ᠪᠤᠭᠤᠲᠤ ᠬᠤᠲᠠ ᠶᠢᠨ ᠬᠢᠨ ︽ᠲᠣᠮᠣ ᠳ᠋ᠠᠶᠢᠲ᠋ᠠ + ᠣᠶᠤᠨᠴᠢ ᠨᠠᠰᠤᠵᠢᠯ ᠤᠨ ᠠᠰᠠᠷᠠᠮᠵᠢ︾ ᠰᠢᠨ᠎ᠡ ᠵᠠᠭᠪᠤᠷ ᠢ ᠪᠣᠶ ᠪᠤᠯᠭᠠᠪᠠ
ᠨᠡᠶᠢᠲᠡᠯᠡᠭᠰᠡᠨ ᠴᠠᠭ᠄
2024/7/5
   ᠪᠤᠭᠤᠲᠤ ᠬᠤᠲᠠ ᠶᠢᠨ ᠬᠢᠨ ᠤᠷᠴᠢᠮ ᠤᠨ ᠵᠢᠯ ᠨᠠᠰᠤᠵᠢᠯ ᠤᠨ ᠦᠢᠯᠡᠴᠢᠯᠡᠭᠡᠨ ᠤ ᠠᠵᠢᠯ ᠢ ᠴᠢᠬᠤᠯᠠᠴᠢᠯᠠᠵᠤ᠂ ᠬᠥᠮᠥᠨ ᠠᠮᠠ ᠶᠢᠨ ᠨᠠᠰᠤᠵᠢᠯᠲᠠ ᠶᠢ ᠢᠳᠡᠪᠬᠢᠲᠡᠢ ᠪᠠᠷ ᠠᠷᠭᠠᠴᠠᠭᠠᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠲᠠᠰᠤᠷᠠᠯᠲᠠ ᠦᠭᠡᠢ  ᠰᠦᠪᠡᠭᠴᠢᠯᠡᠵᠤ ᠪᠦᠲᠦᠭᠡᠨ ᠪᠠᠶᠢᠭᠤᠯᠤᠯᠲᠠ ᠪᠠᠷ ᠳᠡᠮᠵᠢᠨ ᠪᠥᠬᠦ ᠬᠤᠲᠠ ᠳᠤ ᠡᠯ᠎ᠡ ᠲᠥᠷᠥᠯ ᠤᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ  ᠶᠢ 707  ᠪᠠᠶᠢᠭᠤᠯᠤᠬᠰᠠᠨ  ᠤ ᠲᠤᠳᠤᠷ᠎ᠠ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ 62᠂ ᠭᠡᠷ  ᠲᠤ ᠨᠢ ᠬᠦᠷᠴᠤ ᠠᠰᠠᠷᠠᠬᠤ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠴᠡᠭ 645᠂ ᠡᠷᠡᠭᠦᠯᠵᠢᠯ ᠤᠨ ᠲᠤᠰᠠᠯᠠᠬᠤ ᠪᠠᠭᠠᠵᠢ ᠪᠠ ᠨᠠᠰᠤᠵᠢᠯᠲᠠ ᠳᠤ ᠲᠣᠬᠢᠷᠠᠬᠤ ᠦᠢᠯᠡᠳᠬᠦᠨ ᠤ ᠵᠢᠱᠢᠶ᠎ᠡ ᠦᠵᠡᠭᠦᠯᠬᠦ ᠲᠥᠪ 2᠂ ᠣᠶᠤᠨᠲᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠠᠪᠴᠠᠩ 1 ᠪᠣᠶ᠃      

W020240704596275929330_ORIGIN.jpg

  

     ᠪᠤᠭᠤᠲᠤ ᠬᠤᠲᠠ ᠶᠢᠨ ︽ᠣᠶᠤᠨᠲᠤ ᠨᠠᠰᠤᠵᠢᠯ ᠤᠨ ᠠᠰᠠᠷᠠᠮᠵᠢ︾ ᠶᠢᠨ ᠦᠢᠯᠡᠴᠢᠯᠡᠭᠡᠨ ᠤ ᠲᠠᠪᠴᠠᠩ ᠢᠶᠠᠷ

ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠭᠥᠯᠢᠶᠡᠨ ᠠᠪᠴᠤ ᠭᠡᠷ ᠲᠤ ᠨᠢ ᠬᠦᠷᠴᠤ ᠦᠢᠯᠡᠴᠢᠯᠡᠵᠤ ᠪᠠᠶᠢᠭ᠎ᠠ

 ᠨᠢ

 

     ᠲᠤᠶ᠋ᠢᠪᠠᠯ ᠤᠶᠤᠨᠴᠢ ᠦᠢᠯᠡᠴᠢᠯᠡᠭᠡ ᠬᠠᠨᠭ᠍ᠭᠠᠬᠤ ᠪᠤᠯᠪᠠ

    ᠨᠠᠰᠤᠵᠢᠯ ᠤᠨ ᠠᠰᠠᠷᠠᠮᠵᠢ ᠶᠢᠨ ᠣᠶᠤᠨᠴᠢ ᠦᠢᠯᠡᠴᠢᠯᠡᠭᠡᠨ ᠤ ᠲᠠᠪᠴᠠᠩ ᠢ ᠪᠣᠶ ᠪᠣᠯᠭᠠᠵᠤ᠂ ᠪᠥᠬᠦ ᠬᠤᠲᠠ ᠶᠢᠨ

ᠭᠡᠷ ᠲᠤ ᠨᠢ ᠬᠦᠷᠴᠤ ᠠᠰᠠᠷᠠᠬᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠵᠠᠬᠢᠶᠠᠯᠠᠭ᠎ᠠ ᠶᠢ ᠲᠥᠪᠯᠡᠷᠡᠭᠦᠯᠦᠨ

ᠭᠥᠯᠢᠶᠡᠨ ᠠᠪᠴᠤ ᠰᠢᠢᠳᠪᠦᠷᠢᠯᠡᠬᠦ᠂ ᠬᠤᠪᠢᠶᠠᠷᠢᠯᠠᠨ ᠲᠣᠮᠢᠯᠠᠬᠤ᠂ ᠮᠥᠷᠳᠡᠬᠦ᠂ ᠬᠢᠨᠠᠨ ᠬᠠᠷᠭᠤᠭᠤᠯᠬᠤ ᠪᠤᠯᠭᠠᠪᠠ᠃

96111  ᠪᠠᠶᠢᠡᠭᠭᠤ ᠶᠢᠨ ᠤᠲᠠᠰᠤ ᠪᠠᠷ ᠨᠠᠰᠤᠵᠢᠯ ᠤᠨ ᠠᠰᠠᠷᠠᠮᠵᠢ ᠶᠢᠨ ᠲᠥᠷᠥ ᠶᠢᠨ ᠪᠣᠳᠣᠯᠭ᠎ᠠ ᠶᠢᠨ ᠵᠥᠪᠯᠡᠯᠭᠡ

ᠥᠭᠬᠦ᠂ ᠪᠠᠴᠢᠮ ᠬᠤᠯᠪᠣᠭ᠎ᠠ ᠠᠪᠬᠤ᠂ ᠠᠷᠢᠭᠤᠨ ᠴᠡᠪᠡᠷ ᠲᠤ ᠲᠤᠰᠠᠯᠠᠬᠤ ᠵᠡᠷᠭᠡ ᠨᠠᠰᠤᠲᠠᠶᠢᠴᠤᠳ ᠲᠤ ᠦᠢᠯᠡᠴᠢᠯᠡᠬᠦ

ᠪᠣᠯᠵᠤᠭ᠎ᠠ ᠶᠢ ᠪᠡᠶᠡᠯᠡᠭᠦᠯᠵᠦ ᠪᠣᠯᠣᠨ᠎ᠠ᠂ ᠸᠢᠴᠠᠲ ᠢᠶᠠᠷ ᠢᠶᠠᠷ ᠵᠠᠬᠢᠶᠠᠯᠠᠭ᠎ᠠ ᠬᠢᠵᠦ᠂ ᠦᠢᠯᠡᠴᠢᠯᠡᠭᠡᠨ ᠤ ᠪᠣᠯᠵᠤᠭ᠎ᠠ᠂

ᠠᠵᠢᠯ ᠤᠨ ᠬᠠᠭᠤᠳᠠᠰᠤ ᠶᠢ ᠨᠤᠲᠠᠯᠠᠬᠤ᠂ ᠦᠢᠯᠡᠴᠢᠯᠡᠭᠡᠨ ᠤ ᠬᠠᠷᠢᠭᠤ ᠰᠣᠷᠪᠤᠯᠵᠢᠯᠠᠭ᠎ᠠ ᠬᠢᠬᠦ᠂ ᠵᠠᠭᠠᠯᠳᠤᠯᠭ᠎ᠠ ᠶᠢ

ᠰᠢᠢᠳᠪᠦᠷᠢᠯᠡᠬᠦ᠂ ᠪᠠᠴᠢᠮ ᠠᠪᠤᠷᠠᠨ ᠲᠤᠰᠠᠯᠠᠬᠤ᠂ ᠨᠠᠰᠤᠵᠢᠯ ᠤᠨ ᠠᠰᠠᠷᠠᠮᠵᠢ ᠶᠢᠨ ᠵᠥᠪᠯᠡᠯᠭᠡ ᠥᠭᠬᠦ ᠵᠡᠷᠭᠡ

ᠦᠢᠯᠡᠴᠢᠯᠡᠭᠡ ᠶᠢ ᠪᠡᠶᠡᠯᠡᠭᠦᠯᠵᠦ ᠪᠣᠯᠣᠨ᠎ᠠ᠃ ᠲᠦᠮᠡᠳ ᠪᠠᠷᠠᠭᠤᠨ ᠬᠤᠰᠢᠭᠤᠨ ᠤ ᠬᠢᠨ ︽1+N︾ ᠣᠶᠤᠨᠲᠤ

ᠨᠡᠶᠢᠭᠡᠮ ᠲᠣᠭᠤᠷᠢᠭ ᠤᠨ ᠭᠡᠷ ᠲᠤ ᠪᠠᠨ ᠰᠠᠭᠤᠭ᠎ᠠ ᠨᠠᠰᠤᠲᠠᠶᠢᠴᠤᠳ ᠢ ᠠᠰᠠᠷᠠᠬᠤ ᠶᠢ ᠨᠢᠭᠡ ᠴᠣᠭᠴᠠᠵᠢᠭᠤᠯᠤᠭᠰᠠᠨ

ᠵᠢᠯᠣᠭᠤᠳᠤᠨ ᠲᠣᠬᠢᠷᠠᠭᠤᠯᠬᠤ ᠲᠥᠪ ᠲᠤ ᠰᠢᠲᠠᠷ᠎ᠠ ᠶᠢᠨ ᠲᠠᠰᠤᠭ᠂ ᠹᠢᠽᠢᠺ ᠵᠠᠰᠠᠯ ᠤᠨ ᠲᠠᠰᠤᠭ ᠪᠠ ᠣᠯᠠᠨ

ᠴᠢᠳᠠᠮᠵᠢᠲᠤ ᠠᠵᠢᠯᠯᠠᠭᠠᠨ ᠤ ᠲᠠᠰᠤᠭ ᠵᠡᠷᠭᠡ ᠴᠢᠳᠠᠮᠵᠢᠲᠤ ᠲᠠᠰᠤᠭ ᠢ ᠪᠠᠶᠢᠭᠤᠯᠵᠤ᠂ ᠨᠡᠶᠢᠭᠡᠮ ᠲᠣᠭᠤᠷᠢᠭ ᠤᠨ

ᠰᠦᠯᠵᠢᠶ᠎ᠡ ᠪᠠ ᠳᠡᠮᠵᠢᠯᠭᠡ ᠶᠢ ᠪᠠᠶᠢᠭᠤᠯᠤᠨ᠂ ᠡᠯ᠎ᠡ ᠨᠡᠶᠢᠭᠡᠮ ᠲᠣᠭᠤᠷᠢᠭ ᠤᠨ ᠣᠶᠤᠨᠲᠤ ᠭᠡᠷ ᠲᠤ ᠪᠠᠨ ᠰᠠᠭᠤᠭ᠎ᠠ

ᠨᠠᠰᠤᠲᠠᠶᠢᠴᠤᠳ ᠢ ᠠᠰᠠᠷᠠᠬᠤ ᠦᠢᠯᠡᠴᠢᠯᠡᠭᠡᠨ ᠳᠤ ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠵᠤ᠂ ᠬᠥᠷᠰᠢ ᠶᠢᠨ

 ᠬᠢᠨ ᠬᠠᠷᠢᠯᠴᠠᠨ ᠬᠠᠪᠰᠤᠷᠤᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠤᠯᠭᠠᠪᠠ᠃

       

W020240704596275950145_ORIGIN.jpg

   ᠲᠦᠮᠡᠳ ᠪᠠᠷᠠᠭᠤᠨ ᠬᠤᠰᠢᠭᠤᠨ ᠤ ︽1N︾ ᠣᠶᠤᠨᠲᠤ ᠨᠡᠶᠢᠭᠡᠮ ᠲᠣᠭᠤᠷᠢᠭ ᠤᠨ ᠭᠡᠷ  ᠲᠤ ᠪᠠᠨ ᠰᠠᠭᠤᠭ᠎ᠠ

ᠨᠠᠰᠤᠲᠠᠶᠢᠴᠤᠳ ᠢ ᠠᠰᠠᠷᠠᠬᠤ ᠶᠢ ᠨᠢᠭᠡ ᠴᠣᠭᠴᠠᠵᠢᠭᠤᠯᠬᠤ ᠵᠢᠯᠣᠭᠤᠳᠤᠯᠭ᠎ᠠ ᠲᠣᠬᠢᠷᠠᠭᠤᠯᠤᠯᠲᠠ ᠶᠢᠨ ᠲᠥᠪ

     ᠤᠶᠤᠨᠴᠢ ᠪᠠᠴᠢᠮ ᠪᠠᠶᠢᠳᠠᠯ ᠢ ᠠᠷᠭᠠᠴᠠᠭᠠᠬᠤ ᠠᠵᠢᠯ ᠢ ᠨᠢᠬᠡ ᠴᠤᠬᠴᠠᠵᠢᠭᠤᠯᠪᠠ

   ᠨᠠᠰᠤᠲᠠᠶᠢᠴᠤᠳ ᠲᠤ ᠲᠣᠬᠢᠷᠠᠬᠤ ᠤᠶᠤᠨᠴᠢ ᠦᠢᠯᠡᠳᠬᠦᠨ ᠬᠢᠭᠡᠳ ᠣᠶᠤᠨᠲᠤ ᠨᠠᠰᠤᠵᠢᠯ ᠤᠨ ᠠᠰᠠᠷᠠᠮᠵᠢ ᠶᠢᠨ

ᠦᠢᠯᠡᠴᠢᠯᠡᠭᠡᠨ ᠤ ᠲᠠᠪᠴᠠᠩ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠳᠡᠷᠡᠯᠴᠡᠬᠦᠯᠪᠡ᠃ ᠪᠤᠭᠤᠳᠤ ᠬᠤᠳᠠ

