ᠤᠯᠠᠭᠠᠨᠴᠠᠪ ᠬᠤᠲᠠ ᠶᠢᠨ ᠬᠡᠦᠬᠡᠳ ᠤᠨ ᠠᠰᠠᠷᠠᠮᠵᠢ ᠶᠢᠨ ᠬᠦᠷᠢᠶᠡᠯᠡᠩ ᠤᠨ ᠬᠢᠨ ︽144︾ ᠠᠷᠭ᠎ᠠ  ᠪᠠᠷ ᠥᠨᠥᠴᠢᠨ ᠬᠡᠦᠬᠡᠳ ᠲᠤ ᠠᠮᠤᠷ ᠲᠦᠪᠰᠢᠨ ᠵᠣᠯ ᠵᠢᠷᠭᠠᠯᠲᠤ ᠭᠡᠷ ᠣᠷᠣᠨ ᠪᠠᠶᠢᠭᠤᠯᠵᠤ ᠦᠭᠴᠤ ᠪᠠᠶᠢᠨ᠎ᠠ
ᠨᠡᠶᠢᠲᠡᠯᠡᠭᠰᠡᠨ ᠴᠠᠭ᠄
2024/7/5
   ᠤᠯᠠᠭᠠᠨᠴᠠᠪ ᠬᠤᠲᠠ ᠶᠢᠨ ᠬᠡᠦᠬᠡᠳ ᠤᠨ ᠠᠰᠠᠷᠠᠮᠵᠢ ᠶᠢᠨ ᠬᠦᠷᠢᠶᠡᠯᠡᠩ ᠤᠨ ᠬᠢᠨ ᠤᠷᠴᠢᠮ ᠤᠨ ᠵᠢᠯ ᠠᠶᠤᠯ ᠦᠬᠡᠢ ᠶᠢᠨ ᠠᠵᠢᠯ ᠢ ᠡᠯ᠎ᠡ ᠠᠵᠢᠯ ᠤᠨ ᠰᠠᠭᠤᠷᠢ ᠪᠣᠯᠭᠠᠵᠤ᠂ ᠡᠯ᠎ᠡ ᠲᠤᠬᠠᠶᠢᠯᠠᠭᠰᠠᠨ ᠠᠵᠢᠯ ᠲᠠᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂  ᠺᠠᠳ᠋ᠷ ᠠᠵᠢᠯᠲᠠᠨ ᠠᠵᠢᠯᠴᠢᠳ ᠤᠨ ᠠᠶᠤᠯ ᠦᠬᠡᠢ ᠦᠢᠯᠡᠳᠪᠦᠷᠢᠯᠡᠯ ᠤᠨ ᠤᠬᠠᠮᠰᠠᠷ ᠢ ᠲᠠᠰᠤᠷᠠᠯᠳᠡ ᠦᠭᠡᠢ ᠴᠢᠩᠭᠠᠳᠬᠠᠵᠤ᠂  ᠠᠰᠠᠷᠠᠮᠵᠢ ᠶᠢᠨ ᠬᠦᠷᠢᠶᠡᠯᠡᠩ ᠳᠤ ᠪᠠᠶᠢᠭ᠎ᠠ ᠬᠠᠶᠠᠭᠳᠠᠭᠰᠠᠨ ᠬᠡᠦᠬᠡᠳ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠬᠡᠦᠬᠡᠳ ᠤᠨ ᠣᠨᠴᠠᠯᠢᠭ ᠲᠡᠬᠡᠷ᠎ᠡ ᠠᠩᠬᠠᠷᠤᠯ ᠢᠶᠠᠨ ᠲᠥᠪᠯᠡᠷᠡᠭᠦᠯᠵᠦ᠂ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠬᠦ᠂ ᠲᠦᠷᠪᠡᠨ ᠵᠦᠢᠯ ᠤᠨ ᠠᠭᠤᠰᠤᠯᠴᠠᠯ ᠢ ᠪᠡᠶᠡᠯᠡᠭᠦᠯᠬᠦ ᠪᠠᠷ ᠳᠠᠮᠵᠢᠭᠤᠯᠵᠤ᠂ ᠲᠦᠷᠪᠡᠨ ᠪᠠᠷᠢᠴᠨ ᠭᠤᠷᠪᠠᠨ ᠭᠤᠣᠯ ᠱᠤᠭᠤᠮ ᠢ ᠰᠠᠶᠢᠲᠤᠷ ᠠᠳᠬᠤᠵᠤ᠂ ︽144 ᠠᠶᠤᠯ ᠦᠬᠡᠢ ᠦᠢᠯᠡᠳᠪᠦᠷᠢᠯᠡᠯ ᠤᠨ ᠠᠵᠢᠯ ᠤᠨ ᠠᠷᠭ᠎ᠠ︾ ᠶᠢ ᠡᠭᠦᠳᠴᠦ᠂ ᠬᠠᠶᠠᠭᠳᠠᠭᠰᠠᠨ ᠬᠡᠦᠬᠡᠳ ᠲᠤ ᠠᠮᠤᠷ ᠲᠦᠪᠰᠢᠨ ᠵᠣᠯ ᠵᠢᠷᠭᠠᠯᠲᠤ ᠭᠡᠷ ᠣᠷᠣᠨ ᠢ ᠪᠠᠶᠢᠭᠤᠯᠵᠤ ᠦᠭᠴᠤ ᠪᠠᠶᠢᠨ᠎ᠠ᠃    ︽ᠨᠢᠭᠡ︾ ᠪᠠᠷ ᠲᠠᠪᠤ ᠶᠢ ᠳᠠᠶᠢᠴᠢᠯᠠᠵᠤ᠂  ᠠᠶᠤᠯ ᠦᠬᠡᠢ ᠶᠢᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠢ  ᠲᠡᠬᠦᠯᠳᠡᠷᠵᠢᠬᠦᠯᠪᠡ   ᠠᠶᠤᠯ ᠦᠬᠡᠢ ᠦᠢᠯᠡᠳᠪᠦᠷᠢᠯᠡᠯ ᠤᠨ ᠤᠳᠤᠷᠢᠳᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠳᠣᠣᠷ᠎ᠠ ᠨᠢ ᠲᠠᠪᠤᠨ ᠳᠤᠭᠤᠶᠢᠯᠠᠩ ᠭᠠᠷᠭᠠᠪᠠ᠃ ᠨᠠᠮ ᠤᠨ ᠡᠭᠦᠷ ᠤᠨ ᠱᠦᠵᠢ᠂ ᠬᠦᠷᠢᠶᠡᠯᠡᠩ ᠤᠨ ᠳᠠᠷᠤᠭ᠎ᠠ ᠶᠢ  ᠠᠶᠤᠯ ᠦᠬᠡᠢ ᠦᠢᠯᠡᠳᠪᠦᠷᠢᠯᠡᠯ ᠤᠨ ᠭᠤᠣᠯ ᠬᠠᠷᠢᠭᠤᠴᠠᠯᠭᠠᠲᠠᠨ ᠪᠣᠯᠭᠠᠬᠤ ᠶᠢᠨ ᠬᠠᠮᠲᠤ ᠤᠳᠤᠷᠢᠳᠬᠤ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ᠂ ᠬᠦᠷᠢᠶᠡᠯᠡᠩ ᠤᠨ ᠳᠡᠳ᠋ ᠳᠠᠷᠤᠭ᠎ᠠ ᠶᠢ ᠳᠡᠳ᠋ ᠳᠤᠭᠤᠶᠢᠯᠠᠩ ᠤᠨ ᠳᠠᠷᠤᠭ᠎ᠠ ᠪᠥᠭᠡᠳ ᠠᠶᠤᠯ ᠦᠬᠡᠢ ᠶᠢᠨ ᠬᠠᠮᠢᠶᠠᠷᠤᠭᠴᠢ ᠶᠢᠨ ᠲᠤᠰᠢᠶᠠᠯ ᠢ ᠡᠭᠦᠷᠭᠡᠯᠡᠵᠦ᠂ ᠡᠯ᠎ᠡ ᠰᠠᠯᠠᠭ᠎ᠠ ᠮᠥᠴᠢᠷ ᠤᠨ ᠵᠠᠩᠭᠢᠯᠠᠭ᠎ᠠ ᠶᠢᠨ ᠺᠠᠳ᠋ᠷ ᠢ ᠳᠤᠭᠤᠶᠢᠯᠠᠩ ᠤᠨ ᠪᠦᠷᠢᠯᠳᠦᠭᠦᠨ ᠪᠣᠯᠭᠠᠵᠤ᠂  ᠠᠶᠤᠯ ᠦᠬᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠴᠢᠬᠤᠯᠠ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠠᠭ ᠲᠤ 24 ᠴᠠᠭ ᠲᠤ ᠤᠳᠤᠷᠢᠳᠤᠯᠭ᠎ᠠ ᠡᠭᠡᠯᠵᠢ ᠲᠠᠭᠠᠭᠤᠯᠪᠠ᠃ ᠤᠳᠤᠷᠢᠳᠬᠤ ᠳᠤᠭᠤᠶᠢᠯᠠᠩ ᠤᠨ ᠳᠣᠣᠷ᠎ᠠ ᠮᠡᠳᠡᠭᠡ ᠬᠤᠯᠪᠣᠭᠠᠨ ᠤ ᠳᠤᠭᠤᠶᠢᠯᠠᠩ᠂  ᠭᠠᠯ ᠤᠨᠲᠠᠷᠠᠭᠠᠬᠤ ᠳᠤᠭᠤᠶᠢᠯᠠᠩ ᠂ ᠲᠦᠷᠭᠡᠨ ᠠᠪᠤᠷᠠᠬᠤ ᠳᠤᠭᠤᠶᠢᠯᠠᠩ᠂ ᠪᠠᠴᠢᠮ ᠲᠠᠷᠬᠠᠭᠠᠬᠤ ᠳᠤᠭᠤᠶᠢᠯᠠᠩ ᠪᠠ ᠵᠠᠮ ᠲᠡᠭᠡᠭᠡᠪᠦᠷᠢ ᠶᠢᠨ ᠳᠤᠭᠤᠶᠢᠯᠠᠩ ᠵᠡᠷᠭᠡ ᠲᠠᠪᠤᠨ ᠳᠤᠭᠤᠶᠢᠯᠠᠩ ᠪᠠᠶᠢᠭᠤᠯᠵᠤ᠂ ᠮᠡᠳᠡᠭᠡ ᠬᠤᠯᠪᠣᠭ᠎ᠠ ᠬᠠᠷᠢᠯᠴᠠᠬᠤ᠂ ᠪᠠᠴᠢᠮ ᠠᠪᠤᠷᠠᠬᠤ ᠠᠶᠤᠯ ᠠᠴᠠ ᠠᠪᠤᠷᠠᠬᠤ᠂ ᠰᠢᠷᠬᠠᠲᠤᠭᠰᠠᠳ ᠢ ᠲᠦᠷᠭᠡᠨ ᠠᠪᠤᠷᠠᠬᠤ ᠪᠠ  ᠠᠶᠤᠯ ᠳᠤ ᠤᠴᠠᠷᠠᠬᠰᠠᠳ ᠢ ᠲᠠᠷᠬᠠᠭᠠᠬᠤ᠂  ᠰᠢᠯᠵᠢᠬᠦᠯᠬᠦ ᠠᠵᠢᠯ ᠢ ᠬᠠᠷᠢᠭᠤᠴᠠᠭᠤᠯᠪᠠ᠃ ᠠᠰᠠᠷᠠᠮᠵᠢ ᠶᠢᠨ ᠬᠦᠷᠢᠶᠡᠯᠡᠩ ᠤᠨ ᠢᠶᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ ︽ᠭᠡᠨᠡᠳᠲᠡ ᠶᠢᠨ ᠬᠡᠷᠡᠭ ᠤᠨ ᠪᠠᠴᠢᠮ  ᠢ ᠠᠷᠭᠠᠴᠠᠭᠠᠬᠤ   ᠲᠥᠰᠥᠯ︾ ︽ᠦᠶᠡᠷ ᠢ ᠰᠡᠷᠭᠡᠶᠢᠯᠡᠨ ᠭᠠᠮᠰᠢᠭ ᠠᠴᠠ ᠠᠪᠤᠷᠠᠬᠤ ᠪᠠᠴᠢᠮ ᠢ  ᠠᠷᠭᠠᠴᠠᠭᠠᠬᠤ  ᠲᠥᠰᠥᠯ︾ ︽ᠭᠠᠯ ᠤᠨᠲᠠᠷᠠᠭᠠᠵᠤ ᠠᠶᠤᠯ ᠠᠴᠠ ᠠᠪᠤᠷᠠᠬᠤ ᠪᠠᠴᠢᠮ  ᠢ ᠠᠷᠭᠠᠴᠠᠭᠠᠬᠤ  ᠲᠥᠰᠥᠯ︾ ︽ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠪᠠᠴᠢᠮ  ᠢ ᠠᠷᠭᠠᠴᠠᠭᠠᠬᠤ  ᠲᠥᠰᠥᠯ︾ ︽ᠢᠳᠡᠭᠡᠨ ᠤ ᠬᠤᠣᠷᠳᠠᠯᠭ᠎ᠠ ᠶᠢᠨ ᠪᠠᠴᠢᠮ ᠢ ᠠᠷᠭᠠᠴᠠᠭᠠᠬᠤ ᠤᠷᠢᠳᠴᠢᠯᠠᠭᠰᠠᠨ ᠲᠥᠰᠥᠯ︾ ︽ᠢᠳᠡᠭᠡᠨ ᠤ ᠠᠶᠤᠯ ᠦᠬᠡᠢ ᠶᠢᠨ ᠬᠡᠷᠡᠭ ᠤᠨ ᠪᠠᠴᠢᠮ ᠢ ᠠᠷᠭᠠᠴᠭᠠᠬᠤ ᠤᠷᠢᠳᠴᠢᠯᠠᠭᠰᠠᠨ ᠲᠥᠰᠥᠯ︾ ︽ᠡᠳᠦᠷ ᠤᠨ ᠲᠠᠷᠬᠠᠭᠠᠬᠤ ᠰᠣᠷᠢᠯᠲᠠ ᠶᠢᠨ ᠲᠥᠰᠥᠯ︾ ︽ᠭᠠᠯ ᠰᠡᠷᠭᠡᠶᠢᠯᠡᠨ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠭᠠᠬᠤ ᠪᠠ ᠲᠠᠷᠬᠠᠭᠠᠬᠤ  ᠲᠥᠰᠥᠯ︾ ᠵᠡᠷᠭᠡ ᠪᠠᠴᠢᠮ ᠢ  ᠠᠷᠭᠠᠴᠠᠭᠠᠬᠤ ᠲᠥᠰᠥᠯ ᠢ ᠲᠣᠭᠲᠠᠭᠠᠵᠤ᠂ ᠪᠠᠴᠢᠮ ᠢ ᠠᠷᠭᠠᠴᠠᠭᠠᠬᠤ ᠴᠢᠳᠠᠪᠤᠷᠢ ᠪᠠᠨ ᠳᠡᠭᠡᠭᠰᠢᠯᠡᠭᠦᠯᠪᠡ᠃   ︽ᠳᠥᠷᠪᠡ︾  ᠶᠢ ᠠᠭᠤᠰᠤᠯᠴᠠᠭᠤᠯᠵᠤ᠂  ᠠᠶᠤᠯ ᠦᠬᠡᠢ ᠶᠢᠨ ᠤᠬᠠᠭᠤᠯᠭ᠎ᠠ ᠬᠥᠮᠦᠵᠢᠯ ᠢ ᠡᠳᠦᠷ ᠲᠤᠳᠤᠮ ᠤᠨ ᠠᠵᠢᠯ ᠪᠤᠯᠭᠠᠨ ᠠᠳᠬᠤᠪᠠ   ᠨᠠᠮ ᠤᠨ ᠪᠠᠶᠢᠭᠤᠯᠤᠯᠲᠠ ᠲᠠᠢ ᠠᠭᠤᠰᠤᠯᠴᠠᠭᠤᠯᠵᠤ ᠯᠠᠪᠳᠠᠭᠤᠨ ᠪᠠᠲᠤᠲᠠᠢ ᠭᠦᠨᠵᠡᠭᠡᠶᠢᠷᠡᠭᠦᠯᠪᠡ᠃ ᠨᠠᠮ ᠤᠨ ᠡᠭᠦᠷ ᠤᠨ ᠬᠠᠮᠲᠤ ᠶᠢᠨ ᠰᠤᠷᠤᠯᠴᠠᠯᠭ᠎ᠠ᠂ ᠵᠠᠩᠭᠢᠯᠠᠭ᠎ᠠ ᠶᠢᠨ ᠺᠠᠳ᠋ᠷᠴᠤᠳ ᠤᠨ ᠶᠡᠭᠡ ᠬᠤᠷᠠᠯ᠂ ᠸᠢᠴᠠᠲ᠂ ᠰᠤᠷᠤᠯᠴᠠᠯᠭ᠎ᠠ  ᠶᠢᠨ ᠬᠦᠴᠤᠷᠭᠡᠭ ᠤᠯᠤᠰ ᠵᠡᠷᠭᠡ ᠣᠯᠠᠨ ᠵᠦᠢᠯ ᠤᠨ ᠲᠠᠪᠴᠠᠩ ᠢᠶᠠᠷ ᠠᠴᠢᠶᠠᠯᠠᠪᠤᠷᠢ ᠪᠣᠯᠭᠠᠵᠤ᠂ ᠨᠠᠮ ᠤᠨ ᠭᠡᠰᠢᠭᠦᠨ ᠺᠠᠳ᠋ᠷ ᠠᠵᠢᠯᠳᠠᠳ ᠢ ᠵᠣᠬᠢᠶᠠᠨ ᠪᠠᠶᠢᠭᠤᠯᠤᠨ ︽ᠠᠮᠢ ᠨᠠᠰᠤ ᠲᠠᠶᠢᠱᠠᠨ ᠠᠭᠤᠯᠠᠨ ᠠᠴᠠ ᠬᠦᠨᠳᠦ — ᠰᠢ ᠶᠢᠨ ᠫᠢᠩ ᠶᠡᠷᠦᠩᠬᠡᠢ ᠱᠦᠵᠢ ᠶᠢᠨ ᠠᠶᠤᠯ ᠦᠬᠡᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ︾  ᠶᠢ ᠰᠤᠷᠤᠯᠴᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠠᠶᠤᠯ ᠦᠬᠡᠢ ᠦᠢᠯᠡᠳᠪᠦᠷᠢᠯᠡᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠭᠤᠯᠵᠠᠢ᠃  ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ᠂ ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ᠂ ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ ᠳᠡᠭᠡᠳᠦ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠤᠷᠠᠯᠳᠤᠭᠤᠯᠤᠭᠰᠠᠨ ᠡᠯ᠎ᠡ ᠲᠥᠷᠥᠯ ᠤᠨ ᠠᠶᠤᠯ ᠦᠭᠡᠢ ᠦᠢᠯᠡᠳᠪᠦᠷᠢᠯᠡᠯ ᠤᠨ ᠲᠧᠯᠸᠢᠰ ᠳ᠋ᠢᠶᠠᠩᠬᠤᠸᠠ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠴᠠᠭ ᠢᠮᠠᠭᠲᠠ ᠰᠡᠷᠡᠮᠵᠢᠯᠡᠭᠦᠯᠦᠨ᠂ ᠬᠠᠷᠢᠭᠤᠴᠠᠯᠭ᠎ᠠ  ᠶᠢ ᠪᠣᠳᠠᠲᠠᠶᠢᠵᠢᠭᠤᠯᠵᠤ᠂ ᠥᠨᠥᠴᠢᠨ ᠬᠡᠦᠬᠡᠳ ᠤᠨ ᠠᠮᠢ ᠨᠠᠰᠤᠨ ᠤ ᠠᠮᠤᠷ ᠲᠦᠪᠰᠢᠨ ᠢ ᠬᠠᠮᠭᠠᠯᠠᠵᠤ ᠪᠠᠶᠢᠨ᠎ᠠ᠃   ᠰᠤᠷᠭᠠᠨ ᠬᠥᠮᠦᠵᠢᠯ ᠯᠦᠭᠡ ᠠᠭᠤᠰᠤᠯᠴᠠᠭᠤᠯᠵᠤ᠂ ᠯᠠᠪᠳᠠᠭᠤᠨ ᠪᠠᠲᠤᠲᠠᠢ  ᠠᠵᠢᠯᠯᠠᠪᠠ᠃ ᠬᠡᠦᠬᠡᠳ ᠢ ᠠᠮᠤᠷ ᠲᠦᠪᠰᠢᠨ ᠢ ᠲᠡᠷᠢᠭᠦᠨ ᠳᠤ ᠲᠠᠯᠪᠢᠬᠤ ᠬᠡᠦᠬᠡᠳ ᠲᠤ ᠠᠮᠤᠷ ᠲᠦᠪᠰᠢᠨ ᠤ ᠬᠥᠮᠦᠵᠢᠯ ᠬᠢᠬᠦ ᠭᠤᠣᠯ ᠰᠡᠳᠦᠪᠲᠦ ᠠᠵᠢᠯᠯᠠᠭ᠎ᠠ ᠶᠢᠨ ᠬᠢᠴᠢᠶᠡᠯ ᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠡᠳᠦᠷ ᠲᠤᠳᠤᠮ ᠤᠨ ᠠᠮᠤᠷ ᠲᠦᠪᠰᠢᠨ᠂ ᠴᠠᠬᠢᠯᠭᠠᠨ ᠬᠡᠷᠡᠭᠯᠡᠬᠦ᠂ ᠤᠰᠤ ᠬᠡᠷᠡᠭᠯᠡᠬᠦ ᠠᠮᠤᠷ ᠲᠦᠪᠰᠢᠨ᠂ ᠵᠠᠮ ᠬᠠᠷᠢᠯᠴᠠᠭᠠᠨ ᠤ ᠠᠮᠤᠷ ᠲᠦᠪᠰᠢᠨ᠂ ᠭᠡᠷ ᠳᠣᠲᠣᠷᠠᠬᠢ ᠠᠮᠤᠷ ᠲᠦᠪᠰᠢᠨ᠂ ᠪᠠᠶᠢᠭᠠᠯᠢ ᠶᠢᠨ ᠭᠠᠮᠰᠢᠭ ᠠᠴᠠ ᠥᠪᠡᠷ ᠢ ᠪᠠᠨ ᠠᠪᠤᠷᠠᠬᠤ᠂ ᠭᠠᠯ ᠤᠨ ᠭᠠᠮᠰᠢᠭ ᠠᠴᠠ ᠥᠪᠡᠷ ᠢ ᠪᠠᠨ ᠠᠪᠤᠷᠠᠬᠤ᠂ ᠢᠳᠡᠭᠡᠨ ᠤᠮᠳᠠᠭᠠᠨ ᠵᠡᠷᠭᠡ ᠠᠭᠤᠯᠭ᠎ᠠ ᠶᠢ ᠪᠠᠭᠲᠠᠭᠠᠵᠤ᠂ ᠨᠢᠯᠬ᠎ᠠ ᠬᠡᠦᠬᠡᠳ ᠤᠨ ᠠᠮᠤᠷ ᠲᠦᠪᠰᠢᠨ ᠪᠠ ᠠᠶᠤᠯ ᠲᠦᠭᠰᠢᠭᠦᠷᠢ ᠶᠢ ᠢᠯᠭᠠᠨ ᠲᠠᠨᠢᠬᠤ ᠴᠢᠳᠠᠪᠤᠷᠢ ᠶᠢ ᠬᠥᠮᠥᠵᠢᠭᠦᠯᠵᠦ᠂ ᠡᠳᠦᠷ ᠲᠤᠳᠤᠮ ᠤᠨ ᠠᠮᠢᠳᠤᠷᠠᠯ ᠤᠨ ᠵᠢᠵᠢᠭ ᠰᠠᠵᠢᠭ ᠶᠠᠪᠤᠳᠠᠯ ᠠᠴᠠ ᠡᠭᠦᠰᠴᠦ ᠠᠶᠤᠯ ᠦᠬᠡᠢ ᠶᠢᠨ ᠤᠬᠠᠮᠰᠠᠷ ᠢ ᠨᠢ ᠬᠠᠷᠠᠬᠠᠨ ᠪᠠᠭ᠎ᠠ ᠠᠴᠠ ᠪᠠᠨ  ᠬᠦᠮᠤᠵᠢᠬᠦᠯᠬᠦ ᠣᠶᠢᠯᠠᠭᠠᠭᠳᠠᠬᠤᠨ ᠢ ᠪᠤᠢ ᠪᠤᠯᠭᠠᠪᠠ᠃ ᠵᠢᠯ ᠪᠦᠷᠢ ᠶᠢᠨ ᠰᠤᠷᠭᠠᠨ ᠬᠥᠮᠦᠵᠢᠯ ᠤᠨ ᠪᠣᠯᠪᠠᠰᠤᠷᠠᠯ ᠤᠨ ᠬᠡᠯᠲᠡᠰ᠂ ᠨᠡᠶᠢᠭᠡᠮ ᠤᠨ ᠠᠵᠢᠯ ᠤᠨ ᠲᠥᠪ ᠤᠨ ᠬᠢᠨ ᠰᠤᠷᠭᠠᠭᠤᠯᠢ ᠶᠢᠨ ᠬᠦᠷᠢᠶᠡᠨ  ᠳᠤ ᠬᠢ ᠥᠨᠥᠴᠢᠨ ᠬᠡᠦᠬᠡᠳ᠂ ᠵᠠᠯᠠᠭᠤᠴᠤᠳ ᠪᠠᠭᠠᠴᠤᠳ ᠲᠤ ᠡᠯ᠎ᠡ ᠲᠥᠷᠥᠯ ᠤᠨ ᠠᠮᠤᠷ ᠲᠦᠪᠰᠢᠨ ᠤ ᠭᠤᠣᠯ ᠰᠡᠳᠦᠪᠲᠦ ᠬᠢᠴᠢᠶᠡᠯ ᠢ ᠨᠠᠭᠠᠳᠤ ᠵᠠᠬ᠎ᠠ ᠳᠤ ᠪᠠᠨ 4 ᠤᠳᠠᠭ᠎ᠠ  ᠤᠷᠤᠭᠤᠯᠪᠠ᠃    ᠣᠷᠴᠢᠨ ᠲᠣᠭᠤᠷᠢᠨ ᠲᠠᠢ ᠪᠠᠨ ᠠᠭᠤᠰᠤᠯᠴᠠᠵᠤ᠂ ᠦᠯᠦ ᠮᠡᠳᠡᠭ ᠢᠶᠠᠷ ᠰᠡᠳᠬᠢᠯ ᠳᠤ ᠨᠢ ᠬᠠᠳᠠᠩᠰᠢᠭᠤᠯᠪᠠ᠃ ᠠᠯᠪᠠᠨ ᠠᠰᠠᠷ ᠤᠨ ᠡᠭᠦᠳᠡᠨ ᠲᠡᠬᠡᠷᠡᠬᠢ LED ᠳᠡᠯᠭᠡᠴᠡ ᠪᠠᠷ ᠠᠶᠤᠯ ᠦᠬᠡᠢ ᠦᠢᠯᠡᠳᠪᠦᠷᠢᠯᠡᠯ ᠤᠨ ᠤᠬᠠᠭᠤᠯᠭ᠎ᠠ ᠶᠢᠨ ᠯᠣᠽᠦ᠋ᠩ  ᠢ 24 ᠴᠠᠭ ᠢᠶᠠᠷ ᠲᠠᠯᠪᠢᠵᠤ᠂ ᠪᠠᠷᠢᠯᠭ᠎ᠠ ᠶᠢᠨ ᠠᠰᠠᠷ ᠤᠨ ᠭᠠᠳᠠᠷ ᠬᠡᠷᠡᠮ ᠤᠨ ᠦᠵᠡᠭᠦᠯᠦᠯᠭᠡ ᠶᠢᠨ ᠪᠤᠯᠤᠩ᠂ ᠵᠠᠰᠠᠭ ᠵᠠᠬᠢᠷᠭᠠᠨ ᠤ ᠠᠯᠪᠠᠨ ᠠᠰᠠᠷ ᠤᠨ ᠢᠦᠢ ᠰᠢᠨ ᠴᠡᠴᠡᠷᠯᠢᠭ ᠤᠨ ᠠᠰᠠᠷ ᠤᠨ ᠱᠠᠲᠤᠨ ᠤ ᠬᠤᠭᠤᠷᠣᠨᠳᠣᠬᠢ ᠬᠤᠭᠤᠰᠤᠨ ᠭᠠᠵᠠᠷ᠂ ︽ᠳᠥᠷᠪᠡᠨ ᠴᠢᠳᠠᠪᠤᠷᠢ︾᠂ ︽ᠳᠥᠷᠪᠡ ᠶᠢ ᠣᠶᠢᠯᠠᠭᠠᠵᠤ ᠳᠥᠷᠪᠡ ᠶᠢ ᠮᠡᠳᠡᠬᠦ︾᠂ ︽ᠭᠤᠷᠪᠠ ᠶᠢ ᠰᠠᠨᠠᠭᠤᠯᠬᠤ︾ ᠵᠡᠷᠭᠡ ᠭᠠᠯ ᠤᠨ ᠠᠶᠤᠯ ᠢ ᠰᠡᠷᠬᠡᠶᠢᠯᠡᠬᠦ ᠤᠬᠠᠭᠤᠯᠭ᠎ᠠ ᠬᠥᠮᠦᠵᠢᠯ ᠤᠨ ᠲᠤᠰᠬᠠᠢ ᠪᠤᠯᠤᠩ ᠭᠠᠷᠭᠠᠵᠤ᠂ ᠪᠢᠴᠢᠯ ᠬᠡᠯᠪᠡᠷᠢ ᠶᠢᠨ ᠭᠠᠯ ᠤᠨᠲᠠᠷᠠᠭᠠᠬᠤ ᠥᠷᠲᠡᠭᠡ ᠳᠤ ︽ᠭᠤᠷᠪᠠ ᠶᠢ ᠡᠵᠡᠨ ᠮᠡᠳᠡᠬᠦ᠂ ᠬᠤᠶᠠᠷ ᠢ ᠢᠯᠡᠵᠢᠬᠦᠯᠬᠦ᠂ ᠨᠢᠭᠡ ᠶᠢ ᠠᠮᠠᠯᠠᠬᠤ︾  ᠢᠯᠨ ᠪᠤᠯᠤᠩ ᠭᠠᠷᠭᠠᠵᠤ᠂ ᠺᠠᠳ᠋ᠷ ᠠᠵᠢᠯᠲᠠᠨ  ᠠᠵᠢᠯᠴᠢᠳ ᠪᠠ ᠬᠡᠦᠬᠡᠳ ᠲᠤ ᠠᠶᠤᠯ ᠦᠬᠡᠢ ᠶᠢᠨ ᠨᠡᠩ ᠤᠯᠠᠨ ᠮᠡᠳᠡᠯᠭᠡ ᠡᠵᠡᠮᠰᠢᠭᠦᠯᠬᠦ ᠶᠢ ᠠᠬᠢᠭᠤᠯᠵᠤ᠂  ᠠᠶᠤᠯ ᠦᠬᠡᠢ ᠶᠢᠨ ᠤᠬᠠᠮᠰᠠᠷ ᠢ ᠳᠡᠭᠡᠭᠰᠢᠯᠡᠭᠦᠯᠦᠨ᠂  ᠠᠶᠤᠯ ᠦᠬᠡᠢ ᠶᠢᠨ ᠰᠡᠷᠭᠡᠶᠢᠯᠡᠯᠲᠡ ᠶᠢᠨ ᠱᠤᠭᠤᠮ ᠢ  ᠪᠠᠬᠢᠵᠢᠬᠦᠯᠪᠡ᠃       ︽ᠳᠥᠷᠪᠡ︾ ᠪᠠᠷ ᠪᠠᠷᠢᠴᠨ ᠪᠤᠯᠭᠠᠵᠤ ᠬᠡᠦᠬᠡᠳ ᠤᠨ ᠠᠮᠤᠷ ᠲᠦᠪᠰᠢᠨ ᠤ ᠬᠠᠮᠠᠭᠠᠯᠠᠯᠲᠠ ᠶᠢᠨ  ᠲᠤᠤᠷᠵᠢᠯ ᠢ ᠪᠠᠬᠢᠵᠢᠬᠦᠯᠪᠡ    ᠥᠪᠡᠷ ᠢ ᠪᠠᠨ ᠪᠠᠶᠢᠴᠠᠭᠠᠵᠤ ᠵᠢᠭᠰᠠᠭᠠᠨ ᠪᠠᠶᠢᠴᠠᠭᠠᠬᠤ ᠠᠵᠢᠯ ᠠᠳᠬᠤᠪᠠ᠃ ᠨᠢᠭᠡ ᠳᠤ᠂ ᠭᠠᠯ ᠢ ᠰᠡᠷᠬᠡᠶᠢᠯᠡᠬᠦ ᠠᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠡᠳᠦᠷ ᠤᠨ ᠲᠣᠭᠤᠷᠢᠨ ᠪᠠᠶᠢᠴᠠᠭᠠᠯᠲᠠ ᠪᠠ ᠰᠠᠷ᠎ᠠ ᠶᠢᠨ ᠪᠠᠶᠢᠴᠠᠭᠠᠯᠲᠠ ᠶᠢ ᠲᠤᠰᠬᠠᠢ ᠬᠦᠮᠦᠨ ᠢᠶᠠᠷ ᠬᠠᠷᠢᠭᠤᠴᠠᠭᠤᠯᠪᠠ᠃ ᠠᠶᠤᠯ ᠦᠬᠡᠢ ᠶᠢᠨ ᠦᠪᠡᠷ ᠤᠨ ᠪᠠᠶᠢᠴᠠᠭᠠᠯᠳᠠ  ᠳᠤ ᠲᠣᠭᠲᠠᠮᠠᠯ ᠬᠤᠭᠤᠴᠠᠭ᠎ᠠ ᠲᠠᠢ ᠪᠠᠷ   ᠥᠷᠨᠢᠭᠦᠯᠵᠦ᠂ ︽ᠭᠠᠯ ᠤᠨ ᠠᠶᠤᠯ ᠢ ᠰᠡᠷᠬᠡᠶᠢᠯᠡᠬᠦ︾ ︽ᠤᠰᠤ ᠴᠠᠬᠢᠯᠭᠠᠨ ᠬᠡᠢ ᠶᠢᠨ ᠠᠶᠤᠯ ᠦᠬᠡᠢ︾ ︽ᠢᠳᠡᠭᠡᠨ ᠪᠠ ᠡᠮ ᠤᠨ ᠵᠦᠢᠯ ᠤᠨ ᠠᠶᠤᠯ ᠦᠬᠡᠢ︾ ︽ᠡᠮᠴᠢᠯᠡᠭᠡ ᠡᠷᠡᠭᠦᠯ ᠬᠠᠮᠠᠭᠠᠯᠠᠯ ᠤᠨ ᠠᠶᠤᠯ ᠦᠬᠡᠢ︾ ︽ᠭᠡᠷ ᠪᠠᠶᠢᠰᠢᠩ ᠤᠨ ᠠᠶᠤᠯ ᠦᠬᠡᠢ︾ ︽ᠦᠢᠯᠡᠴᠢᠯᠡᠭᠡᠨ ᠤ ᠠᠶᠤᠯ ᠦᠬᠡᠢ︾᠂ ︽ᠡᠳ᠋ ᠪᠣᠳᠠᠰ ᠤᠨ ᠠᠶᠤᠯ ᠦᠬᠡᠢ︾ ︽  ᠠᠶᠤᠯ ᠦᠬᠡᠢ ᠶᠢ ᠪᠠᠳᠤᠯᠠᠬᠤ︾ ᠵᠡᠷᠭᠡ ᠲᠠᠯ᠎ᠠ ᠲᠠᠢ ᠬᠠᠷᠢᠴᠠᠭᠤᠯᠬᠤ ᠶᠢᠨ ᠬᠠᠮᠲᠤ ᠠᠰᠠᠭᠤᠳᠠᠯ ᠲᠡᠭᠡᠭᠰᠢ ᠮᠡᠳᠡᠬᠦᠯᠪᠡ᠃ ᠣᠷᠣᠰᠢᠵᠤ ᠪᠠᠶᠢᠭ᠎ᠠ ᠠᠰᠠᠭᠤᠳᠠᠯ ᠢ ᠳᠠᠷᠤᠢ ᠴᠡᠭᠴᠡᠯᠡᠬᠦ ᠶᠢ ᠨᠢ ᠴᠡᠭᠴᠡᠯᠡᠵᠤ᠂ ᠲᠦᠷ ᠴᠡᠭᠴᠡᠯᠡᠨ ᠰᠠᠶᠢᠵᠢᠷᠠᠭᠤᠯᠵᠤ ᠳᠡᠶᠢᠯᠬᠦ ᠦᠭᠡᠢ ᠶᠢ ᠨᠢ ᠴᠢᠬᠤᠯᠠ ᠵᠥᠪᠯᠡᠬᠦ ᠵᠦᠢᠯ ᠳᠤ ᠣᠷᠣᠭᠤᠯᠵᠤ᠂ ᠨᠥᠬᠦᠴᠡᠯ ᠪᠦᠷᠢᠳᠦᠭᠰᠡᠨ ᠤ ᠳᠠᠷᠠᠭ᠎ᠠ ᠳᠠᠷᠤᠶᠢᠬᠠᠨ ᠴᠡᠭᠴᠡᠯᠡᠨ ᠰᠠᠶᠢᠵᠢᠷᠠᠭᠤᠯᠬᠤ ᠪᠤᠯᠤᠨ᠎ᠠ᠃  ᠦᠨᠤ ᠵᠢᠯ ᠳᠡᠭᠡᠳᠦ ᠱᠠᠲᠤᠨ ᠤ  ᠠᠶᠤᠯ ᠦᠬᠡᠢ ᠶᠢᠨ ᠱᠠᠯᠠᠪᠳᠠᠭᠤᠯᠤᠨ ᠪᠠᠶᠢᠴᠠᠭᠠᠯᠲᠠ ᠶᠢ 3 ᠤᠳᠠᠭ᠎ᠠ ᠬᠦᠯᠢᠶᠡᠵᠦ᠂ ᠲᠣᠰ ᠱᠠᠲᠤᠨ ᠤ ᠥᠪᠡᠷ ᠤᠨ ᠪᠠᠶᠢᠴᠠᠭᠠᠯᠲᠠ ᠶᠢ 6 ᠤᠳᠠᠭ᠎ᠠ  ᠦᠷᠨᠢᠬᠦᠯᠪᠡ᠃ ᠰᠤᠪᠢᠯᠠᠯᠲᠠ ᠶᠢᠨ ᠭᠠᠵᠠᠷ᠂ ᠬᠤᠭᠤᠯᠠᠨ ᠭᠡᠷ ᠵᠡᠷᠭᠡ ᠭᠤᠣᠯᠳᠠᠯᠭ᠎ᠠ ᠲᠠᠢ ᠠᠮᠤᠷ ᠲᠦᠪᠰᠢᠨ ᠤ ᠰᠠᠯᠠᠭ᠎ᠠ ᠮᠥᠴᠢᠷ ᠤᠳ᠂ ᠡᠭᠡᠯᠵᠢ ᠶᠢᠨ ᠠᠵᠢᠯᠲᠠᠨ ᠡᠳᠦᠷ ᠪᠦᠷᠢ ᠡᠭᠦᠳᠡ ᠴᠣᠩᠬᠤ ᠪᠠᠨ ᠣᠨᠢᠰᠤᠯᠠᠭᠰᠠᠨ ᠡᠰᠡᠬᠦ᠂ ᠴᠠᠬᠢᠯᠭᠠᠨ ᠬᠡᠷᠡᠭᠯᠡᠬᠦ ᠲᠥᠬᠦᠭᠡᠷᠦᠮᠵᠢ ᠶᠢᠨ ᠴᠠᠬᠢᠯᠭᠠᠨ ᠢ ᠰᠠᠯᠭᠠᠬᠰᠠᠨ ᠡᠰᠡᠬᠦ᠂ ᠤᠰᠤ ᠬᠡᠷᠡᠭᠯᠡᠬᠦ ᠲᠥᠬᠦᠭᠡᠷᠦᠮᠵᠢ ᠪᠠᠨ ᠬᠠᠭᠠᠭᠰᠠᠨ ᠡᠰᠡᠬᠦ ᠳᠤ ᠥᠪᠡᠷ ᠤᠨ ᠪᠠᠶᠢᠴᠠᠭᠠᠯᠲᠠ ᠬᠢᠵᠦ᠂ ᠠᠶᠤᠯᠲᠠᠢ ᠪᠣᠳᠠᠰ ᠢ ᠣᠯᠵᠤ ᠮᠡᠳᠡᠪᠡᠯ ᠴᠠᠭ ᠲᠤᠬᠠᠢ ᠳᠤ ᠨᠢ ᠰᠢᠢᠳᠪᠤᠷᠢᠯᠡᠪᠡ᠃    ᠭᠠᠯ ᠤᠨ ᠠᠶᠤᠯ ᠠᠴᠠ ᠰᠡᠷᠬᠡᠶᠢᠯᠡᠬᠦ ᠠᠵᠢᠯ ᠢ ᠴᠢᠩᠭ᠎ᠠ ᠠᠳᠬᠤᠪᠠ᠃ ᠠᠰᠠᠷᠠᠮᠵᠢ ᠶᠢᠨ ᠬᠦᠷᠢᠶᠡᠯᠡᠩ ᠳᠤ  ᠪᠢᠴᠢᠯ ᠭᠠᠯ ᠤᠨᠲᠠᠷᠠᠭᠠᠬᠤ ᠥᠷᠳᠡᠭᠡ ᠨᠢᠬᠡ᠂  ᠲᠤᠰᠢᠶᠠᠯ ᠬᠠᠪᠰᠤᠷᠭᠠᠭᠰᠠᠨ ᠭᠠᠯ ᠤᠨᠲᠠᠷᠠᠭᠠᠭᠴᠢ 6 ᠂ ᠭᠠᠯ ᠤᠨᠲᠠᠷᠠᠭᠠᠭᠤᠷ 6᠂  ᠭᠠᠯ ᠤᠨᠲᠠᠷᠠᠭᠠᠬᠤ ᠤᠰᠤᠨ ᠫᠤᠤ 4᠂ ᠭᠠᠯ ᠤᠨᠲᠠᠷᠠᠭᠠᠬᠤ ᠤᠰᠤᠨ ᠪᠦᠰᠡ 4᠂  ᠳᠤᠭᠤᠯᠠᠭ᠎ᠠ6᠂ ᠢᠵᠢ ᠭᠠᠯ ᠤᠨᠲᠠᠷᠠᠭᠠᠬᠤ ᠬᠠᠮᠠᠭᠠᠯᠠᠯᠲᠠ ᠶᠢᠨ ᠬᠤᠪᠴᠠᠰᠤ 6᠂ ᠭᠠᠯ ᠤᠨᠲᠠᠷᠠᠭᠠᠬᠤ ᠬᠠᠮᠠᠭᠠᠯᠠᠯᠲᠠ ᠶᠢᠨ ᠭᠤᠲᠤᠯ 6᠂ ᠭᠠᠷ ᠶᠠᠷᠢᠯᠴᠠᠭᠤᠷ 6 ᠪᠡᠯᠡᠳᠴᠤ᠂ ᠭᠠᠯ ᠤᠨ ᠠᠶᠤᠯ ᠠᠩᠬ᠎ᠠ ᠡᠬᠦᠰᠦᠭᠰᠡᠨ ᠦᠶ᠎ᠡ  ᠳᠤ ᠨᠢ ᠪᠦᠲᠦᠮᠵᠢᠲᠡᠶ ᠰᠢᠢᠳᠪᠦᠷᠢᠯᠡᠬᠦ ᠳᠤ ᠬᠦᠴᠦᠲᠡᠢ ᠪᠠᠲᠤᠯᠠᠭ᠎ᠠ ᠬᠠᠩᠭᠠᠭᠰᠠᠨ ᠪᠠᠶᠢᠨ᠎ᠠ᠃  ᠠᠰᠠᠷᠠᠮᠵᠢ  ᠬᠦᠷᠢᠶᠡᠯᠡᠩ ᠳᠤ  ᠬᠠᠭᠤᠷᠠᠢ ᠨᠤᠨᠳᠠᠭ ᠤᠨ ᠭᠠᠯ ᠤᠨᠲᠠᠷᠠᠭᠠᠭᠤᠷ 159᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠯ ᠤᠨᠲᠠᠷᠠᠭᠠᠭᠤᠷ 4 ᠪᠤᠢ ᠶᠢ ᠲᠣᠭᠲᠠᠮᠠᠯ ᠬᠤᠭᠤᠴᠠᠭ᠎ᠠ ᠲᠠᠢ ᠪᠠᠷ ᠣᠨ ᠤ ᠪᠠᠶᠢᠴᠠᠭᠠᠯᠲᠠ ᠬᠢᠵᠦ᠂ ᠭᠠᠯ ᠤᠨᠲᠠᠷᠠᠭᠠᠬᠤ ᠲᠥᠬᠦᠭᠡᠷᠦᠮᠵᠢ ᠶᠢᠨ ᠬᠡᠪ ᠤᠨ ᠠᠵᠢᠯᠯᠠᠭ᠎ᠠ ᠶᠢ ᠪᠠᠳᠤᠯᠠᠪᠠ᠃ ᠭᠠᠯ ᠤᠨᠲᠠᠷᠠᠭᠠᠭᠤᠷ ᠤᠨ ᠲᠠᠩᠰᠠ ᠡᠪᠬᠡᠮᠡᠯ ᠪᠠᠶᠢᠭᠤᠯᠵᠤ᠂ ᠭᠠᠯ ᠤᠨᠲᠠᠷᠠᠭᠠᠭᠤᠷ ᠤᠨ ᠣᠷᠣᠨ ᠪᠠᠶᠢᠷᠢ᠂ ᠣᠨ ᠤ ᠪᠠᠶᠢᠴᠠᠭᠠᠯᠲᠠ ᠶᠢᠨ ᠴᠠᠭ ᠬᠤᠭᠤᠴᠠᠭ᠎ᠠ ᠶᠢ ᠲᠡᠮᠳᠡᠭᠯᠡᠵᠦ᠂ ᠣᠨ ᠤ ᠪᠠᠶᠢᠴᠠᠭᠠᠯᠲᠠ ᠶᠢ ᠴᠠᠭ ᠲᠤᠬᠠᠢ  ᠳᠤ ᠨᠢ ᠪᠡᠶᠡᠯᠡᠬᠦᠯᠪᠡ᠃ ᠵᠢᠯ ᠪᠦᠷᠢ ᠭᠠᠯ ᠤᠨᠲᠠᠷᠠᠭᠠᠬᠤ ᠪᠣᠯᠪᠠᠰᠤᠷᠠᠯ ᠢ 2 ᠤᠳᠠᠭ᠎ᠠ ᠠᠴᠠ ᠳᠤᠲᠠᠭᠤ ᠦᠭᠡᠢ ᠥᠷᠨᠢᠭᠦᠯᠵᠦ᠂ ᠠᠳᠠᠭ ᠲᠤ ᠪᠠᠨ ᠬᠤᠶᠠᠷ ᠤᠳᠠᠭ᠎ᠠ ᠰᠤᠷᠢᠯᠳᠠ ᠬᠢᠪᠡ᠃    ᠰᠤᠷᠤᠭᠴᠢ ᠵᠥᠭᠡᠭᠡᠪᠦᠷᠢᠯᠡᠬᠦ ᠮᠠᠰᠢᠨ ᠤ ᠠᠶᠤᠯ ᠦᠬᠡᠢ ᠶᠢ ᠪᠠᠳᠤᠯᠠᠪᠠ᠃ ᠠᠰᠠᠷᠠᠮᠵᠢ ᠶᠢᠨ ᠬᠦᠷᠢᠶᠡᠯᠡᠩ ᠳᠤ ᠣᠲᠣ ᠬᠤᠶᠠᠷ ᠰᠤᠷᠭᠠᠭᠤᠯᠢ ᠶᠢᠨ ᠲᠡᠷᠭᠡ ᠲᠠᠢ᠂ ᠴᠥᠮ ᠬᠤᠲᠠ ᠶᠢᠨ ᠵᠠᠮ ᠬᠠᠷᠢᠯᠴᠠᠭᠠᠨ ᠤ ᠲᠣᠪᠴᠢᠶ᠎ᠠ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠵᠢᠯ ᠪᠦᠷᠢ ᠲᠣᠭᠲᠠᠮᠠᠯ ᠬᠤᠭᠤᠴᠠᠭ᠎ᠠ ᠲᠠᠢ ᠪᠠᠷ ᠬᠤᠶᠠᠷ ᠰᠤᠷᠭᠠᠭᠤᠯᠢ ᠶᠢᠨ ᠲᠡᠷᠭᠡᠨ ᠳᠤ ᠣᠨ ᠤ ᠪᠠᠶᠢᠴᠠᠭᠠᠯᠲᠠ ᠬᠢᠵᠦ᠂ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠰᠡᠯᠪᠢᠵᠤ ᠪᠠᠶᠢᠨ᠎ᠠ᠃ ᠰᠤᠷᠭᠠᠭᠤᠯᠢ ᠶᠢᠨ ᠲᠡᠷᠭᠡ ᠶᠢᠨ ᠠᠮᠤᠷ ᠲᠦᠪᠰᠢᠨ ᠤ ᠲᠠᠩᠰᠠ ᠡᠪᠬᠡᠮᠡᠯ ᠪᠠᠶᠢᠭᠤᠯᠵᠤ᠂ ᠰᠤᠷᠭᠠᠭᠤᠯᠢ ᠶᠢᠨ ᠲᠡᠷᠭᠡ ᠶᠢᠨ ᠵᠢᠯᠣᠭᠤᠴᠢ ᠪᠠ ᠬᠠᠷᠠᠵᠤ ᠬᠠᠷᠠᠭᠠᠯᠵᠠᠬᠤ ᠬᠥᠮᠥᠰ ︽ᠰᠤᠷᠭᠠᠭᠤᠯᠢ ᠶᠢᠨ ᠲᠡᠷᠭᠡ ᠶᠢᠨ ᠶᠠᠪᠤᠵᠤ ᠰᠠᠭᠤᠬᠤ ᠲᠡᠮᠳᠡᠭᠯᠡᠯ ᠤᠨ ᠬᠦᠰᠦᠨᠦᠭᠲᠦ︾ ᠶᠢ ᠬᠢᠨᠠᠮᠠᠭᠠᠢ ᠲᠠᠭᠯᠠᠵᠤ᠂ ᠰᠤᠷᠭᠠᠭᠤᠯᠢ ᠶᠢᠨ ᠲᠡᠷᠭᠡ ᠶᠢᠨ ᠵᠢᠯᠣᠭᠤᠴᠢ᠂ ᠬᠠᠷᠠᠵᠤ  ᠬᠠᠷᠠᠭᠠᠯᠵᠠᠬᠤ ᠬᠥᠮᠥᠰ ᠲᠣᠭᠲᠠᠭᠰᠠᠨ ᠬᠤᠭᠤᠴᠠᠭ᠎ᠠ ᠲᠠᠢ ᠪᠠᠷ ᠬᠠᠮᠢᠶ᠎ᠠ ᠪᠦᠬᠦᠢ ᠪᠣᠯᠪᠠᠰᠤᠷᠠᠯ ᠳᠤ ᠤᠷᠤᠯᠴᠠᠭᠤᠯᠤᠨ᠂ ᠰᠤᠷᠭᠠᠭᠤᠯᠢ ᠶᠢᠨ ᠲᠡᠷᠬᠡᠨ ᠤ ᠠᠶᠤᠯ ᠦᠬᠡᠢ ᠶᠢ ᠦᠨᠡᠨ ᠬᠦ ᠪᠠᠳᠤᠯᠠᠵᠤ ᠪᠠᠶᠢᠨ᠎ᠠ᠃       ᠢᠳᠡᠭᠡᠨ ᠤ ᠠᠶᠤᠯ ᠦᠬᠡᠢ ᠶᠢ ᠴᠢᠩᠭ᠎ᠠ ᠠᠳᠬᠤᠪᠠ᠃ ᠬᠤᠭᠤᠯᠠᠨ ᠭᠡᠷ ᠨᠢ ᠲᠣᠭᠲᠠᠭᠠᠯ ᠶᠣᠰᠣᠭᠠᠷ ᠢᠳᠡᠭᠡᠨ ᠡᠵᠡᠩᠨᠡᠬᠦ ᠵᠥᠪᠰᠢᠶᠡᠷᠡᠯ ᠣᠯᠵᠤ᠂ ᠬᠤᠭᠤᠯᠠᠨ ᠭᠡᠷ ᠤᠨ ᠠᠵᠢᠯᠲᠠᠳ ᠴᠠᠭ ᠲᠤᠬᠠᠢ ᠳᠤ ᠨᠢ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ ᠬᠢᠵᠦ᠂ ᠬᠤᠭᠤᠯᠠᠨ ᠤ ᠰᠠᠪᠠ ᠬᠡᠷᠡᠭᠰᠡᠯ ᠢ ᠤᠳᠠᠭ᠎ᠠ ᠪᠣᠯᠭᠠᠨ ᠢ ᠠᠷᠢᠭᠤᠳᠬᠠᠵᠤ᠂ ᠬᠤᠭᠤᠯᠠᠨ ᠭᠡᠷ ᠤᠨ ᠬᠤᠭ ᠨᠣᠪᠰᠢ ᠶᠢ ᠡᠳᠦᠷ ᠪᠦᠷᠢ ᠰᠢᠢᠳᠪᠦᠷᠢᠯᠡᠵᠦ᠂ ᠲᠦᠭᠦᠬᠡᠢ ᠪᠠ ᠪᠣᠯᠤᠭᠰᠠᠨ᠂ ᠪᠦᠲᠦᠭᠡᠭᠳᠡᠬᠦᠨ᠂ ᠪᠤᠷᠤ ᠮᠠᠲ᠋ᠧᠷᠢᠶᠠᠯ ᠢ ᠰᠠᠯᠭᠠᠨ᠂ ᠬᠤᠭᠤᠯᠠ ᠪᠣᠯᠭᠠᠨ ᠢ ᠢᠳᠡᠭᠡᠨ ᠪᠠ ᠡᠮ ᠤᠨ ᠵᠦᠢᠯ ᠤᠨ ᠲᠣᠪᠴᠢᠶ᠎ᠠ ᠶᠢᠨ ᠱᠠᠭᠠᠷᠳᠠᠯᠭ᠎ᠠ ᠶᠣᠰᠣᠭᠠᠷ ᠶᠠᠩᠵᠤ ᠦᠯᠡᠳᠡᠭᠡᠵᠦ᠂ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠬᠡᠷᠡᠭᠰᠡᠬᠦ ᠢᠳᠡᠭᠡᠨ ᠤ ᠮᠠᠲ᠋ᠧᠷᠢᠶᠠᠯ ᠢ ᠬᠤᠳᠠᠯᠳᠤᠨ ᠠᠪᠴᠤ᠂ ᠬᠡᠲᠦ ᠳᠡᠯᠭᠡᠭᠦᠷ ᠤᠨ ᠪᠠᠷᠢᠮᠵᠢᠶ᠎ᠠ ᠪᠠᠷ ᠬᠥᠮᠥᠷᠭᠡ ᠳᠤ ᠬᠠᠳᠠᠭᠠᠯᠠᠬᠤ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠥᠪᠡᠷ ᠢᠶᠠᠨ ᠪᠠᠶᠢᠴᠠᠭᠠᠵᠤ ᠵᠢᠭᠰᠠᠭᠠᠨ ᠪᠠᠶᠢᠴᠠᠭᠠᠬᠤ ᠶᠢ  ᠦᠷᠨᠢᠬᠦᠯᠪᠡ᠃ ᠬᠤᠯᠪᠣᠭᠳᠠᠯ ᠪᠦᠬᠦᠢ ᠬᠥᠮᠥᠰ ᠢᠳᠡᠭᠡᠨ ᠤ  ᠠᠶᠤᠯ ᠦᠬᠡᠢ ᠶᠢᠨ ᠰᠤᠷᠤᠯᠴᠠᠯᠭ᠎ᠠ ᠪᠣᠯᠪᠠᠰᠤᠷᠠᠯ ᠳᠤ ᠢᠳᠡᠪᠬᠢᠲᠡᠢ ᠣᠷᠣᠯᠴᠠᠵᠤ᠂ ᠤᠷᠴᠢᠮ ᠤᠨ ᠵᠢᠯ ᠤᠳ ᠤᠨ ᠢᠳᠡᠭᠡᠨ ᠤ ᠠᠮᠤᠷ ᠲᠦᠪᠰᠢᠨ ᠤ ᠬᠡᠷᠡᠭ ᠲᠤ ᠠᠩᠬᠠᠷᠤᠯ ᠢᠶᠠᠨ ᠲᠥᠪᠯᠡᠷᠡᠭᠦᠯᠦᠨ᠂  ᠢᠳᠡᠭᠡᠨ ᠤ ᠠᠶᠤᠯ ᠦᠬᠡᠢ ᠶᠢᠨ ᠮᠡᠳᠡᠯᠬᠡ ᠶᠢ ᠰᠠᠶᠢᠳᠤᠷ ᠰᠤᠷᠤᠯᠴᠠᠪᠠ᠃        
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号