2024 ᠣᠨ ᠳᠤ ᠲᠥᠪ ᠠᠴᠠ ᠮᠠᠨ ᠤ ᠣᠷᠣᠨ ᠳᠤ 2024 ᠣᠨ ᠤ ᠠᠷᠠᠳ ᠤᠨ ᠶᠠᠪᠤᠳᠠᠯ ᠤᠨ ᠬᠦᠷᠢᠶ᠎ᠡ | ᠴᠠᠷᠠᠭ᠎ᠠ ᠳᠤ ᠬᠢ ᠬᠤᠨᠵᠢᠪᠤᠷᠢᠳᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢ 14804 ᠲᠦᠮᠡᠨ | ᠲᠥᠭᠦᠷᠢᠭ ᠦᠭᠴᠤ᠂ ᠨᠢᠳᠤᠨᠤᠨ ᠤ ᠬᠢ ᠠᠴᠠ 6901 ᠲᠦᠮᠡᠨ ᠲᠥᠭᠦᠷᠢᠭ᠂ 87% ᠪᠠᠷ ᠨᠡᠮᠡᠭᠳᠡᠬᠦᠯᠦᠭᠰᠡᠨ | ᠪᠠᠶᠢᠨ᠎ᠠ᠂ ᠡᠭᠦᠨ ᠳᠤ ᠨᠡᠶᠢᠭᠡᠮ ᠤᠨ ᠠᠰᠠᠷᠠᠮᠵᠢ ᠶᠢᠨ ᠦᠢᠯᠡᠰ ᠢ ᠳᠡᠮᠵᠢᠬᠦ ᠪᠡᠯᠡ ᠮᠥᠩᠭᠦ 11384 ᠲᠦᠮᠡᠨ | ᠲᠥᠭᠦᠷᠢᠭ ᠪᠠ ᠭᠡᠷ ᠲᠤ ᠨᠢ ᠬᠦᠷᠴᠤ ᠠᠰᠠᠷᠠᠬᠤ ᠨᠡᠶᠢᠬᠡᠮ ᠲᠣᠭᠤᠷᠢᠭ ᠤᠨ ᠦᠨᠳᠦᠰᠦᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡ ᠶᠢ ᠳᠡᠭᠡᠭᠰᠢᠯᠡᠭᠦᠯᠬᠦ ᠠᠵᠢᠯᠯᠠᠭ᠎ᠠ ᠶᠢᠨ ᠲᠥᠷᠥᠯ ᠵᠦᠢᠯ ᠤᠨ ᠪᠡᠯᠡ ᠮᠥᠩᠭᠦ 3420 | ᠲᠦᠮᠡᠨ ᠲᠥᠭᠦᠷᠢᠭ ᠢ ᠪᠠᠭᠲᠠᠭᠠᠵᠤ᠂ ᠠᠰᠠᠷᠠᠮᠵᠢ ᠶᠢᠨ ᠬᠤᠨᠵᠢᠪᠤᠷᠢᠳᠤ ᠰᠤᠭᠤᠯᠤᠭ᠎ᠠ ᠶᠢᠨ ︽ᠨᠠᠰᠤᠲᠠᠶᠢᠴᠤᠳ ᠢ | ᠲᠡᠳᠬᠦᠬᠦ᠂ ᠵᠡᠮᠳᠡᠭᠴᠦᠳ ᠢ ᠲᠤᠰᠠᠯᠠᠬᠤ᠂ ᠥᠨᠥᠴᠢᠨ ᠬᠡᠦᠬᠡᠳ ᠢ ᠠᠪᠤᠷᠠᠬᠤ᠂ ᠬᠦᠴᠢᠷᠳᠡᠯᠲᠡᠢ ᠬᠦᠮᠦᠰ ᠢ | ᠲᠤᠰᠠᠯᠠᠬᠤ︾ ᠲᠠᠷᠬᠠᠭᠠᠯᠲᠠ ᠶᠢᠨ ᠵᠣᠷᠢᠯᠲᠠ ᠶᠣᠰᠣᠭᠠᠷ ᠨᠠᠰᠤᠲᠠᠶᠢᠴᠤᠳ ᠤᠨ ᠠᠰᠠᠷᠠᠮᠵᠢ᠂ ᠵᠡᠮᠳᠡᠭᠴᠦᠳ ᠤᠨ | ᠠᠰᠠᠷᠠᠮᠵᠢ᠂ ᠬᠡᠦᠬᠡᠳ ᠤᠨ ᠠᠰᠠᠷᠠᠮᠵᠢ᠂ ᠨᠡᠶᠢᠭᠡᠮ ᠤᠨ ᠨᠡᠶᠢᠲᠡ ᠶᠢᠨ ᠠᠰᠠᠷᠠᠮᠵᠢ ᠵᠡᠷᠭᠡ ᠳᠥᠷᠪᠡᠨ ᠲᠠᠯ᠎ᠠ ᠳᠤ | ᠬᠡᠷᠡᠭᠯᠡᠨ᠎ᠡ᠃ | ᠲᠥᠪ ᠠᠴᠠ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢ ᠲᠥᠪᠯᠡᠷᠡᠭᠦᠯᠦᠨ | ᠪᠠᠭᠤᠯᠭᠠᠭᠰᠠᠨ ᠶᠠᠪᠤᠳᠠᠯ ᠨᠢ ᠦᠨᠳᠦᠰᠦᠨ ᠱᠠᠲᠤᠨ ᠤ ᠠᠷᠠᠳ ᠤᠨ ᠶᠠᠪᠤᠳᠠᠯ ᠤᠨ ᠦᠢᠯᠡᠴᠢᠯᠡᠭᠡᠨ ᠤ ᠴᠢᠳᠠᠪᠤᠷᠢ ᠶᠢ | ᠪᠦᠲᠦᠮᠵᠢᠲᠡᠶ ᠪᠠᠷ ᠳᠡᠭᠡᠭᠰᠢᠯᠡᠭᠦᠯᠵᠦ᠂ ᠦᠯᠡᠮᠵᠢ ᠣᠯᠠᠨ ᠬᠦᠴᠢᠷᠳᠡᠯᠲᠡᠢ ᠣᠯᠠᠨ ᠲᠦᠮᠡᠨ ᠤ ︽ᠪᠠᠴᠢᠮᠳᠠᠯ ᠬᠦᠴᠢᠷᠳᠡᠯ | ᠵᠤᠪᠠᠨᠢᠯ︾ ᠢ ᠰᠢᠢᠳᠪᠦᠷᠢᠯᠡᠪᠡ᠃ ᠠᠰᠠᠷᠠᠮᠵᠢ ᠶᠢᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ | ᠮᠥᠩᠭᠦ ᠶᠢᠨ ᠬᠠᠮᠢᠶᠠᠷᠤᠯᠲᠠ ᠶᠢ ᠤᠯᠠᠮ ᠵᠢᠷᠤᠮᠵᠢᠭᠤᠯᠵᠤ᠂ ᠪᠡᠯᠡ ᠮᠥᠩᠭᠦ ᠶᠢᠨ ᠬᠤᠪᠢᠶᠠᠷᠢᠯᠠᠯᠲᠠ ᠶᠢᠨ ᠠᠷᠭ᠎ᠠ ᠶᠢ | ᠰᠢᠯᠢᠳᠡᠭᠵᠢᠭᠦᠯᠬᠦ ᠶᠢᠨ ᠲᠥᠯᠥᠭᠡ ᠲᠣᠰ ᠪᠡᠯᠡ ᠮᠥᠩᠭᠦ ᠶᠢᠨ ᠬᠤᠪᠢᠶᠠᠷᠢᠯᠠᠯᠲᠠ ᠳᠤ ︽ᠪᠠᠴᠢᠮ ᠬᠡᠷᠡᠭᠴᠡᠭᠡ ᠶᠢ | ᠰᠢᠢᠳᠪᠦᠷᠢᠯᠡᠵᠦ᠂ ᠭᠤᠣᠯᠳᠠᠯᠭ᠎ᠠ ᠶᠢ ᠳᠣᠪᠤᠶᠢᠯᠭᠠᠬᠤ︾ ᠵᠠᠷᠴᠢᠮ ᠶᠣᠰᠣᠭᠠᠷ ᠭᠤᠣᠯᠳᠠᠭᠤ ᠲᠥᠷᠥᠯ ᠵᠦᠢᠯ ᠤᠨ | ᠠᠷᠭ᠎ᠠ ᠶᠢ ᠬᠡᠷᠡᠭᠯᠡᠨ ᠬᠤᠪᠢᠶᠠᠷᠢᠯᠠᠵᠤ᠂ 104 ᠲᠥᠷᠥᠯ ᠵᠦᠢᠯ ᠢ ᠨᠠᠷᠢᠯᠢᠭ ᠣᠨᠣᠴᠠᠲᠠᠢ ᠪᠠᠷ ᠲᠤᠰᠠᠯᠠᠬᠤ ᠪᠠᠷ | ᠳᠠᠮᠵᠢᠭᠤᠯᠤᠨ ᠠᠰᠠᠷᠠᠮᠵᠢ ᠶᠢᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢᠨ | ᠬᠡᠷᠡᠭᠯᠡᠯᠲᠡ ᠶᠢᠨ ᠨᠠᠷᠢᠯᠢᠭ ᠣᠨᠣᠴᠠ ᠶᠢᠨ ᠬᠡᠮᠵᠢᠶ᠎ᠡ ᠪᠠ ᠪᠦᠲᠦᠮᠵᠢᠲᠦ ᠴᠢᠨᠠᠷ ᠢ ᠪᠦᠲᠦᠮᠵᠢᠲᠡᠶ ᠳᠡᠭᠡᠭᠰᠢᠯᠡᠭᠦᠯᠪᠡ᠃ | ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠳᠤᠯᠤᠯᠳᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠲᠤᠬᠠᠢ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ᠲᠣᠰ ᠤᠳᠠᠭ᠎ᠠ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ 1439 ᠲᠦᠮᠡᠨ ᠲᠥᠭᠦᠷᠢᠭ ᠤᠨ ᠲᠤᠰᠬᠠᠢ ᠪᠡᠯᠡ ᠮᠥᠩᠭᠦ | ᠪᠠᠭᠤᠯᠭᠠᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢᠨ ᠭᠤᠣᠯᠳᠠᠯᠭ᠎ᠠ ᠲᠠᠢ ᠲᠡᠳᠬᠦᠬᠦ 15 ᠬᠤᠰᠢᠭᠤ ᠰᠢᠶᠠᠨ ᠤ ᠨᠠᠰᠤᠲᠠᠶᠢᠴᠤᠳ ᠤᠨ ᠠᠰᠠᠷᠠᠮᠵᠢ᠂ | ᠬᠡᠦᠬᠡᠳ ᠤᠨ ᠠᠰᠠᠷᠠᠮᠵᠢ᠂ ᠵᠡᠮᠳᠡᠭᠴᠦᠳ ᠤᠨ ᠠᠰᠠᠷᠠᠮᠵᠢ᠂ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠲᠥᠷᠥᠯ ᠤᠨ | ᠲᠥᠷᠥᠯ ᠵᠦᠢᠯ ᠢ ᠳᠡᠮᠵᠢᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ | ᠪᠠᠬᠢᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ | ᠬᠡᠷᠡᠭᠵᠢᠭᠦᠯᠦᠯᠲᠡ ᠳᠤ ᠨᠠᠩ ᠰᠠᠶᠢᠨ ᠦᠢᠯᠡᠴᠢᠯᠡᠬᠦ ᠳᠤ ᠬᠡᠷᠡᠭᠯᠡᠬᠦ ᠪᠤᠯᠤᠨ᠎ᠠ᠃ | | | | | | | | | | | | | |