 ᠶᠢᠨ  ᠴᠢᠩᠱᠠᠨ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠢᠨ ᠤ ᠵᠣᠬᠢᠶᠠᠨ ᠪᠠᠶᠢᠭᠤᠯᠵᠤ

ᠬᠡᠷᠡᠭᠵᠢᠭᠦᠯᠦᠭᠰᠡᠨ ᠵᠠᠰᠠᠭ ᠤᠨ ᠣᠷᠳᠣᠨ ᠭᠡᠷ ᠲᠤ ᠪᠠᠨ ᠬᠤᠴᠣᠷᠤᠭᠰᠠᠨ ᠨᠠᠰᠤᠲᠠᠶᠢᠴᠤᠳ ᠤᠨ ︽ᠣᠶᠤᠨᠴᠢ ᠬᠠᠨᠢ

ᠪᠣᠯᠬᠤ ᠰᠢᠰᠲ᠋ᠧᠮ︾ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠷᠥᠯ ᠵᠦᠢᠯ ᠢ ᠰᠠᠭᠤᠭᠠᠯᠢ

ᠠᠷᠠᠳ ᠤᠨ ᠭᠡᠷ ᠲᠤ ᠣᠶᠤᠨᠴᠢ ᠬᠠᠨᠢ ᠪᠣᠯᠬᠤ ᠰᠢᠰᠲ᠋ᠧᠮ ᠤᠨ ᠲᠥᠬᠦᠭᠡᠷᠦᠮᠵᠢ ᠤᠭᠰᠠᠷᠠᠬᠤ ᠪᠠᠷ ᠳᠡᠮᠵᠢᠨ

ᠨᠠᠰᠤᠲᠠᠶᠢᠴᠤᠳ ᠲᠣᠨᠤᠭ ᠲᠥᠬᠦᠭᠡᠷᠦᠮᠵᠢ ᠪᠠᠷ ᠬᠡᠦᠬᠡᠳ ᠤᠳ ᠲᠠᠢ ᠪᠠᠨ ᠠᠭᠤᠯᠵᠠᠵᠤ᠂ ᠦᠷ᠎ᠡ ᠬᠡᠦᠬᠡᠳ ᠲᠠᠢ ᠪᠠᠨ

ᠸᠢᠳᠢᠤ᠋ ᠪᠠᠷ ᠶᠠᠷᠢᠯᠴᠠᠬᠤ ᠬᠦᠰᠡᠯ ᠢᠶᠠᠨ ᠪᠡᠶᠡᠯᠡᠭᠦᠯᠵᠦ ᠪᠣᠯᠬᠤ ᠪᠥᠭᠡᠳ ᠦᠷ᠎ᠡ ᠬᠡᠦᠬᠡᠳ ᠨᠢ ᠴᠦ ᠰᠢᠰᠲ᠋ᠧᠮ ᠢᠶᠠᠷ

ᠳᠠᠮᠵᠢᠭᠤᠯᠤᠨ ᠨᠠᠰᠤᠲᠠᠶᠢᠴᠤᠳ ᠤᠨ ᠪᠡᠶ᠎ᠡ ᠶᠢᠨ ᠪᠠᠶᠢᠳᠠᠯ ᠪᠠ ᠠᠮᠢᠳᠤᠷᠠᠯ ᠤᠨ ᠪᠠᠶᠢᠳᠠᠯ ᠢ ᠴᠠᠭ ᠲᠤᠬᠠᠢ ᠳᠤ ᠨᠢ

ᠡᠵᠡᠮᠰᠢᠵᠦ ᠪᠣᠯᠬᠤ ᠶᠤᠮ᠃ ᠪᠤᠭᠤᠳᠤ ᠬᠤᠳᠠ ᠶᠢᠨ ᠳ᠋ᠦᠩ ᠾᠧ ᠲᠣᠭᠤᠷᠢᠭ ᠤᠨ ᠠᠷᠠᠳ ᠤᠨ ᠶᠠᠪᠤᠳᠠᠯ ᠤᠨ

ᠲᠣᠪᠴᠢᠶ᠎ᠠ ᠶᠢᠨ ᠬᠢᠨ ᠣᠶᠤᠨᠲᠤ ᠸᠢᠳᠢᠤ᠋ ᠪᠠᠷ ᠠᠰᠠᠷᠠᠵᠤ ᠰᠤᠪᠢᠯᠠᠬᠤ ᠮᠠᠰᠢᠨ ᠤ ᠬᠠᠶᠢᠷᠴᠠᠭ᠂ ᠲᠧᠯᠸᠢᠰ ᠤᠨ

ᠬᠠᠷᠢᠯᠴᠠᠨ ᠦᠢᠯᠡᠳᠦᠯᠴᠡᠬᠦ ᠸᠢᠳᠢᠤ᠋ ᠪᠠᠷ ᠲᠤᠯᠭᠠᠭᠤᠷᠢᠯᠠᠬᠤ ᠦᠢᠯᠡᠴᠢᠯᠡᠭᠡᠨ ᠤ ᠰᠢᠰᠲ᠋ᠧᠮ ᠢ ᠬᠤᠳᠠᠯᠳᠤᠨ ᠠᠪᠴᠤ᠂

ᠨᠠᠰᠤᠲᠠᠶᠢᠴᠤᠳ ᠤᠨ ᠭᠡᠷ ᠪᠦᠯᠢ ᠶᠢᠨ ᠬᠢᠨ ᠲᠠᠢ ᠸᠢᠳᠢᠤ᠋ ᠪᠠᠷ ᠶᠠᠷᠢᠯᠴᠠᠬᠤ ᠴᠢᠳᠠᠪᠬᠢ ᠶᠢ ᠪᠡᠶᠡᠯᠡᠭᠦᠯᠬᠦ ᠠᠴᠠ ᠭᠠᠳᠠᠨ᠎ᠠ

ᠪᠠᠰᠠ ᠲᠤᠰᠠᠯᠠᠮᠵᠢ ᠭᠤᠶᠤᠴᠢᠯᠠᠬᠤ ᠴᠢᠳᠠᠪᠬᠢ ᠪᠣᠯᠣᠨ ᠨᠠᠰᠤᠵᠢᠯ ᠤᠨ ᠠᠰᠠᠷᠠᠮᠵᠢ ᠶᠢᠨ ᠲᠦᠷᠦ ᠶᠢᠨ ᠪᠣᠳᠣᠯᠭ᠎ᠠ ᠶᠢᠨ

ᠯᠠᠪᠯᠠᠯᠭ᠎ᠠ ᠬᠠᠩᠭᠠᠬᠤ ᠴᠢᠳᠠᠪᠤᠷᠢ ᠶᠢ ᠪᠦᠷᠢᠯᠳᠦᠭᠦᠯᠦᠭᠰᠡᠨ ᠪᠠᠶᠢᠨ᠎ᠠ᠃

 

     ᠨᠠᠰᠤᠳᠠᠳ ᠲᠤ ᠲᠤᠰᠠᠯᠠᠬᠤ ᠤᠶᠤᠨᠴᠢ ᠦᠢᠯᠡᠴᠢᠯᠡᠭᠡ ᠶᠢ ᠨᠢᠬᠡ ᠦᠷᠳᠡᠬᠡᠴᠢᠯᠡᠪᠡ 

    ᠤᠶᠤᠨᠴᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠠᠪᠴᠠᠩ ᠨᠢ ︽ᠢᠨᠲ᠋ᠧᠷ ᠰᠦᠯᠵᠢᠶ᠎ᠡ +︾ ᠳᠤ

ᠲᠦᠰᠢᠭᠯᠡᠨ᠂ ᠵᠠᠰᠠᠭ ᠤᠨ ᠣᠷᠳᠣᠨ᠂ ᠬᠤᠲᠠ ᠶᠢᠨ ᠠᠷᠠᠳ᠂ ᠦᠢᠯᠡᠴᠢᠯᠡᠭᠡᠨ ᠤ ᠬᠤᠳᠠᠯᠳᠤᠭᠠᠴᠢᠨ ᠤ ᠬᠠᠷᠢᠯᠴᠠᠨ

ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠮᠡᠳᠡᠭᠡ ᠵᠠᠩᠭᠢ ᠶᠢᠨ ᠬᠥᠭᠦᠷᠭᠡ ᠶᠢ ᠪᠠᠶᠢᠭᠤᠯᠵᠤ᠂ ᠪᠥᠬᠦ ᠬᠤᠲᠠ ᠳᠤ

1100 ᠭᠠᠷᠤᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠤ ᠠᠬᠤᠶᠢᠯᠠᠯ ᠢ ᠬᠤᠯᠪᠣᠵᠤ᠂ ᠠᠳᠠᠯ ᠠᠬᠤᠢ

᠂ ᠰᠡᠯᠪᠢᠨ ᠵᠠᠰᠠᠬᠤ᠂ ᠣᠨᠢᠰᠤ ᠨᠡᠭᠡᠭᠡᠬᠦ᠂ ᠪᠡᠶ᠎ᠡ ᠤᠬᠢᠶᠠᠬᠤ᠂ ᠴᠢᠮᠡᠭᠡ ᠬᠤᠯᠪᠣᠭ᠎ᠠ᠂ ᠢᠳᠡᠭᠡᠨ ᠤᠮᠳᠠᠭᠠᠨ᠂

ᠪᠣᠯᠪᠠᠰᠤᠷᠠᠯ ᠵᠡᠷᠭᠡ 70 ᠭᠠᠷᠤᠢ ᠵᠦᠢᠯ ᠤᠨ ᠦᠢᠯᠡᠴᠢᠯᠡᠭᠡᠨ ᠤ ᠠᠭᠤᠯᠭ᠎ᠠ ᠶᠢ ᠨᠡᠶᠢᠳᠡᠮ ᠪᠠᠶᠢᠭᠤᠯᠤᠨ ︽ᠬᠦᠷᠢᠶ᠎ᠡ

ᠬᠡᠷᠡᠮ ᠦᠭᠡᠢ ᠬᠡᠶᠢᠰᠪᠦᠷᠢ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ︾ ᠢ ᠪᠣᠶ ᠪᠣᠯᠭᠠᠪᠠ᠃ ᠳᠠᠷᠬᠠᠨ ᠮᠤᠤᠮᠢᠩᠭᠠᠨ

ᠬᠤᠯᠪᠣᠭᠠᠲᠤ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠦᠰᠦ ᠵᠠᠰᠠᠬᠤ᠂ ᠡᠮᠴᠢᠯᠡᠭᠡ᠂ ᠭᠡᠷ ᠤᠨ

ᠶᠠᠪᠤᠳᠠᠯ ᠵᠡᠷᠭᠡ 8 ᠡᠵᠡᠩᠨᠡᠯᠲᠡ ᠶᠢᠨ ᠬᠤᠳᠠᠯᠳᠤᠭᠠᠴᠢᠨ ᠤ ᠲᠠᠪᠴᠠᠩ ᠢ ᠡᠯᠰᠡᠵᠦ᠂ ᠨᠠᠰᠤᠲᠠᠶᠢᠴᠤᠳ ᠤᠲᠠᠰᠤ ᠪᠠᠷ

ᠠᠷᠢᠭᠤᠨ ᠴᠡᠪᠡᠷ ᠲᠤ ᠲᠤᠰᠠᠯᠠᠬᠤ᠂ ᠬᠤᠭᠤᠯᠠ ᠤᠮᠳᠠ ᠳᠤ ᠲᠤᠰᠠᠯᠠᠬᠤ᠂ ᠤᠬᠢᠶᠠᠯᠭ᠎ᠠ ᠳᠤ ᠲᠤᠰᠠᠯᠠᠬᠤ᠂ ᠶᠠᠪᠤᠵᠤ

ᠰᠠᠭᠤᠬᠤ ᠳᠤ ᠲᠤᠰᠠᠯᠠᠬᠤ᠂ ᠡᠮ ᠡᠮᠨᠡᠯᠭᠡ ᠳᠤ ᠲᠤᠰᠠᠯᠠᠬᠤ᠂ ᠪᠠᠴᠢᠮ ᠦᠢᠯᠡᠴᠢᠯᠡᠭᠡ ᠳᠤ ᠲᠤᠰᠠᠯᠠᠬᠤ ᠵᠡᠷᠭᠡ ᠭᠡᠷ ᠲᠤ

 ᠨᠢ ᠬᠦᠷᠴᠦ ᠦᠢᠯᠡᠴᠢᠯᠡᠬᠦ ᠦᠢᠯᠡᠴᠢᠯᠡᠭᠡ ᠶᠢ ᠭᠥᠷᠳᠡᠵᠦ ᠪᠣᠯᠣᠨ᠎ᠠ᠃ ᠡᠭᠦᠨ ᠠᠴᠠ ᠭᠠᠳᠠᠨ᠎ᠠ ᠦᠢᠯᠡᠴᠢᠯᠡᠭᠡᠨ ᠤ

ᠲᠥᠪ ᠪᠠ ᠨᠡᠶᠢᠭᠡᠮ ᠲᠣᠭᠤᠷᠢᠭ ᠤᠨ ᠠᠵᠢᠯᠲᠠᠳ ᠪᠠᠰᠠ ᠲᠣᠭᠲᠠᠮᠠᠯ ᠬᠤᠭᠤᠴᠠᠭ᠎ᠠ ᠲᠠᠢ ᠪᠠᠷ ᠡᠯ᠎ᠡ ᠰᠤᠮᠤ ᠰᠢᠶᠠᠩ

