᠯᠵᠢᠯ ᠤᠨ | ᠠᠰᠠᠭᠤᠳᠠᠯ ᠢ ᠰᠢᠢᠳᠪᠦᠷᠢᠯᠡᠬᠦ ᠲᠤᠷᠰᠢᠯᠲᠠ ᠶᠢᠨ ᠠᠵᠢᠯ ᠢ ᠠᠬᠢᠭᠤᠯᠵᠤ᠂ ᠡᠪᠡᠰᠦᠨ ᠤ ᠦᠢᠯᠡᠰ ᠤᠨ ᠴᠢᠨᠠᠷᠯᠢᠭ | ᠬᠥᠭᠵᠢᠯᠲᠡ ᠶᠢ ᠠᠬᠢᠭᠤᠯᠤᠨ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠪᠠ ᠰᠡᠷᠭᠦᠭᠡᠯᠲᠡ ᠶᠢ | ᠦᠷᠭᠦᠯᠵᠢᠯᠡᠨ ᠠᠬᠢᠭᠤᠯᠵᠤ᠂ ᠨᠤᠲᠤᠭ ᠪᠡᠯᠴᠢᠭᠡᠷ ᠤᠨ ᠬᠥᠨᠥᠭᠡᠯᠲᠡᠢ ᠠᠮᠢᠳᠤ ᠪᠣᠳᠠᠰ ᠢ ᠰᠡᠷᠭᠡᠶᠢᠯᠡᠨ ᠡᠵᠡᠮᠳᠡᠬᠦ ᠶᠢ | ᠴᠢᠩᠭᠠᠳᠬᠠᠪᠠ᠃ ᠪᠥᠬᠦ ᠣᠷᠣᠨ ᠳᠤ 7.31 ᠳ᠋ᠦᠩᠰᠢᠭᠤᠷ ᠮᠦ ᠦᠨᠳᠦᠰᠦᠨ ᠨᠤᠲᠤᠭ ᠪᠡᠯᠴᠢᠭᠡᠷ ᠢ ᠬᠤᠪᠢᠶᠠᠷᠢᠯᠠᠨ | ᠲᠣᠭᠲᠠᠭᠠᠵᠤ ᠲᠤᠬᠢᠷᠠᠭᠤᠯᠪᠠ᠃ 6 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ ᠪᠥᠬᠦ ᠣᠷᠣᠨ ᠳᠤ ᠡᠪᠡᠰᠦ ᠳᠠᠷᠢᠵᠤ | ᠨᠤᠳᠤᠭ ᠪᠡᠯᠴᠢᠬᠡᠷ ᠢ ᠰᠠᠶᠢᠵᠢᠷᠠᠭᠤᠯᠬᠤ ᠡᠭᠦᠷᠭᠡ ᠶᠢ 791.9 ᠲᠦᠮᠡᠨ ᠮᠦ᠂ 50 ᠲᠦᠮᠡᠨ ᠮᠦ ᠲᠠᠴᠢᠷᠳᠠᠵᠤ | ᠡᠯᠡᠰᠦᠵᠢᠭᠰᠡᠨ ᠲᠡᠵᠢᠬᠡᠯ ᠡᠪᠡᠰᠦ ᠪᠡᠯᠴᠢᠭᠡᠷ ᠢ ᠵᠠᠰᠠᠨ ᠰᠡᠷᠭᠦᠭᠡᠬᠦ ᠡᠭᠦᠷᠭᠡ ᠶᠢ ᠪᠡᠶᠡᠯᠡᠭᠦᠯᠵᠦ᠂ 92.19 ᠲᠦᠮᠡᠨ ᠮᠦ | ᠲᠠᠴᠢᠷ ᠪᠡᠯᠴᠢᠬᠡᠷ ᠤᠨ ᠡᠪᠡᠰᠦ ᠪᠡᠯᠴᠢᠭᠡᠷ ᠢ ᠰᠠᠶᠢᠵᠢᠷᠠᠭᠤᠯᠬᠤ ᠪᠠ ᠪᠤᠲᠠ ᠮᠣᠳᠣᠨ ᠤ ᠣᠶ ᠳᠠᠷᠢᠵᠤ ᠲᠠᠴᠷᠢ ᠭᠠᠵᠠᠷ | ᠲᠤ ᠡᠪᠡᠰᠤ ᠳᠠᠷᠢᠬᠤ ᠡᠭᠦᠷᠭᠡ ᠶᠢ ᠪᠡᠶᠡᠯᠡᠭᠦᠯᠵᠦ᠂ ᠲᠠᠯ᠎ᠠ ᠨᠤᠲᠤᠭ ᠤᠨ ᠬᠤᠯᠤᠭᠠᠨ᠎ᠠ ᠪᠠ ᠬᠤᠷᠣᠬᠠᠢ ᠶᠢᠨ ᠬᠥᠨᠥᠭᠡᠯ ᠢ | ᠰᠡᠷᠭᠡᠶᠢᠯᠡᠨ ᠵᠠᠰᠠᠬᠤ ᠲᠠᠯ᠎ᠠ ᠪᠠᠷ 3377.38 ᠲᠦᠮᠡᠨ ᠮᠦ ᠪᠠᠶᠢᠨ᠎ᠠ᠃ | ᠬᠤᠷᠠᠯ ᠲᠡᠬᠡᠷ᠎ᠡ᠄ ︽ᠡᠯ᠎ᠡ ᠭᠠᠵᠠᠷ ᠤᠨ ᠤᠢ ᠰᠢᠭᠤᠢ ᠡᠪᠡᠰᠦ ᠪᠡᠯᠴᠢᠭᠡᠷ ᠤᠨ ᠰᠠᠯᠠᠭ᠎ᠠ ᠮᠥᠴᠢᠷ ᠤᠨ ᠬᠢᠨ | ᠡᠪᠡᠰᠤ ᠪᠡᠯᠴᠢᠭᠡᠷ ᠤᠨ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠪᠠᠷ ᠭᠤᠣᠯᠳᠠᠭᠤᠯᠵᠤ ᠬᠠᠷᠢᠭᠤᠴᠠᠯᠭ᠎ᠠ ᠶᠢ | ᠲᠠᠰᠤᠷᠠᠯᠲᠠ ᠦᠭᠡᠢ ᠪᠣᠳᠠᠲᠠᠶᠢᠵᠢᠭᠤᠯᠵᠤ᠂ ᠡᠪᠡᠰᠦ ᠪᠡᠯᠴᠢᠭᠡᠷ ᠢ ᠰᠠᠶᠢᠲᠤᠷ ᠪᠣᠶᠢᠵᠢᠭᠤᠯᠬᠤ ᠮᠥᠷᠲᠡᠭᠡᠨ ᠮᠠᠯ | ᠤᠨᠤᠭ᠎ᠠ ᠶᠢ ᠴᠤ ᠰᠠᠶᠢᠲᠤᠷ ᠬᠠᠮᠢᠶᠠᠷᠬᠤ ᠶᠢᠨ ᠬᠠᠮᠲᠤ ᠲᠡᠷᠢᠭᠦᠨ ᠤ ᠲᠤᠷᠰᠢᠯᠭ᠎ᠠ ᠶᠢ ᠴᠠᠭ ᠲᠤᠬᠠᠢ ᠳᠤ ᠨᠢ | ᠳᠡᠯᠭᠡᠷᠡᠭᠦᠯᠵᠦ᠂ ᠨᠡᠶᠢᠲᠡᠯᠢᠭ ᠵᠢᠱᠢᠶ᠎ᠡ ᠪᠠᠷ ᠨᠤᠲᠤᠭ ᠪᠡᠯᠴᠢᠭᠡᠷ ᠤᠨ ᠮᠠᠯ ᠪᠡᠯᠴᠢᠭᠡᠷ ᠤᠨ ᠠᠰᠠᠭᠤᠳᠠᠯ ᠢ ᠪᠦᠬᠦ | ᠲᠠᠯ᠎ᠠ ᠪᠠᠷ ᠰᠢᠢᠳᠪᠦᠷᠢᠯᠡᠬᠦ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ᠃ ᠠᠳᠠᠯᠢ ᠱᠠᠲᠤᠨ ᠤ ᠲᠠᠷᠢᠶᠠᠯᠠᠩ ᠮᠠᠯ | ᠠᠵᠤ ᠠᠬᠤᠢ ᠶᠢᠨ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠪᠠ ᠮᠡᠳᠡᠭᠡ ᠵᠠᠩᠭᠢ ᠶᠢ ᠬᠤᠪᠢᠶᠠᠯᠴᠠᠬᠤ ᠠᠵᠢᠯ ᠢ | ᠴᠢᠩᠭᠠᠳᠬᠠᠵᠤ᠂ ᠲᠣᠰ ᠬᠠᠷᠢᠶ᠎ᠠ ᠣᠷᠣᠨ ᠤ ᠪᠠᠨ ᠡᠪᠡᠰᠦᠨ ᠤ ᠠᠵᠤ ᠦᠢᠯᠡᠰ ᠤᠨ ᠪᠠᠶᠢᠳᠠᠯ ᠢ ᠴᠠᠭ ᠲᠤᠬᠠᠢ ᠳᠤ ᠨᠢ | ᠲᠣᠬᠢᠷᠠᠭᠤᠯᠤᠨ ᠡᠵᠡᠮᠰᠢᠵᠦ᠂ ᠡᠪᠡᠰᠦᠨ ᠤ ᠠᠵᠤ ᠦᠢᠯᠡᠰ ᠤᠨ ᠠᠵᠤ ᠠᠬᠤᠶᠢᠯᠠᠯ ᠲᠠᠢ ᠬᠠᠷᠢᠯᠴᠠᠵᠤ ᠦᠢᠯᠡᠴᠢᠯᠡᠬᠦ | ᠪᠠᠶᠢᠩᠭᠤ ᠶᠢᠨ ᠰᠢᠰᠲ᠋ᠧᠮ ᠢ ᠪᠠᠶᠢᠭᠤᠯᠵᠤ᠂ ᠲᠤᠭ᠎ᠠ᠂ ᠪᠠᠶᠢᠳᠠᠯ ᠡᠴᠤᠰ ᠲᠤ ᠨᠢ ᠲᠤᠯᠳᠠᠯ᠎ᠠ ᠲᠤᠳᠤᠷᠬᠠᠢ ᠪᠤᠯᠭᠠᠬᠤ | ᠬᠡᠷᠡᠭᠳᠡᠢ︾︾ ᠭᠡᠵᠤ ᠱᠠᠭᠠᠷᠳᠠᠬᠰᠠᠨ ᠤ ᠬᠠᠮᠲᠤ ᠤᠯᠤᠰ ᠤᠨ ᠨᠤᠲᠤᠭ ᠪᠡᠯᠴᠢᠭᠡᠷ ᠤᠨ ᠨᠥᠬᠦᠪᠦᠷᠢ ᠱᠠᠩᠨᠠᠯ ᠤᠨ ᠪᠡᠯᠡ | ᠮᠥᠩᠭᠦ ᠶᠢᠨ ᠲᠠᠷᠬᠠᠭᠠᠯᠲᠠ ᠶᠢ ᠤᠯᠠᠮ ᠵᠢᠷᠤᠮᠵᠢᠭᠤᠯᠬᠤ ᠪᠠ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠠᠴᠠ | ᠠᠪᠤᠷᠠᠬᠤ ᠡᠪᠡᠰᠦ ᠪᠣᠷᠳᠤᠭ᠎ᠠ ᠶᠢᠨ ᠬᠠᠩᠭᠠᠯᠭ᠎ᠠ ᠶᠢ ᠪᠠᠲᠤᠯᠠᠬᠤ ᠠᠵᠢᠯ ᠢ ᠴᠢᠷᠮᠠᠶᠢᠨ ᠰᠠᠶᠢᠲᠤᠷ ᠬᠢᠬᠦ ᠲᠤᠬᠠᠢ | ᠪᠠᠶᠢᠷᠢᠯᠠᠭᠤᠯᠪᠠ᠃ | | | | | | | | | | | | |