ᠣᠷᠳᠣᠰ ᠬᠤᠲᠠ ᠶᠢᠨ ᠬᠢᠨ ︽ᠭᠤᠷᠪᠠ ᠳᠤ ᠠᠩᠬᠠᠷᠤᠯ ᠢᠶᠠᠨ ᠲᠦᠪᠯᠡᠷᠡᠬᠦᠯᠵᠤ︾᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠴᠢᠨᠠᠷᠯᠢᠭ ᠬᠥᠭᠵᠢᠯᠲᠡ ᠶᠢ  ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/7/5
     ᠣᠷᠳᠣᠰ ᠬᠤᠳᠠ ᠶᠢᠨ ᠬᠢᠨ ᠤᠷᠴᠢᠮ ᠤᠨ ᠵᠢᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠳᠤᠳᠬᠠᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ  ᠴᠢᠨᠠᠷᠯᠢᠭ ᠬᠥᠭᠵᠢᠯᠲᠡ ᠶᠢ ᠠᠬᠢᠭᠤᠯᠬᠤ ᠪᠠᠷ ᠵᠣᠷᠢᠯᠭ᠎ᠠ ᠪᠣᠯᠭᠠᠵᠤ᠂ ᠰᠠᠭᠤᠷᠢ ᠶᠢ ᠴᠢᠩᠭᠠᠳᠬᠠᠨ ᠦᠨᠳᠦᠰᠦ ᠶᠢ ᠪᠠᠬᠢᠵᠢᠭᠦᠯᠬᠦ᠂ ᠪᠣᠶᠢᠵᠢᠭᠤᠯᠤᠨ ᠲᠡᠳᠬᠦᠬᠦ᠂ ᠦᠢᠯᠡᠳᠦᠯ ᠢ ᠪᠠᠳᠠᠷᠠᠭᠤᠯᠬᠤ ᠲᠡᠬᠡᠷ᠎ᠡ ᠠᠩᠬᠠᠷᠤᠯ ᠢᠶᠠᠨ ᠲᠥᠪᠯᠡᠷᠡᠭᠦᠯᠵᠦ᠂ ᠪᠣᠶᠢᠵᠢᠭᠤᠯᠤᠨ ᠨᠡᠪᠴᠢᠭᠦᠯᠬᠦ  ᠰᠢᠰᠲ᠋ᠧᠮ ᠢ ᠬᠦᠴᠦᠯᠡᠨ ᠪᠦᠷᠢᠨᠰᠢᠭᠦᠯᠵᠦ᠂ ᠨᠡᠶᠢᠭᠡᠮ ᠲᠣᠭᠤᠷᠢᠭ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠬᠥᠭᠵᠢᠭᠦᠯᠵᠦ᠂ ᠵᠠᠩᠭᠢᠯᠠᠭ᠎ᠠ ᠶᠢᠨ ᠬᠡᠯᠪᠡᠷᠢ ᠶᠢᠨ ᠂ ᠨᠠᠷᠠᠲᠤ ᠲᠥᠷᠥᠯ ᠲᠡᠮᠳᠡᠭᠲᠦ ᠶᠢᠨ ᠴᠢᠨᠠᠷᠲᠠᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠶᠡᠭᠡ ᠪᠠᠷ ᠪᠣᠶᠢᠵᠢᠭᠤᠯᠤᠨ ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠪᠦᠲᠦᠴᠡ ᠶᠢ ᠤᠯᠠᠮ ᠰᠢᠯᠢᠳᠡᠭᠵᠢᠭᠦᠯᠵᠦ᠂ ᠠᠷᠠᠳ ᠤᠨ ᠠᠮᠢᠳᠤᠷᠠᠯ ᠤᠨ ᠦᠨᠳᠦᠰᠦᠨ ᠪᠠᠲᠤᠯᠠᠭ᠎ᠠ ᠪᠠ ᠨᠡᠶᠢᠭᠡᠮ ᠤᠨ ᠦᠨᠳᠦᠰᠦᠨ ᠦᠢᠯᠡᠴᠢᠯᠡᠭᠡᠨ ᠤ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤ ᠦᠢᠯᠡᠴᠢᠯᠡᠬᠦ ᠳᠤᠮᠳᠠᠬᠢ ᠦᠢᠯᠡᠳᠦᠯ ᠡᠳᠦᠷ ᠢᠷᠡᠬᠦᠶ᠎ᠡ ᠲᠣᠪᠣᠶᠢᠮ᠎ᠠ ᠪᠣᠯᠪᠠ᠃    ᠨᠢᠭᠡ᠂ ᠰᠠᠭᠤᠷᠢ ᠶᠢ ᠪᠠᠳᠤᠳᠬᠠᠨ ᠦᠨᠳᠦᠰᠦ ᠶᠢ ᠪᠠᠬᠢᠵᠢᠭᠦᠯᠬᠦ ᠲᠡᠬᠡᠷ᠎ᠡ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠮᠵᠢ ᠶᠢ ᠪᠦᠬᠦ ᠲᠠᠯ᠎ᠠ ᠪᠠᠷ ᠴᠢᠩᠭᠠᠳᠬᠠᠪᠠ    ᠨᠢᠭᠡ ᠳᠤ᠂ ᠠᠵᠢᠯ ᠤᠨ ᠲᠣᠭᠲᠠᠴᠠ ᠶᠢ  ᠲᠡᠬᠦᠯᠳᠡᠷᠵᠢᠬᠦᠯᠪᠡ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠢ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠪᠠ ᠪᠣᠳᠠᠲᠤ ᠠᠮᠵᠢᠯᠲᠠ ᠶᠢ ᠬᠢᠨᠠᠨ ᠰᠢᠯᠭᠠᠬᠤ ᠴᠢᠬᠤᠯᠠ ᠠᠭᠤᠯᠭ᠎ᠠ ᠳᠤ ᠣᠷᠣᠭᠤᠯᠵᠤ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠵᠢᠯ ᠪᠦᠷᠢ ᠲᠤᠰᠬᠠᠢ ᠰᠡᠳᠦᠪ ᠢᠶᠠᠷ ᠠᠵᠢᠯ ᠤᠨ ᠮᠡᠳᠡᠭᠦᠯᠦᠯᠲᠡ ᠶᠢ ᠰᠣᠨᠣᠰᠬᠤ ᠶᠢᠨ ᠬᠠᠮᠲᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢᠨ ᠠᠵᠢᠯ ᠢ ᠪᠠᠶᠢᠷᠢᠯᠠᠭᠤᠯᠪᠠ᠃ ᠨᠠᠮ ᠤᠨ ᠪᠠᠶᠢᠭᠤᠯᠤᠯᠲᠠ ᠪᠠᠷ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠴᠢᠨᠠᠷᠯᠢᠭ ᠬᠥᠭᠵᠢᠯᠲᠡ ᠶᠢ ᠳᠠᠭᠠᠭᠤᠯᠬᠤ ᠲᠥᠰᠥᠯ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠨᠠᠮ ᠤᠨ ᠬᠤᠷᠢᠶ᠎ᠠ ᠤᠨ ᠬᠢᠨ ᠨᠢᠭᠡᠳᠦᠯᠲᠡᠢ ᠤᠳᠤᠷᠢᠳᠬᠤ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠲᠦᠷᠦᠭᠦᠯᠡᠨ ᠶᠡᠷᠦᠩᠬᠡᠶᠢᠯᠡᠨ ᠠᠳᠬᠤᠬᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠬᠤᠷᠢᠶ᠎ᠠ ᠪᠣᠳᠠᠲᠠᠢ ᠵᠢᠯᠤᠭᠤᠳᠬᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ  ᠵᠡᠷᠬᠡ  ᠪᠠᠷ ᠠᠳᠬᠤᠵᠤ ᠬᠠᠮᠳᠤ ᠪᠠᠷ ᠬᠠᠮᠢᠶᠠᠷᠬᠤ ᠠᠵᠢᠯ ᠤᠨ ᠪᠠᠶᠢᠷᠢᠰᠢᠯ ᠢ ᠪᠤᠢ ᠪᠤᠯᠭᠠᠯ᠎ᠠ᠃   ᠬᠤᠶᠠᠷ ᠲᠤ᠂ ᠦᠵᠡᠯ ᠰᠠᠨᠠᠭᠠᠨ ᠤ ᠰᠠᠭᠤᠷᠢ ᠶᠢ ᠪᠠᠲᠤ ᠴᠤᠬᠴᠠᠯᠠᠪᠠ᠃ ᠰᠢ ᠶᠢᠨ ᠫᠢᠡᠭ ᠤᠨ  ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ᠂ ᠨᠠᠮ ᠤᠨ ᠰᠠᠬᠢᠯᠭ᠎ᠠ ᠶᠢᠨ ᠰᠤᠷᠤᠯᠴᠠᠯᠭ᠎ᠠ ᠬᠥᠮᠦᠵᠢᠯ ᠲᠠᠢ ᠤᠶᠠᠯᠳᠤᠭᠤᠯᠤᠨ ᠥᠷᠨᠢᠭᠦᠯᠵᠦ᠂ ︽ᠨᠠᠮ ᠤᠨ ᠠᠴᠢ ᠶᠢ ᠮᠡᠳᠡᠷᠡᠨ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠤᠯᠠᠨ  ᠲᠦᠮᠡᠨᠴᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠬᠦ ᠯᠦᠭᠡ ᠠᠭᠤᠰᠤᠯᠴᠠᠭᠤᠯᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠭᠡᠰᠢᠭᠦᠨ ᠪᠣᠯᠣᠨ ᠠᠵᠢᠯᠯᠠᠵᠤ ᠪᠠᠶᠢᠭ᠎ᠠ ᠬᠥᠮᠥᠰ ᠢ ᠨᠠᠷᠢᠨ ᠨᠢᠮᠪᠠᠢ ᠵᠣᠬᠢᠶᠠᠨ ᠪᠠᠶᠢᠭᠤᠯᠵᠤ ᠤᠨᠤᠯ ᠤᠨ ᠰᠤᠷᠤᠯᠴᠠᠯᠭ᠎ᠠ᠂ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠯᠲᠠ᠂ ᠦᠢᠯᠡᠳᠦᠯᠭᠡ ᠶᠢᠨ ᠥᠩᠭᠡᠷᠡᠭᠡᠯᠲᠡ ᠵᠡᠷᠭᠡ ᠰᠢᠷᠢᠰ ᠠᠵᠢᠯᠯᠠᠭ᠎ᠠ ᠶᠢ ᠥᠷᠨᠢᠭᠦᠯᠵᠦ᠂ ᠦᠵᠡᠯ ᠰᠠᠨᠠᠭᠠᠨ ᠤ ᠰᠠᠭᠤᠷᠢ ᠶᠢ ᠤᠯᠠᠮ ᠴᠢᠨᠠᠭᠰᠢᠳᠠ ᠪᠠᠬᠢᠵᠢᠭᠦᠯᠵᠦ᠂ ᠡᠷᠡᠯᠬᠡᠭᠯᠡᠨ ᠤᠷᠤᠭᠰᠢᠯᠠᠬᠤ ᠬᠦᠴᠦᠨ ᠢ ᠨᠢᠬᠳᠠᠷᠠᠭᠤᠯᠪᠠ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠵᠡᠯ ᠤᠬᠠᠮᠰᠠᠷ ᠤᠨ ᠬᠡᠯᠪᠡᠷᠢ ᠶᠢᠨ ᠬᠠᠮᠢᠶᠠᠷᠤᠯᠲᠠ ᠶᠢᠨ ᠲᠠᠪᠤᠨ ᠠᠷᠭ᠎ᠠ ᠶᠢ ᠲᠣᠭᠲᠠᠭᠠᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠳᠤ ᠬᠢ ᠦᠵᠡᠯ ᠤᠬᠠᠮᠰᠠᠷ ᠤᠨ ᠬᠡᠯᠪᠡᠷᠢ ᠶᠢᠨ ᠵᠢᠬᠰᠠᠭᠠᠯ ᠤᠨ ᠭᠠᠵᠠᠷ ᠢ ᠰᠠᠶᠢᠳᠤᠷ ᠬᠠᠮᠠᠭᠠᠯᠠᠪᠠ᠃   ᠭᠤᠷᠪᠠ ᠳᠤ᠂ ᠡᠬᠢ ᠡᠭᠦᠰᠦᠯ ᠤᠨ ᠬᠠᠮᠢᠶᠠᠷᠤᠯᠲᠠ ᠶᠢ ᠴᠢᠩᠭᠠᠳᠬᠠᠪᠠ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠪᠠ ᠲᠠᠩᠰᠠᠯᠠᠨ ᠬᠠᠮᠢᠶᠠᠷᠬᠤ ︽ᠲᠠᠪᠤ ᠶᠢ ᠵᠡᠷᠭᠡᠴᠡᠭᠦᠯᠬᠦ᠂ ᠲᠠᠪᠤ ᠶᠢ ᠰᠢᠭᠢᠳᠬᠡᠬᠦ︾ ᠠᠵᠢᠯ ᠤᠨ ᠠᠷᠭ᠎ᠠ ᠶᠢ ᠬᠡᠷᠡᠭᠵᠢᠭᠦᠯᠵᠦ᠂ ᠨᠠᠮ ᠤᠨ ᠪᠠᠶᠢᠭᠤᠯᠤᠯᠲᠠ᠂ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠤᠬᠴᠨ ᠶᠢᠨ ᠤᠬᠠᠮᠰᠠᠷ  ᠢ ᠪᠠᠳᠤᠳᠬᠠᠬᠤ ᠶᠢ  ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠳᠦᠷᠢᠮ ᠳᠤ 100% ᠪᠠᠷ ᠪᠢᠴᠢᠵᠦ ᠣᠷᠣᠭᠤᠯᠬᠤ ᠠᠵᠢᠯ ᠢ ᠠᠬᠢᠭᠤᠯᠪᠠ᠃ ᠨᠠᠮ ᠤᠨ ᠵᠣᠬᠢᠶᠠᠨ ᠪᠠᠶᠢᠭᠤᠯᠤᠯᠲᠠ ᠶᠢᠨ ᠬᠢᠨ ᠤ ᠭᠤᠣᠯᠯᠠᠭᠴᠢ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠪᠣᠯᠣᠨ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠤ ︽ᠬᠤᠣᠰ ᠴᠢᠭᠯᠡᠯ ᠢᠶᠠᠷ ᠣᠷᠣᠬᠤ᠂ ᠰᠣᠯᠪᠢᠴᠠᠨ ᠲᠤᠰᠢᠶᠠᠯ ᠡᠭᠦᠷᠭᠡᠯᠡᠬᠦ︾ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠬᠦᠴᠦᠨ ᠢ ᠲᠠᠰᠤᠷᠠᠯᠳᠡ ᠦᠭᠡᠢ ᠴᠢᠩᠭᠠᠳᠬᠠᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ 2 ᠨᠠᠮ ᠤᠨ ᠡᠭᠦᠷ ᠥᠪᠡᠷᠲᠡᠭᠡᠨ ᠵᠠᠰᠠᠬᠤ ᠣᠷᠣᠨ ᠤ ᠨᠠᠢᠮᠠᠨ ᠤᠳᠤᠨ ᠲᠡᠰ ᠤᠨ ᠪᠠᠲᠤ ᠪᠠᠬᠢᠯᠡᠯᠲᠡ ᠨᠠᠮ ᠤᠨ ᠡᠭᠦᠷ ᠢᠶᠠᠷ ᠦᠨᠡᠯᠡᠭᠳᠡᠵᠦ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ 1 ᠨᠠᠮ ᠤᠨ ᠡᠭᠦᠷ ᠥᠪᠡᠷᠲᠡᠭᠡᠨ ᠵᠠᠰᠠᠬᠤ ᠣᠷᠣᠨ ᠤ ᠠᠷᠪᠠᠨ ᠤᠳᠤᠨ ᠲᠡᠰ ᠤᠨ ᠪᠠᠲᠤ ᠪᠠᠬᠢᠯᠡᠯᠲᠡ ᠶᠢᠨ ︽ᠵᠢᠱᠢᠶᠡᠴᠢ︾ ᠨᠠᠮ ᠤᠨ ᠡᠭᠦᠷ ᠢᠶᠠᠷ ᠦᠨᠡᠯᠡᠭᠳᠡᠪᠡ᠃    ᠬᠤᠶᠠᠷ᠂ ᠪᠣᠶᠢᠵᠢᠭᠤᠯᠤᠨ ᠲᠡᠳᠬᠦᠬᠦ ᠠᠵᠢᠯ ᠲᠡᠬᠡᠷ᠎ᠡ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠠᠵᠢᠯ ᠢ ᠶᠢ ᠬᠦᠴᠦᠯᠡᠨ ᠠᠬᠢᠭᠤᠯᠪᠠ        ᠨᠢᠭᠡ ᠳᠤ᠂ ᠰᠢᠰᠲ᠋ᠧᠮ ᠤᠨ ᠪᠠᠶᠢᠭᠤᠯᠤᠯᠲᠠ ᠶᠢᠨ ︽ᠰᠠᠭᠤᠷᠢ ᠶᠢ  ᠲᠠᠯᠪᠢᠪᠠ︾᠃ 150 ᠭᠠᠷᠤᠢ ᠲᠦᠮᠡᠨ ᠲᠥᠭᠦᠷᠢᠭ ᠣᠷᠣᠭᠤᠯᠵᠤ ᠥᠨᠳᠥᠷ ᠪᠠᠷᠢᠮᠵᠢᠶ᠎ᠠ ᠪᠠᠷ ︽ᠦᠶᠦᠭ ᠲᠤᠯᠠᠭᠠᠬᠠᠨ ᠬᠤᠳᠠ ᠶᠢᠨ ᠬᠢᠨ ᠤ ᠲᠤᠯᠠᠭᠠᠬᠠᠨ ᠬᠠᠶᠢᠷ᠎ᠠ︾ ᠬᠡᠮᠡᠬᠦ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠰᠢᠨ᠎ᠡ ᠶᠢ ᠡᠭᠦᠳᠬᠦ ᠬᠦᠭᠵᠢᠬᠦᠯᠤᠯᠳᠡ ᠶᠢᠨ ᠲᠥᠪ ᠢ ᠪᠠᠶᠢᠭᠤᠯᠵᠤ᠂ ᠲᠦᠷᠦᠯ ᠵᠦᠢᠯ ᠤᠨ ᠬᠥᠮᠥᠷᠭᠡ᠂ ᠴᠢᠳᠠᠪᠤᠷᠢᠲᠠᠨ ᠤ ᠬᠥᠮᠥᠷᠭᠡ᠂ ᠬᠡᠷᠡᠭᠴᠡᠭᠡ ᠱᠠᠭᠠᠷᠳᠠᠯᠭ᠎ᠠ ᠶᠢᠨ ᠬᠥᠮᠥᠷᠭᠡ᠂ ᠡᠬᠢ ᠪᠠᠶᠠᠯᠢᠭ ᠤᠨ ᠬᠥᠮᠥᠷᠭᠡ ᠶᠢ ᠪᠠᠶᠢᠭᠤᠯᠬᠤ ᠪᠠᠷ ᠳᠠᠮᠵᠢᠭᠤᠯᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠯᠠᠨ ᠲᠦᠮᠡᠨ ᠳᠤ ᠦᠢᠯᠡᠴᠢᠯᠡᠬᠦ᠂ ᠪᠣᠶᠢᠵᠢᠭᠤᠯᠬᠤ᠂ ᠴᠢᠳᠠᠪᠤᠷᠢᠲᠠᠨ ᠢ ᠬᠥᠮᠥᠵᠢᠭᠦᠯᠬᠦ᠂ ᠡᠬᠢ ᠪᠠᠶᠠᠯᠢᠭ ᠢ ᠬᠤᠯᠪᠣᠬᠤ ᠶᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠢ ᠪᠠᠶᠢᠭᠤᠯᠪᠠ᠃ ᠲᠠᠪᠤᠨ ᠵᠢᠯ ᠳᠠᠷᠠᠭᠠᠯᠠᠨ ᠵᠢᠯ ᠪᠦᠷᠢ 100 ᠲᠦᠮᠡᠨ ᠲᠥᠭᠦᠷᠢᠭ ᠣᠷᠣᠭᠤᠯᠵᠤ᠂ 9 ᠬᠤᠰᠢᠭᠤ ᠣᠷᠣᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠴᠢᠯᠡᠭᠡ ᠬᠤᠳᠠᠯᠳᠤᠨ ᠠᠪᠴᠤ ᠦᠭᠭᠦ ᠲᠥᠷᠥᠯ ᠵᠦᠢᠯ ᠢ ᠬᠡᠷᠡᠭᠵᠢᠭᠦᠯᠪᠡ᠃ ︽ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠰᠠᠭᠤᠷᠢᠰᠢᠭᠤᠯᠬᠤ ᠢᠨᠵᠧᠨᠧᠷᠢᠩ︾ ᠢ ᠬᠡᠷᠡᠭᠵᠢᠭᠦᠯᠵᠦ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠶᠢᠨ ᠨᠡᠶᠢᠭᠡᠮ ᠤᠨ ᠠᠵᠢᠯ ᠤᠨ ᠥᠷᠲᠡᠭᠡ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ  ᠪᠤᠶᠢᠵᠢᠭᠤᠯᠬᠤ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ︽1+9+77+N︾ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠪᠣᠶᠢᠵᠢᠭᠤᠯᠬᠤ ᠳᠥᠷᠪᠡᠨ ᠱᠠᠲᠤᠨ ᠤ ᠲᠠᠪᠴᠠᠩ ᠤᠨ ᠰᠢᠰᠲ᠋ᠧᠮ ᠢ ᠢ ᠪᠦᠷᠢᠯᠳᠤᠬᠦᠯᠪᠡ ᠃  ᠬᠤᠶᠠᠷ ᠲᠤ᠂ ︽ᠬᠡᠮᠵᠢᠶ᠎ᠡ︾ ᠶᠢ ᠭᠤᠣᠯᠳᠠᠯᠭ᠎ᠠ ᠲᠠᠢ ᠨᠡᠮᠡᠭᠳᠡᠬᠦᠯᠪᠡ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠳᠡᠩᠰᠡᠯᠡᠨ ᠬᠠᠮᠢᠶᠠᠷᠤᠯᠲᠠ ᠶᠢ ᠴᠢᠩᠭᠠᠳᠬᠠᠵᠤ᠂ ᠪᠥᠬᠦ ᠬᠤᠲᠠ ᠳᠤ ᠨᠡᠶᠢᠲᠡ 2348 ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠳᠡᠩᠰᠡᠯᠡᠨ ᠲᠡᠮᠳᠡᠭᠯᠡᠵᠦ᠂ ᠲᠦᠷᠦᠭᠦᠸ ᠵᠢᠯ ᠤᠨ ᠬᠢ ᠠᠴᠠ 177 ᠰᠢᠨ᠎ᠡ ᠪᠠᠷ ᠨᠡᠮᠡᠭᠳᠡᠪᠡ᠃ ᠨᠡᠶᠢᠭᠡᠮ ᠲᠣᠭᠤᠷᠢᠭ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠪᠣᠶᠢᠵᠢᠭᠤᠯᠬᠤ ᠡᠷᠴᠢᠮ ᠢ ᠭᠤᠣᠯᠳᠠᠯᠭ᠎ᠠ ᠲᠠᠢ ᠴᠢᠩᠭᠠᠷᠠᠭᠤᠯᠵᠤ᠂ ᠪᠣᠳᠠᠲᠠᠢ ᠵᠢᠯᠤᠭᠤᠳᠬᠤ ᠰᠠᠨᠠᠯ ᠪᠠ ᠪᠦᠷᠢᠳᠬᠡᠨ ᠳᠠᠩᠰᠠᠯᠠᠬᠤ ᠬᠠᠮᠢᠶᠠᠷᠤᠯᠲᠠ ᠶᠢᠨ ᠠᠷᠭ᠎ᠠ ᠶᠢ ᠨᠡᠶᠢᠲᠡᠯᠡᠨ ᠬᠡᠷᠡᠭᠵᠢᠭᠦᠯᠵᠦ᠂ ᠨᠡᠶᠢᠭᠡᠮ ᠲᠣᠭᠤᠷᠢᠭ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠲᠠᠩᠰᠠᠯᠠᠭᠤᠯᠬᠤ ᠵᠣᠭᠤᠰ ᠢ 1000 ᠲᠥᠭᠦᠷᠢᠭ ᠪᠣᠯᠲᠠᠯ᠎ᠠ ᠪᠠᠭᠤᠷᠠᠭᠤᠯᠵᠠᠢ᠃    ᠭᠤᠷᠪᠠ ᠳᠤ᠂ ᠶᠠᠰᠤ ᠴᠢᠨᠠᠷ ᠢ  ᠲᠡᠭᠡᠭᠰᠢᠯᠡᠬᠦᠯᠪᠡ᠃︽ᠦᠶᠦᠭ ᠲᠤᠯᠠᠭᠠᠬᠠᠨ ᠬᠤᠲᠠ ᠶᠢᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠰᠢᠯᠢᠳᠡᠭ ᠢ ᠪᠣᠶᠢᠵᠢᠭᠤᠯᠬᠤ ᠢᠨᠵᠧᠨᠧᠷᠢᠩ︾ ᠢ ᠡᠬᠢᠯᠡᠭᠦᠯᠦᠨ ᠬᠡᠷᠡᠭᠵᠢᠭᠦᠯᠵᠦ᠂ 3 ᠵᠢᠯ ᠤᠨ ᠬᠤᠭᠤᠴᠠᠭ᠎ᠠ ᠶᠢ ᠬᠡᠷᠡᠭᠯᠡᠵᠦ ᠪᠠᠶᠢᠭᠠᠳ 30 ᠵᠠᠩᠭᠢᠯᠠᠭ᠎ᠠ ᠶᠢᠨ ᠬᠡᠯᠪᠡᠷᠢ ᠶᠢᠨ᠂ 60 ᠨᠠᠷᠠᠲᠤ ᠲᠥᠷᠥᠯ ᠲᠡᠮᠳᠡᠭᠲᠦ ᠶᠢᠨ ᠴᠢᠨᠠᠷᠲᠠᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠪᠣᠶᠢᠵᠢᠭᠤᠯᠵᠤ᠂ ᠣᠷᠳᠣᠰ ᠬᠤᠲᠠ ᠶᠢᠨ ᠣᠨᠴᠠᠯᠢᠭ ᠲᠠᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠪᠣᠶᠢᠵᠢᠭᠤᠯᠤᠨ ᠬᠥᠭᠵᠢᠭᠦᠯᠬᠦ ᠵᠠᠭᠪᠤᠷ ᠪᠠ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠬᠤ ᠪᠠᠷ ᠳᠠᠮᠵᠢᠭᠤᠯᠤᠨ᠂ ᠪᠥᠬᠦ ᠬᠤᠲᠠ ᠶᠢᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠦᠭᠵᠢᠬᠦᠯᠤᠯᠳᠡ ᠶᠢᠨ ᠪᠦᠬᠦᠯᠢ ᠴᠣᠭᠴᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠳᠠᠶᠢᠴᠢᠯᠠᠬᠤ ᠪᠠᠷ ᠲᠥᠯᠥᠪᠯᠡᠵᠦ ᠪᠣᠶ᠃ ᠠᠩᠬᠠᠨ ᠤ ᠬᠤᠭᠤᠴᠠᠭᠠᠨ ᠳᠤ  ᠵᠠᠩᠭᠢᠯᠠᠭ᠎ᠠ ᠶᠢᠨ 10 ᠨᠡᠶᠢᠭᠡᠮ ᠤᠨ ᠵᠣᠬᠢᠶᠠᠨ ᠪᠠᠶᠢᠭᠤᠯᠤᠯᠲᠠ᠂  ᠨᠠᠷᠠᠲᠤ ᠲᠡᠮᠳᠡᠭᠳᠤ 20   ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠰᠤᠩᠭᠤᠯ᠎ᠠ ᠃ᠭᠤᠷᠪᠠ᠂ ᠦᠢᠯᠡᠳᠦᠯ ᠢᠶᠠᠨ ᠪᠠᠳᠠᠷᠠᠭᠤᠯᠬᠤ ᠲᠡᠬᠡᠷ᠎ᠡ ᠠᠩᠬᠠᠷᠤᠯ ᠢᠶᠠᠨ ᠲᠥᠪᠯᠡᠷᠡᠭᠦᠯᠵᠦ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠴᠢᠯᠡᠬᠦ ᠴᠢᠳᠠᠪᠤᠷᠢ ᠶᠢ ᠲᠠᠰᠤᠷᠠᠯᠲᠠ ᠦᠭᠡᠢ  ᠲᠡᠭᠡᠭᠰᠢᠯᠡᠬᠦᠯᠵᠡᠢ     ᠨᠢᠭᠡ ᠳᠤ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠳᠤᠮᠳᠠ ᠦᠢᠯᠡᠳᠦᠯ ᠢᠶᠠᠨ ᠪᠠᠳᠠᠷᠠᠭᠤᠯᠪᠠ᠃ ᠠᠵᠢᠯ ᠲᠦᠷᠦᠯ ᠤᠨ ᠨᠡᠶᠢᠭᠡᠮᠯᠢᠭ ᠬᠤᠳᠠᠯᠳᠤᠭᠠᠴᠢᠳ ᠤᠨ ᠨᠡᠶᠢᠬᠡᠯᠢᠭ ᠤᠨ ︽ᠠᠷᠪᠠᠨ ᠨᠢᠭᠡ ᠪᠦᠯᠦᠭ︾ ᠤᠨ ᠡᠭᠦᠷᠭᠡ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠠᠵᠢᠯ ᠢ ᠠᠬᠢᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠦᠢᠯᠡᠴᠢᠯᠡᠬᠦ ᠪᠠ ︽ᠭᠤᠷᠪᠠᠨ ᠳᠥᠷᠪᠡ︾ ᠶᠢᠨ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠲᠡᠬᠡᠷ᠎ᠡ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠲᠦᠷᠦᠯ ᠤᠨ ᠨᠡᠶᠢᠭᠡᠮᠯᠢᠭ ᠬᠤᠳᠠᠯᠳᠤᠭᠠᠴᠢᠳ ᠤᠨ ᠨᠡᠶᠢᠬᠡᠮᠯᠢᠭ ᠤᠨ ᠵᠠᠰᠠᠭ ᠠᠵᠤ ᠠᠬᠤᠶᠢᠯᠠᠯ ᠤᠨ ᠨᠡᠪᠲᠡᠷᠡᠯᠴᠡᠭᠡ ᠬᠠᠷᠢᠯᠴᠠᠭ᠎ᠠ ᠶᠢ ᠴᠢᠩᠭᠠᠳᠬᠠᠬᠤ᠂ ︽ᠬᠤᠶᠠᠷ ᠢ ᠡᠯᠰᠡᠵᠦ ᠬᠤᠶᠠᠷ ᠢ ᠲᠠᠲᠠᠬᠤ︾ ᠠᠵᠢᠯ ᠢ ᠠᠬᠢᠭᠤᠯᠬᠤ᠂ ᠠᠵᠢᠯ ᠲᠦᠷᠦᠯ ᠤᠨ ᠬᠦᠭᠵᠢᠬᠦᠯᠤᠯᠳᠡ ᠶᠢᠨ ᠲᠠᠪᠴᠠᠩ ᠢ ᠪᠠᠶᠢᠭᠤᠯᠬᠤ᠂ ᠣᠷᠣᠨ ᠪᠦᠰᠡ ᠠᠯᠤᠰᠯᠠᠭᠰᠠᠨ ᠨᠡᠭᠡᠭᠡᠯᠲᠡ ᠬᠠᠮᠲᠤᠷᠠᠯᠴᠠᠭ᠎ᠠ ᠶᠢ ᠠᠬᠢᠭᠤᠯᠬᠤ ᠵᠡᠷᠭᠡ ᠲᠠᠯ᠎ᠠ ᠪᠠᠷ ᠢᠳᠡᠪᠬᠢᠲᠡᠢ ᠦᠢᠯᠡᠳᠦᠯ ᠢᠶᠠᠨ ᠪᠠᠳᠠᠷᠠᠭᠤᠯᠬᠤ ᠶᠢ ᠵᠣᠷᠢᠭᠵᠢᠭᠤᠯᠤᠨ ᠵᠢᠯᠤᠭᠤᠳᠪᠠ᠃ ᠣᠷᠳᠣᠰ ᠬᠤᠲᠠ ᠶᠢᠨ ᠳᠤᠮᠳᠠ ᠪᠠᠭ᠎ᠠ ᠠᠵᠤ ᠠᠬᠤᠶᠢᠯᠠᠯ ᠤᠨ ᠬᠤᠯᠪᠣᠭᠠᠲᠤ ᠬᠤᠷᠠᠯ᠂ ᠪᠠᠷᠠᠭᠠᠨ ᠤ ᠭᠦᠢᠯᠭᠡᠭᠡᠨ ᠤ ᠨᠡᠶᠢᠭᠡᠮᠯᠢᠭ ᠵᠡᠷᠭᠡ 5 ᠬᠤᠳᠠᠯᠳᠤᠭᠠᠴᠢᠳ ᠤᠨ ᠨᠡᠶᠢᠬᠡᠮᠯᠢᠭ ᠨᠢ ᠪᠥᠬᠦ ᠤᠯᠤᠰ ᠤᠨ ︽ᠳᠥᠷᠪᠡᠨ ᠰᠠᠶᠢᠳᠠᠢ︾ ᠬᠤᠳᠠᠯᠳᠤᠭᠠᠴᠢᠳ ᠤᠨ ᠡᠪᠯᠡᠯ ᠢᠶᠠᠷ ᠦᠨᠡᠯᠡᠭᠳᠡᠪᠡ᠃ ︽ᠮᠢᠩᠭᠠᠨ ᠨᠡᠶᠢᠬᠡᠮ ᠢ ᠴᠤᠭᠯᠠᠷᠠᠭᠤᠯᠵᠤ᠂ ᠵᠠᠭᠤᠨ ᠲᠣᠰᠬᠤᠨ ᠢ ᠬᠥᠭᠵᠢᠭᠦᠯᠬᠦ︾ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠠᠵᠢᠯᠯᠠᠭ᠎ᠠ ᠶᠢ ᠥᠷᠨᠢᠭᠦᠯᠵᠦ᠂ ᠬᠠᠩᠭᠠᠯᠭ᠎ᠠ ᠬᠡᠷᠡᠭᠴᠡᠭᠡᠨ ᠤ ᠲᠠᠪᠴᠠᠩ ᠢ  ᠪᠠᠶᠢᠭᠤᠯᠪᠠ᠃ 2023 ᠣᠨ ᠠᠴᠠ ᠨᠠᠭᠠᠰᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠵᠢᠯᠤᠭᠤᠳᠴᠤ ᠪᠠᠶᠢᠭᠠᠳ 270 ᠭᠠᠷᠤᠢ ᠦᠢᠯᠡᠴᠢᠯᠡᠭᠡᠨ ᠤ ᠲᠥᠷᠥᠯ ᠵᠦᠢᠯ ᠢ ᠰᠠᠨᠠᠭᠠᠴᠢᠯᠠᠭ᠎ᠠ  ᠠᠴᠠ ᠨᠢ ᠠᠪᠤᠭᠤᠯᠵᠤ᠂ 3700 ᠭᠠᠷᠤᠢ ᠲᠦᠮᠡᠨ ᠲᠥᠭᠦᠷᠢᠭ ᠤᠨ ᠪᠡᠯᠡ ᠮᠥᠩᠭᠦ ᠶᠢ ᠵᠤᠯᠭᠠᠭᠤᠯᠤᠬᠰᠠᠨ ᠪᠠᠶᠢᠨ᠎ᠠ᠃    ᠬᠤᠶᠠᠷ ᠲᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠳᠤ ᠳᠠᠭᠤᠷᠢᠶᠠᠯ ᠦᠵᠡᠬᠦᠯᠪᠡ᠃ ︽ᠲᠠᠪᠤᠨ ᠨᠡᠶᠢᠬᠡᠮ ᠵᠢᠷᠭᠤᠭᠠᠨ ᠥᠷᠲᠡᠭᠡ︾ ᠶᠢ ᠠᠭᠤᠰᠤᠯᠴᠠᠭᠤᠯᠤᠨ ᠬᠥᠭᠵᠢᠭᠦᠯᠬᠦ ᠠᠵᠢᠯ ᠤᠨ ᠲᠣᠭᠲᠠᠴᠠ ᠶᠢᠨ ᠡᠭᠦᠳᠴᠦ᠂ ︽ᠲᠠᠪᠤᠨ  ᠨᠡᠶᠢᠬᠡᠮ ᠬᠤᠯᠪᠤᠭᠠᠯᠠᠨ ᠬᠥᠳᠡᠯᠦᠯᠴᠡᠬᠦ︾᠂ ︽  ᠨᠠᠰᠤᠳᠠᠳ ᠬᠡᠤᠬᠡᠳ︾ ᠲᠤ ᠬᠦᠴᠦᠨ ᠨᠡᠮᠡᠷᠢᠯᠡᠬᠦ ᠲᠣᠭᠲᠠᠴᠠ ᠶᠢ ᠨᠠᠶᠢᠳᠠᠪᠤᠷᠢᠵᠢᠭᠤᠯᠬᠤ ᠪᠠᠷ ᠪᠠᠷᠢᠴᠨ ᠪᠣᠯᠭᠠᠵᠤ᠂ 2023 ᠣᠨ ᠠᠴᠠ  ᠨᠠᠭᠠᠰᠢ 2000 ᠭᠠᠷᠤᠢ ᠲᠦᠮᠡᠨ ᠲᠥᠭᠦᠷᠢᠭ ᠣᠷᠣᠭᠤᠯᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠠᠴᠠ 124 ᠦᠢᠯᠡᠴᠢᠯᠡᠭᠡᠨ ᠤ ᠲᠥᠷᠥᠯ ᠵᠦᠢᠯ ᠢ ᠬᠤᠳᠠᠯᠳᠤᠨ ᠠᠪᠴᠤ᠂ ᠡᠯ᠎ᠡ ᠲᠥᠷᠥᠯ ᠤᠨ ᠦᠢᠯᠡᠴᠢᠯᠡᠭᠡ ᠶᠢ ᠨᠡᠶᠢᠲᠡ 3300 ᠭᠠᠷᠤᠢ ᠲᠠᠯᠠᠪᠤᠷ ᠤᠳᠠᠭ᠎ᠠ ᠥᠷᠨᠢᠭᠦᠯᠵᠦ᠂ ᠣᠯᠠᠨ ᠲᠦᠮᠡᠨ ᠳᠤ 5.7 ᠲᠦᠮᠡ ᠭᠠᠷᠤᠢ ᠤᠳᠠᠭ᠎ᠠ ᠦᠢᠯᠡᠴᠢᠯᠡᠪᠡ᠃ ︽ᠬᠥᠷᠰᠢ︾ ᠶᠢᠨ ᠬᠢᠨ ᠤ ᠬᠠᠷᠢᠯᠴᠠᠨ ᠬᠠᠪᠰᠤᠷᠤᠯᠴᠠᠬᠤ ᠨᠠᠰᠤᠵᠢᠯ ᠤᠨ ᠠᠰᠠᠷᠠᠮᠵᠢ᠂ ︽ᠲᠠᠪᠤᠨ ᠨᠡᠶᠢᠬᠡᠮ ᠲᠠᠪᠤᠨ ᠱᠤᠭᠤᠮ︾ ᠵᠡᠷᠭᠡ ᠣᠨᠴᠠᠯᠢᠭᠲᠤ ᠦᠢᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ᠂ ᠣᠷᠳᠣᠰ ᠬᠤᠲᠠ ᠶᠢᠨ ᠨᠠᠷᠠᠲᠤ ᠰᠠᠶᠢᠨ ᠳᠤᠷ᠎ᠠ ᠶᠢᠨ ᠠᠵᠢᠯᠯᠠᠭᠴᠢᠳ ᠤᠨ ᠨᠡᠶᠢᠭᠡᠮᠯᠢᠭ ᠤᠨ ︽ᠰᠠᠩ ᠢᠦᠢ ᠲᠥᠯᠥᠪᠯᠡᠭᠡ︾ ᠶᠢᠨ ᠮᠠᠯᠵᠢᠬᠤ ᠲᠠᠷᠢᠶᠠᠯᠠᠬᠤ ᠣᠷᠣᠨ ᠤ ᠭᠡᠷ ᠲᠤ ᠪᠠᠨ ᠬᠤᠴᠣᠷᠤᠭᠰᠠᠨ ᠨᠠᠰᠤᠲᠠᠶᠢᠴᠤᠳ ᠢ ᠬᠠᠯᠠᠮᠵᠢᠯᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠨᠢ ᠪᠥᠬᠦ ᠤᠯᠤᠰ ᠤᠨ ᠯᠧᠢ ᠹᠧᠩ ᠠᠴᠠ ᠰᠤᠷᠤᠯᠴᠠᠬᠤ ᠰᠠᠶᠢᠨ ᠳᠤᠷ᠎ᠠ ᠶᠢᠨ ᠦᠢᠯᠡᠴᠢᠯᠡᠭᠡᠨ ᠤ ︽ᠳᠥᠷᠪᠡᠨ 100︾ ᠶᠢᠨ ᠬᠠᠮᠤᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠢᠶᠠᠷ ᠦᠨᠡᠯᠡᠭᠳᠡᠪᠡ᠃       
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号