ᠪᠠᠯᠭᠠᠰᠤ᠂ ᠭᠠᠴᠠᠭ᠎ᠠ ᠲᠣᠰᠬᠤᠨ ᠳᠤ ᠬᠦᠷᠴᠦ᠂ ᠮᠠᠯᠵᠢᠬᠤ ᠲᠠᠷᠢᠶᠠᠯᠠᠬᠤ ᠣᠷᠣᠨ ᠤ ᠨᠠᠰᠤᠲᠠᠶᠢᠴᠤᠳ ᠤᠨ ᠴᠢᠰᠤᠨ

 ᠤ ᠰᠢᠬᠢᠷ ᠢ ᠬᠡᠮᠵᠢᠬᠦ᠂ ᠴᠢᠰᠤᠨ ᠤ ᠳᠠᠷᠤᠯᠲᠠ ᠶᠢ ᠬᠡᠮᠵᠢᠬᠦ᠂ ᠦᠰᠦ ᠭᠡᠵᠢᠭᠡ ᠶᠢ ᠨᠢ ᠵᠠᠰᠠᠬᠤ ᠪᠠ ᠠᠮᠢᠳᠤᠷᠠᠯ ᠤᠨ

ᠦᠢᠯᠡᠴᠢᠯᠡᠭᠡ ᠬᠠᠩᠭᠠᠵᠤ᠂ ︽ᠦᠳᠡᠯᠤᠬᠡ ᠨᠠᠰᠤᠨ ᠤ ᠬᠡᠷᠡᠭᠴᠡᠭᠡ ᠶᠢ ᠪᠢᠳᠡ ᠬᠠᠨᠭ᠍ᠭᠠᠬᠤ︾ ᠶᠢ ᠦᠨᠡᠨ ᠬᠦ

ᠪᠡᠶᠡᠯᠡᠭᠦᠯᠦᠭᠰᠡᠨ ᠪᠠᠶᠢᠨ᠎ᠠ᠃

       W020240704596276814423_ORIGIN.jpg    ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠲᠤᠯᠠᠭᠠᠨ ᠨᠠᠰᠤᠵᠢᠯ ᠤᠨ ᠠᠰᠠᠷᠠᠮᠵᠢ ᠶᠢᠨ

ᠦᠢᠯᠡᠴᠢᠯᠡᠭᠡᠨ ᠤ ᠲᠥᠪ ᠤᠨ ︽ᠨᠠᠰᠤᠲᠠᠶᠢᠴᠤᠳ ᠤᠨ ᠬᠤᠭᠤᠯᠠᠨ ᠭᠡᠷ︾ ᠨᠠᠰᠤᠲᠠᠶᠢᠴᠤᠳ ᠲᠤ ᠬᠤᠭᠤᠯᠠ ᠤᠮᠳᠠ

ᠬᠠᠨᠭ᠍ᠭᠠᠵᠤ ᠪᠠᠶᠢᠭ᠎ᠠ ᠨᠢ

 

 ᠲᠠᠷᠤᠪᠴᠢ ᠶᠢ ᠲᠠᠷᠤᠪᠠᠯ ᠬᠦᠷᠤᠬᠡᠳ ᠤᠴᠢᠬᠤ ᠤᠶᠤᠨᠴᠢ ᠭᠠᠵᠠᠷ ᠤᠨ ᠵᠢᠷᠤᠭ ᠲᠠᠢ ᠪᠤᠯᠪᠠ

     ︽  ᠲᠤᠭᠠᠴᠢᠯᠠᠬᠰᠠᠨ + ᠤᠶᠤᠨᠴᠢ︾  ᠴᠢᠳᠠᠮᠵᠢ ᠶᠢ ᠬᠡᠷᠡᠭᠯᠡᠨ ᠳᠥᠭᠦᠮ ᠳᠥᠲᠡ ᠥᠨᠳᠥᠷ ᠪᠦᠲᠦᠮᠵᠢᠲᠡᠶ

ᠬᠤᠭᠤᠯᠠ ᠲᠤᠰᠠᠯᠠᠬᠤ ᠰᠢᠨ᠎ᠡ ᠵᠠᠭᠪᠤᠷ ᠢ ᠪᠣᠶ ᠪᠣᠯᠭᠠᠵᠤ᠂ ᠪᠥᠬᠦ ᠬᠤᠲᠠ ᠶᠢᠨ ︽ᠬᠤᠭᠤᠯᠠ ᠤᠮᠳᠠ ᠳᠤ ᠲᠤᠰᠠᠯᠠᠬᠤ

ᠬᠤᠭᠤᠯᠠᠨ ᠭᠡᠷ︾ ᠤᠨ ᠭᠠᠵᠠᠷ ᠤᠨ ᠵᠢᠷᠤᠭ ᠤᠨ ᠲᠠᠷᠬᠠᠯᠲᠠ᠂ ᠥᠷᠲᠡᠭᠡ ᠴᠡᠭ ᠤᠨ ᠨᠠᠷᠢᠨ ᠪᠠᠶᠢᠳᠠᠯ ᠢ ᠪᠠᠶᠢᠴᠠᠭᠠᠨ

ᠦᠵᠡᠬᠦ ᠶᠢᠨ ᠬᠠᠮᠲᠤ ᠨᠢᠭᠡ ᠯᠡ ᠳᠠᠷᠤᠭᠤᠯ ᠢᠶᠠᠷ ᠠᠶᠠᠯᠠᠯ ᠤᠨ ᠬᠦᠳᠤᠴᠢ ᠶᠢᠨ ᠴᠢᠳᠠᠮᠵᠢ ᠠᠰᠢᠬᠯᠠᠵᠤ ᠪᠤᠯᠬᠤ

ᠪᠤᠯᠭᠠᠪᠠ᠃ ᠲᠦᠮᠡᠳ ᠪᠠᠷᠠᠭᠤᠨ ᠬᠤᠰᠢᠭᠤᠨ ᠤ ᠬᠢᠨ ᠨᠠᠰᠤᠲᠠᠶᠢᠴᠤᠳ ᠤᠨ ᠬᠤᠭᠤᠯᠠ ᠢᠳᠡᠬᠦ ᠱᠠᠭᠠᠷᠳᠠᠯᠭ᠎ᠠ ᠶᠢ

ᠬᠠᠩᠭᠠᠬᠤ ᠶᠢᠨ ᠲᠥᠯᠥᠭᠡ ︽ᠨᠠᠰᠤᠲᠠᠶᠢᠴᠤᠳ ᠤᠨ ᠬᠤᠭᠤᠯᠠᠨ ᠭᠡᠷ︾ ᠤᠨ ᠨᠠᠰᠤᠵᠢᠯ ᠤᠨ ᠠᠰᠠᠷᠠᠮᠵᠢ ᠶᠢᠨ

ᠦᠢᠯᠡᠴᠢᠯᠡᠭᠡᠨ ᠤ ᠵᠠᠭᠪᠤᠷ ᠢ ᠬᠡᠷᠡᠭᠵᠢᠭᠦᠯᠵᠦ᠂ ᠨᠤᠲᠤᠭ ᠤᠨ ᠬᠦᠮᠦᠰ ᠵᠢᠭᠠᠬᠠᠨ ᠬᠠᠨᠳᠢᠪᠯᠡᠬᠤ᠂

ᠨᠠᠰᠤᠲᠠᠶᠢᠴᠤᠳ ᠠᠴᠠ ᠵᠢᠭᠠᠬᠠᠨ ᠠᠪᠬᠤ᠂ ᠲᠣᠰᠬᠤᠨ ᠤ ᠬᠠᠮᠲᠤ ᠠᠴᠠ ᠵᠢᠭᠠᠬᠠᠨ ᠲᠤᠰᠠᠯᠠᠬᠤ᠂ ᠠᠷᠠᠳ ᠤᠨ

ᠶᠠᠪᠤᠳᠠᠯ ᠤᠨ ᠰᠠᠯᠠᠭ᠎ᠠ ᠮᠥᠴᠢᠷ ᠠᠴᠠ ᠱᠠᠩᠨᠠᠵᠤ ᠨᠥᠬᠦᠪᠦᠷᠢᠯᠡᠬᠦ ᠳᠥᠷᠪᠡᠨ ︽ᠴᠡᠭ︾ ᠢ ᠬᠠᠮᠲᠤᠷᠠᠨ

ᠠᠵᠢᠯᠯᠠᠭᠤᠯᠬᠤ ᠪᠠᠷ ᠳᠡᠮᠵᠢᠨ  ᠬᠠᠷᠢᠶᠠᠲᠤ ᠣᠷᠣᠨ ᠤ ᠨᠠᠰᠤᠲᠠᠶᠢᠴᠤᠳ ᠤᠨ ᠬᠦᠷᠢᠶᠡᠯᠡᠯ ᠢ ᠶᠡᠬᠡᠳᠡ ᠣᠯᠣᠭᠰᠠᠨ

ᠪᠠᠶᠢᠨ᠎ᠠ᠃ ᠡᠭᠦᠨ ᠤ ᠬᠠᠮᠲᠤ ᠨᠠᠰᠤ ᠪᠠᠷ ᠨᠢ ᠪᠦᠯᠦᠭ ᠬᠤᠪᠢᠶᠠᠨ ᠨᠥᠬᠦᠪᠦᠷᠢ ᠥᠭᠴᠦ᠂ ᠨᠠᠰᠤᠲᠠᠶᠢᠴᠤᠳ ᠤᠨ

ᠬᠤᠭᠤᠯᠠᠨ ᠭᠡᠷ ᠤᠨ ᠡᠵᠡᠩᠨᠡᠯᠲᠡ ᠶᠢ ᠠᠬᠢᠭᠤᠯᠵᠤ᠂ ᠨᠠᠰᠤᠲᠠᠶᠢᠴᠤᠳ  ᠭᠡᠷ ᠤᠨ ᠢᠶᠠᠨ ᠡᠭᠦᠳᠡᠨ ᠳᠤ ︽ᠬᠤᠭᠤᠯᠨ

ᠤᠮᠳᠠ ᠶᠢᠨ ᠦᠢᠯᠡᠴᠢᠯᠡᠭᠡ ᠬᠦᠷᠳᠡᠬᠦ︾ ᠪᠤᠯᠭᠠᠬᠰᠠᠨ ᠪᠠᠶᠢᠨ᠎ᠠ᠃

   

 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号