ᠪᠣᠳᠠᠲᠠᠢ ᠤᠳᠤᠷᠢᠳᠤᠮᠵᠢ ᠶᠢ ᠴᠢᠩᠭᠠᠳᠬᠠᠵᠤ᠂ ᠮᠡᠳᠡᠬᠦᠢ ᠬᠢᠬᠦᠢ ᠠᠴᠠ ᠬᠡᠮᠵᠢᠶ᠎ᠡ ᠶᠢ ᠮᠨᠳᠡᠬᠦ ᠪᠤᠯᠪᠠ
ᠨᠡᠶᠢᠲᠡᠯᠡᠭᠰᠡᠨ ᠴᠠᠭ᠄
2024/7/5
    ᠨᠠᠮ ᠤᠨ ᠰᠠᠬᠢᠯᠭ᠎ᠠ ᠶᠢᠨ ᠰᠤᠷᠤᠯᠴᠠᠯᠭ᠎ᠠ ᠬᠥᠮᠦᠵᠢᠯ ᠤᠨ ᠳᠤᠮᠳᠠ ᠪᠦᠬᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠤᠷᠤᠯᠴᠠᠬᠤ ᠶᠢᠨ ᠲᠠᠭᠠᠤ ᠬᠠᠷᠢᠴᠠᠭᠤᠯᠵᠤ᠂   ᠪᠠᠶᠢᠴᠠᠭᠠᠨ ᠦᠵᠡᠬᠦ ᠶᠢᠨ ᠲᠠᠭᠠᠤ ᠴᠡᠭᠴᠡᠯᠡᠨ ᠰᠠᠶᠢᠵᠢᠷᠠᠭᠤᠯᠵᠤ᠂ ᠨᠠᠮ ᠤᠨ ᠭᠡᠰᠢᠭᠦᠨ ᠺᠠᠳ᠋ᠷᠴᠤᠳ ᠢ ᠬᠥᠮᠥᠵᠢᠭᠦᠯᠦᠨ ᠵᠢᠯᠤᠭᠤᠳᠴᠤ ᠪᠠᠶᠢᠭᠠᠳ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠷ ᠦᠵᠡᠯ ᠰᠠᠨᠠᠭ᠎ᠠ᠂ ᠦᠢᠯᠡ ᠠᠵᠢᠯᠯᠠᠭ᠎ᠠ ᠶᠢ ᠨᠢ ᠲᠠᠰᠤᠷᠠᠯᠲᠠ ᠦᠭᠡᠢ ᠵᠠᠯᠠᠷᠠᠭᠤᠯᠵᠤ᠂ ᠮᠡᠳᠡᠬᠦ ᠬᠢᠬᠦ ᠶᠢ ᠨᠢ ᠨᠡᠩ ᠴᠤ ᠵᠣᠭᠰᠤᠭᠠᠬᠤ ᠬᠡᠷᠡᠭᠲᠡᠢ᠃      ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠬᠢᠨ ᠢᠳᠡᠪᠬᠢᠲᠡᠢ ᠪᠥᠭᠡᠳ ᠴᠢᠳᠠᠮᠠᠭᠠᠢ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠵᠦ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠨᠢᠭᠡ ᠴᠣᠭᠴᠠᠵᠢᠭᠤᠯᠤᠨ ᠠᠬᠢᠭᠤᠯᠪᠠ᠃ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠬᠢᠨ ︽ᠠᠷᠠᠳ ᠤᠨ ᠠᠮᠢᠳᠤᠷᠠᠯ ᠢ ᠪᠠᠶᠢᠴᠠᠭᠠᠨ ᠬᠠᠮᠠᠭᠠᠯᠠᠬᠤ︾ ︽ᠪᠠᠶᠢᠴᠠᠭᠠᠬᠤ ᠠᠵᠤ ᠠᠬᠤᠶᠢᠯᠠᠯ ᠢ ᠬᠠᠮᠠᠭᠠᠯᠠᠬᠤ︾ ᠵᠡᠷᠭᠡ ᠲᠤᠰᠬᠠᠢ ᠠᠵᠢᠯᠯᠠᠭ᠎ᠠ ᠳᠤ ᠲᠦᠰᠢᠭᠯᠡᠨ᠂ ᠡᠷᠬᠡ ᠲᠤᠰᠢᠶᠠᠯ ᠢᠶᠠᠨ ᠠᠰᠢᠭᠯᠠᠨ ᠬᠢᠭᠰᠡᠨ ᠶᠠᠯᠠᠲᠤ ᠬᠡᠷᠡᠭ ᠢ ᠰᠢᠢᠳᠪᠦᠷᠢᠯᠡᠬᠦ ᠡᠷᠴᠢᠮ ᠢᠶᠠᠨ ᠲᠠᠰᠤᠷᠠᠯᠲᠠ ᠦᠭᠡᠢ ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠣᠨ ᠤ ᠨᠥᠬᠦᠪᠦᠷᠢ ᠶᠢᠨ ᠵᠣᠭᠤᠰ ᠢ ᠤᠬᠠᠭᠠᠯᠠᠨ ᠠᠪᠬᠤ᠂ ᠬᠠᠮᠲᠤ ᠶᠢᠨ ᠡᠳ᠋ ᠬᠥᠷᠥᠩᠭᠡ ᠶᠢ ᠱᠠᠮᠰᠢᠨ ᠵᠠᠯᠭᠢᠬᠤ ᠪᠠ ᠰᠤᠷᠭᠠᠨ ᠬᠥᠮᠦᠵᠢᠯ᠂ ᠡᠮ ᠡᠮᠨᠡᠯᠭᠡ᠂ ᠲᠠᠷᠢᠶᠠᠯᠠᠩ᠂ ᠵᠠᠰᠠᠮᠠᠯ ᠵᠠᠮ ᠤᠨ ᠢᠨᠵᠧᠨᠧᠷᠢᠩ ᠤᠨ ᠬᠦᠷᠢᠶ᠎ᠡ ᠴᠠᠷᠠᠭ᠎ᠠ ᠳᠤ ᠬᠢ ᠡᠷᠬᠡ ᠪᠠᠨ ᠠᠰᠢᠭᠯᠠᠨ ᠠᠮᠢ ᠪᠠᠨ ᠪᠣᠷᠳᠣᠬᠤ ᠯᠤᠭ᠎ᠠ ᠬᠤᠯᠪᠣᠭᠳᠠᠭᠰᠠᠨ ᠡᠷᠡᠭᠦᠦ ᠶᠢᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠪᠡ᠃ ︽ᠤᠯᠠᠨ ᠲᠦᠮᠡᠨ ᠤ ᠳᠡᠷᠭᠡᠳᠡᠬᠢ ᠵᠢᠵᠢᠭ ᠰᠠᠵᠢᠭ ᠬᠡᠷᠡᠭ ᠲᠤ ᠰᠡᠳᠬᠢᠯ ᠲᠠᠯᠪᠢᠨ ᠦᠨᠡᠨ ᠰᠡᠳᠬᠢᠯ ᠠᠴᠠ ᠪᠠᠨ ᠰᠠᠶᠢᠲᠤᠷ ᠰᠢᠢᠳᠪᠦᠷᠢᠯᠡᠬᠦ︾ ᠲᠠᠯ᠎ᠠ ᠠᠴᠠ ᠬᠦᠴᠦᠯᠡᠵᠦ᠂ ᠴᠠᠬᠢᠯᠭᠠᠨ ᠬᠤᠯᠪᠣᠭ᠎ᠠ᠂ ᠰᠦᠯᠵᠢᠶᠡᠨ ᠤ ᠮᠡᠬᠡᠯᠡᠯ ᠤᠨ ᠬᠤᠯᠪᠣᠭᠳᠠᠯ ᠪᠦᠬᠦᠢ ᠶᠠᠯᠠᠲᠤ ᠬᠡᠷᠡᠭ᠂ ᠦᠢᠯᠡᠳᠪᠦᠷᠢᠯᠡᠯ ᠤᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠤᠭᠰᠠᠨ ᠶᠠᠯᠠᠲᠤ ᠬᠡᠷᠡᠭ᠂  ᠤᠯᠠᠨ ᠨᠡᠶᠢᠲᠡ ᠶᠢᠨ ᠬᠠᠳᠠᠭᠠᠯᠠᠮᠵᠢ ᠶᠢ ᠬᠠᠤᠯᠢ ᠪᠤᠰᠤ ᠪᠠᠷ ᠲᠠᠲᠠᠬᠤ᠂ ᠪᠡᠯᠡ ᠮᠥᠩᠭᠦ ᠴᠤᠭᠯᠠᠭᠤᠯᠤᠨ ᠮᠡᠬᠡᠯᠡᠬᠦ ᠵᠡᠷᠭᠡ ᠤᠯᠠᠨ ᠲᠦᠮᠡᠨ ᠯᠦᠭᠡ ᠬᠤᠯᠪᠣᠭᠳᠠᠭᠰᠠᠨ ᠶᠠᠯᠠᠲᠤ ᠬᠡᠷᠡᠭ ᠲᠤ ᠴᠢᠩᠭ᠎ᠠ ᠴᠣᠬᠢᠯᠲᠠ ᠦᠭᠪᠡ᠃ ᠬᠥᠳᠡᠯᠮᠦᠷᠢᠴᠢᠳ ᠤᠨ ︽ᠬᠥᠯᠥᠰᠦ ᠣᠯᠭᠤᠮᠵᠢ ᠶᠢᠨ ᠲᠥᠯᠥᠭᠡ ᠵᠣᠪᠠᠨᠢᠵᠤ︾ ᠪᠠᠶᠢᠭ᠎ᠠ ᠠᠰᠠᠭᠤᠳᠠᠯ ᠢ ᠢᠳᠡᠪᠬᠢᠲᠡᠢ ᠪᠠᠷ ᠰᠢᠢᠳᠪᠦᠷᠢᠯᠡᠵᠦ᠂ ᠬᠥᠯᠥᠰᠦᠨ ᠠᠵᠢᠯᠴᠢᠨ ᠤ ᠴᠠᠯᠢᠩ ᠢ ᠨᠢ ᠥᠷᠢᠲᠦᠵᠦ ᠪᠠᠶᠢᠭ᠎ᠠ ᠨᠢᠭᠡᠴᠢ ᠶᠢᠨ ᠬᠢᠨ ᠢ ᠵᠠᠭᠠᠯᠳᠤᠬᠤ ᠶᠢ ᠲᠡᠮᠵᠢᠵᠤ᠂ ᠬᠥᠳᠡᠯᠮᠦᠷᠢ ᠶᠢᠨ ᠬᠥᠯᠥᠰᠦ ᠣᠯᠭᠤᠮᠵᠢ ᠥᠭᠬᠦ ᠶᠢ ᠲᠡᠪᠴᠢᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠦᠭᠭᠦᠯ᠎ᠡ᠃ ᠪᠠᠶᠢᠴᠠᠭᠠᠬᠤ ᠪᠠᠶᠢᠭᠤᠯᠭ᠎ᠠ ᠶᠢᠨ ᠬᠢᠨ ᠤ ︽ᠠᠵᠤ ᠠᠬᠤᠶᠢᠯᠠᠯ ᠢ ᠬᠠᠮᠠᠭᠠᠯᠠᠬᠤ ᠲᠠᠪᠤᠨ ᠠᠷᠭ᠎ᠠ︾ ᠪᠠᠷ ᠬᠠᠤᠯᠢ ᠪᠠᠷ ᠵᠠᠰᠠᠬᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠤᠢ ᠪᠣᠯᠭᠠᠬᠤ ᠳᠤ ᠬᠦᠴᠦᠨ ᠨᠡᠮᠡᠷᠢᠯᠡᠪᠡ᠃     ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ  ᠬᠢᠨ ᠨᠠᠮ ᠤᠨ ᠰᠠᠬᠢᠯᠭ᠎ᠠ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠢ ᠠᠬᠢᠭᠤᠯᠵᠤ᠂ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ   ᠶᠢ ᠰᠠᠬᠢᠬᠤ ᠪᠠ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠵᠡᠷᠭᠡ ᠪᠠᠷ ᠬᠦᠴᠦᠯᠡᠬᠦ ᠶᠢ ᠪᠠᠷᠢᠮᠲᠠᠯᠠᠨ᠂ ᠰᠢᠰᠲ᠋ᠧᠮ ᠤᠨ ᠳᠣᠲᠣᠷᠠᠬᠢ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠢᠨ ᠨᠢ ᠲᠤᠰᠬᠠᠢ ᠰᠡᠳᠦᠪᠲᠦ ᠨᠣᠮ ᠤᠩᠰᠢᠬᠤ ᠠᠩᠭᠢ ᠡᠷᠭᠢᠯᠡᠬᠦ᠂ ᠰᠤᠷᠤᠯᠴᠠᠵᠤ ᠰᠤᠳᠤᠯᠤᠨ ᠶᠠᠷᠢᠯᠴᠠᠬᠤ᠂ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠬᠦ ᠪᠠᠷ ᠳᠠᠮᠵᠢᠭᠤᠯᠤᠨ  ᠨᠠᠮ ᠤᠨ ᠰᠠᠬᠢᠯᠭ᠎ᠠ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠬᠥᠭᠵᠢᠯᠲᠡ ᠶᠢ ᠠᠬᠢᠭᠤᠯᠬᠤ᠂ ᠣᠯᠠᠨ ᠲᠦᠮᠡᠨ ᠳᠤ ᠦᠢᠯᠡᠴᠢᠯᠡᠬᠦ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠤᠬᠰᠠᠨ ᠪᠠᠶᠢᠨ᠎ᠠ᠃ ᠦᠪᠤᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠢᠨ ︽ᠵᠠᠩᠭᠢᠯᠠᠭ᠎ᠠ ᠶᠢᠨ ᠴᠥᠭᠡᠨ ᠲᠣᠭᠠᠲᠠᠨ︾ ︽ᠵᠠᠩᠭᠢᠯᠠᠭ᠎ᠠ ᠶᠢᠨ ᠠᠵᠢᠯ ᠤᠨ ᠪᠠᠶᠢᠷᠢ︾ ᠲᠡᠬᠡᠷᠡᠬᠢ ᠬᠥᠮᠥᠰ ᠢ ᠵᠣᠬᠢᠶᠠᠨ ᠪᠠᠶᠢᠭᠤᠯᠤᠨ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠭᠦᠯᠵᠦ᠂ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠤᠭᠤᠳᠴᠤ ᠰᠡᠷᠡᠮᠵᠢᠯᠡᠭᠦᠯᠵᠦ᠂ ᠬᠤᠷᠢᠭ᠎ᠠ ᠱᠤᠭᠤᠮ ᠢ ᠲᠣᠳᠣᠷᠬᠠᠢ  ᠪᠤᠯᠭᠠᠯ᠎ᠠ᠃  ︽ᠤᠳᠠᠭᠠᠨ ᠪᠦᠳᠦᠭᠦᠯᠢᠭ ᠬᠤᠭᠤᠰᠤᠨ︾ ᠬᠠᠷᠢᠭᠤᠴᠠᠯᠭ᠎ᠠ ᠡᠭᠦᠷᠭᠡᠯᠡᠬᠦ ᠦᠭᠡᠢ᠂ ᠠᠵᠢᠯ ᠬᠢᠬᠦ ᠦᠭᠡᠢ ᠵᠡᠷᠭᠡ ᠠᠰᠠᠭᠤᠳᠠᠯ ᠳᠤ ᠴᠢᠭᠯᠡᠭᠦᠯᠦᠨ᠂ ᠬᠤᠯᠪᠣᠭᠳᠠᠯ ᠪᠦᠬᠦᠢ ᠬᠥᠮᠥᠰ ᠢ  ᠶᠠᠷᠢᠯᠴᠠᠨ ᠰᠠᠨᠠᠭᠤᠯᠵᠤ᠂ ᠰᠢᠭᠦᠮᠵᠢᠯᠡᠨ ᠰᠤᠷᠭᠠᠪᠠ᠃ ᠡᠭᠦᠨ ᠤ ᠬᠠᠮᠲᠤ ᠨᠠᠮ ᠤᠨ ᠰᠠᠬᠢᠯᠭ᠎ᠠ ᠶᠢᠨ ᠰᠤᠷᠤᠯᠴᠠᠯᠭ᠎ᠠ ᠬᠥᠮᠦᠵᠢᠯ ᠢ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ᠂ ᠡᠮ ᠡᠮᠨᠡᠯᠭᠡ ᠶᠢᠨ ᠬᠦᠷᠢᠶ᠎ᠡ ᠴᠠᠷᠠᠭ᠎ᠠ ᠳᠤ ᠬᠢ ᠢᠯᠵᠢᠷᠡᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ᠂ ᠲᠣᠮᠣ ᠬᠡᠯᠪᠡᠷᠢ ᠶᠢᠨ ᠡᠮᠨᠡᠯᠭᠡ ᠶᠢᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠵᠡᠷᠭᠡ ᠠᠵᠢᠯ  ᠯᠤᠭ᠎ᠠ ᠣᠷᠭᠠᠨᠢᠭ ᠢᠶᠠᠷ ᠠᠭᠤᠰᠤᠯᠴᠠᠭᠤᠯᠤᠨ ᠨᠢᠭᠡ ᠴᠣᠭᠴᠠᠵᠢᠭᠤᠯᠤᠨ ᠠᠬᠢᠭᠤᠯᠤᠭᠠᠳ᠂ ᠡᠮ ᠡᠮᠨᠡᠯᠭᠡ ᠶᠢᠨ ᠬᠦᠷᠢᠶ᠎ᠡ ᠴᠠᠷᠠᠭ᠎ᠠ ᠳᠤ ᠬᠢ ᠢᠯᠵᠢᠷᠡᠯ ᠤᠨ ᠠᠰᠠᠭᠤᠳᠠᠯ ᠳᠤ ᠴᠢᠭᠯᠡᠭᠦᠯᠦᠨ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠳᠤᠮᠳᠠᠬᠢ ᠤᠯᠠᠨ ᠲᠦᠮᠡᠨ ᠤ ᠳᠡᠷᠭᠡᠳᠡᠬᠢ ᠠᠰᠠᠭᠤᠳᠠᠯ ᠤᠨ ᠰᠦᠪᠡᠭᠴᠢ ᠶᠢ ᠰᠢᠢᠳᠪᠦᠷᠢᠯᠡᠵᠦ ᠳᠠᠭᠤᠰᠬᠠᠬᠤ ᠨᠤᠷᠮ᠎ᠠ ᠶᠢ 90% ᠠᠴᠠ ᠳᠡᠭᠡᠭᠰᠢ ᠳᠤ ᠬᠦᠷᠭᠡᠭᠰᠡᠨ ᠪᠠᠶᠢᠨ᠎ᠠ᠃   ᠤᠯᠠᠭᠠᠨᠴᠠᠪ ᠬᠤᠲᠠ ᠶᠢᠨ ᠬᠢᠨ ᠡᠭᠦᠷᠭᠡ ᠶᠢ ᠬᠠᠮᠲᠤ ᠪᠠᠷ ᠠᠳᠬᠤᠬᠤ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ᠂ ᠦᠷ᠎ᠡ ᠪᠦᠲᠦᠭᠡᠯ ᠢ ᠬᠠᠮᠲᠤ ᠪᠠᠷ ᠬᠡᠷᠡᠭᠯᠡᠬᠦ ᠶᠢ ᠪᠠᠷᠢᠮᠲᠠᠯᠠᠨ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠨᠢᠭᠡ ᠴᠣᠭᠴᠠᠵᠢᠭᠤᠯᠤᠨ ᠠᠬᠢᠭᠤᠯᠵᠤ᠂  ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠭᠤᠷᠪᠠᠨ ᠠᠵᠢᠯ ᠢ ᠥᠷᠨᠢᠭᠦᠯᠪᠡ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠢᠨ ᠨᠡᠶᠢᠲᠡᠯᠢᠭ ᠵᠢᠱᠢᠶ᠎ᠡ ᠶᠢ ᠵᠠᠷᠯᠠᠨ ᠮᠡᠳᠡᠭᠳᠡᠬᠦ ᠪᠠᠶᠢᠩᠭᠤ ᠶᠢᠨ ᠲᠣᠭᠲᠠᠴᠠ ᠶᠢ ᠪᠠᠶᠢᠭᠤᠯᠬᠤ ᠵᠡᠷᠭᠡ ᠠᠷᠭ᠎ᠠ ᠪᠠᠷ ᠨᠠᠮ ᠤᠨ ᠭᠡᠰᠢᠭᠦᠨ ᠺᠠᠳ᠋ᠷᠴᠤᠳ ᠢ ᠬᠥᠮᠥᠵᠢᠭᠦᠯᠦᠨ ᠵᠢᠯᠤᠭᠤᠳᠴᠤ ᠪᠠᠶᠢᠭᠠᠳ ᠶᠠᠭᠤ  ᠶᠢ ᠬᠢᠵᠦ ᠪᠣᠯᠬᠤ᠂ ᠶᠠᠭᠤ ᠶᠢ ᠦᠯᠤ ᠬᠢᠵᠤ ᠪᠣᠯᠬᠤ ᠶᠢ ᠣᠶᠢᠯᠠᠭᠠᠭᠤᠯᠪᠠ᠃ ᠡᠭᠦᠨ ᠤ  ᠬᠠᠮᠳᠤ ᠪᠠᠰᠨ ᠦᠨᠳᠦᠰᠦᠨ ᠱᠠᠲᠤᠨ ᠤ ᠺᠠᠳ᠋ᠷ ᠣᠯᠠᠨ ᠲᠦᠮᠡᠨ ᠤ ᠳᠤᠷ᠎ᠠ ᠦᠭᠡᠶᠢᠴᠡᠯ ᠢ ᠬᠦᠷᠭᠡᠭᠰᠡᠨ ᠲᠣᠪᠣᠶᠢᠮ᠎ᠠ ᠠᠰᠠᠭᠤᠳᠠᠯ ᠲᠡᠬᠡᠷ᠎ᠡ ᠠᠩᠬᠠᠷᠤᠯ ᠢᠶᠠᠨ ᠲᠥᠪᠯᠡᠷᠡᠭᠦᠯᠦᠨ᠂ ᠤᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠱᠦᠵᠢ ᠲᠦᠷᠦᠭᠦᠯᠡᠨ ᠳᠠᠭᠠᠭᠠᠨ ᠬᠤᠯᠪᠣᠭᠠᠯᠠᠵᠤ ᠠᠬᠢᠭᠤᠯᠤᠨ᠂ 18 ᠪᠦᠷᠢᠯᠳᠦᠭᠦᠨ ᠨᠢᠬᠡᠴᠢ ᠶᠢᠨ ᠬᠢᠨ ᠬᠦᠴᠦ ᠪᠠᠨ ᠬᠠᠮᠲᠤᠳᠬᠠᠨ ᠬᠠᠮᠵᠢᠯᠴᠠᠵᠤ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠦᠨ᠂ ᠵᠢᠨᠢᠩ ᠲᠣᠭᠤᠷᠢᠭ ᠤᠨ ᠬᠤ᠋ ᠱᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠵᠢᠶᠠ ᠶᠤᠸᠠᠨ ᠨᠡᠶᠢᠭᠡᠮ ᠲᠣᠭᠤᠷᠢᠭ ᠵᠡᠷᠭᠡ 12 ᠨᠡᠶᠢᠭᠡᠮ ᠲᠣᠭᠤᠷᠢᠭ ᠲᠤ ᠭᠦᠨᠵᠡᠭᠡᠶᠢᠷᠡᠨ ︽ᠲᠤᠶᠠᠴᠢᠨ ᠵᠠᠳᠠᠯᠬᠤ ᠮᠠᠶ᠋ᠢᠭ︾ ᠤᠨ ᠪᠠᠶᠢᠴᠠᠭᠠᠨ ᠰᠤᠳᠤᠯᠤᠯᠲᠠ ᠬᠢᠵᠦ᠂ ᠡᠯ᠎ᠡ ᠱᠠᠲᠤᠨ ᠤ ᠠᠵᠢᠯ ᠶᠠᠪᠤᠳᠠᠯ ᠤᠨ ᠡᠷᠬᠡ ᠶᠢ ᠤᠯᠠᠮ ᠨᠢᠭᠡ ᠠᠯᠬᠤᠮ ᠲᠣᠳᠣᠷᠬᠠᠶᠢᠯᠠᠨ᠂ ᠦᠨᠳᠦᠰᠦᠨ ᠱᠠᠲᠤᠨ ᠤ ᠬᠦᠯᠢᠶᠡᠰᠦ ᠶᠢ ᠰᠤᠯᠠᠷᠠᠭᠤᠯᠵᠤ ᠬᠦᠴᠦᠨ ᠴᠢᠳᠠᠯ ᠢ ᠣᠯᠭᠤᠭᠰᠠᠨ ᠪᠠᠶᠢᠨ᠎ᠠ᠃ ᠰᠦᠪᠡᠭᠴᠢ ᠶᠢ ᠰᠢᠢᠳᠪᠦᠷᠢᠯᠡᠬᠦ᠂ ᠬᠡᠷᠡᠭ ᠢ ᠪᠠᠶᠢᠴᠠᠭᠠᠨ ᠰᠢᠢᠳᠪᠦᠷᠢᠯᠡᠬᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠳᠦᠷᠢᠮ ᠲᠣᠭᠲᠠᠭᠠᠯ ᠲᠣᠭᠲᠠᠭᠠᠬᠤ ︽ᠳᠥᠷᠪᠡ ᠶᠢ ᠨᠢᠭᠡ ᠴᠣᠭᠴᠠᠵᠢᠭᠤᠯᠬᠤ︾ ᠠᠵᠢᠯᠯᠠᠭᠠᠨ ᠤ ᠲᠣᠭᠲᠠᠴᠠ ᠶᠢ ᠪᠠᠶᠢᠭᠤᠯᠵᠤ᠂ ᠰᠤᠷᠤᠯᠴᠠᠬᠤ ᠪᠠ ᠬᠡᠷᠡᠭᠯᠡᠬᠦ ᠶᠢ ᠤᠶᠠᠯᠳᠤᠭᠤᠯᠬᠤ ᠶᠢ ᠨᠡᠩ ᠨᠢᠭᠲᠠ ᠪᠣᠯᠭᠠᠬᠤ᠂ ᠠᠰᠠᠭᠤᠳᠠᠯ ᠢ ᠰᠢᠢᠳᠪᠦᠷᠢᠯᠡᠬᠦ ᠳᠤ ᠨᠡᠩ ᠠᠩᠬᠠᠷᠤᠯ ᠢᠶᠠᠨ ᠲᠥᠪᠯᠡᠷᠡᠭᠦᠯᠬᠦ᠂ ᠴᠡᠭᠴᠡᠯᠡᠨ ᠰᠠᠶᠢᠵᠢᠷᠠᠭᠤᠯᠵᠤ ᠠᠵᠢᠯ ᠤᠨ ᠦᠷ᠎ᠡ ᠪᠦᠳᠤᠮᠵᠢ ᠶᠢ ᠳᠡᠭᠡᠭᠰᠢᠯᠡᠭᠦᠯᠬᠦ ᠶᠢ ᠨᠡᠩ ᠪᠦᠲᠦᠮᠵᠢᠲᠡᠶ ᠪᠣᠯᠭᠠᠬᠤ ᠶᠢ ᠠᠬᠢᠭᠤᠯᠵᠤ ᠴᠢᠳᠠᠬᠰᠠᠨ ᠪᠠᠶᠢᠨ᠎ᠠ᠃    ᠪᠠᠶᠠᠨᠨᠠᠭᠤᠷ ᠬᠤᠳᠠ ᠶᠢᠨ ᠦᠶᠤᠸᠠᠨ ᠰᠢᠶᠠᠨ ᠤ ᠬᠢᠨ ᠨᠠᠮ ᠤᠨ ᠰᠠᠬᠢᠯᠭ᠎ᠠ ᠶᠢᠨ ᠰᠤᠷᠤᠯᠴᠠᠯᠭ᠎ᠠ ᠬᠥᠮᠦᠵᠢᠯ ᠪᠣᠯᠣᠨ ᠬᠡᠯᠪᠡᠷᠢᠴᠢ ᠦᠵᠡᠯ ᠢ ᠴᠡᠭᠴᠡᠯᠡᠨ ᠵᠠᠰᠠᠬᠤ ᠠᠵᠢᠯ ᠢᠶᠠᠷ ᠦᠨᠳᠦᠰᠦᠨ ᠱᠠᠲᠤᠨ ᠤ ᠬᠢᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ ᠴᠡᠭᠴᠡᠯᠡᠨ ᠵᠠᠰᠠᠬᠤ ᠶᠢ ᠠᠭᠤᠰᠤᠯᠴᠠᠭᠤᠯᠤᠨ ᠠᠬᠢᠭᠤᠯᠵᠤ᠂ ᠨᠢᠭᠡ ᠴᠣᠭᠴᠠᠵᠢᠭᠤᠯᠤᠨ ᠨᠡᠪᠲᠡᠷᠡᠭᠦᠯᠵᠡᠢ᠃ ᠪᠠᠶᠠᠨᠨᠠᠭᠤᠷ ᠬᠤᠳᠠ ᠶᠢᠨ ᠦᠶᠤᠸᠠᠨ ᠰᠢᠶᠠᠨ ᠤ ᠬᠢᠨ ᠵᠣᠬᠢᠶᠠᠨ ᠪᠠᠶᠢᠭᠤᠯᠵᠤ ᠤᠳᠤᠷᠢᠳᠬᠤ᠂ ᠰᠤᠷᠤᠯᠴᠠᠯᠭ᠎ᠠ ᠬᠥᠮᠦᠵᠢᠯ ᠬᠢᠬᠦ᠂ ᠵᠣᠬᠢᠴᠠᠭᠤᠯᠤᠨ ᠲᠣᠬᠢᠷᠠᠭᠤᠯᠬᠤ᠂ ᠱᠠᠯᠠᠪᠳᠠᠭᠤᠯᠤᠨ ᠵᠢᠯᠤᠭᠤᠳᠬᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠶᠠᠷᠢᠶ᠎ᠠ ᠬᠡᠯᠡᠯᠴᠡᠭᠡᠨ ᠤ ᠵᠢᠯᠣᠭᠤᠳᠤᠯᠭ᠎ᠠ ᠵᠡᠷᠬᠡ ︽ᠵᠢᠷᠭᠤᠭ᠎ᠠ ᠶᠢ ᠨᠢᠭᠡ ᠴᠣᠭᠴᠠᠵᠢᠭᠤᠯᠬᠤ︾ ᠶᠢ ᠠᠬᠢᠭᠤᠯᠤᠨ ᠨᠠᠶᠢᠳᠠᠪᠤᠷᠢᠵᠢᠭᠤᠯᠬᠤ ᠲᠣᠭᠲᠠᠴᠠ ᠶᠢ ᠪᠠᠶᠢᠭᠤᠯᠵᠤ᠂ ᠲᠣᠰᠬᠤᠨ ᠨᠡᠶᠢᠭᠡᠮ ᠲᠣᠭᠤᠷᠢᠭ ᠤᠨ ᠫᠠᠶᠢᠰᠠ ᠡᠯᠭᠦᠬᠦ ᠶᠢ ᠵᠢᠷᠤᠮᠵᠢᠭᠤᠯᠬᠤ᠂ ︽ᠭᠠᠷᠠᠭ ᠢᠶᠠᠷ ᠲᠣᠬᠢᠷᠠᠭᠤᠯᠬᠤ︾ ︽ᠰᠠᠷ᠎ᠠ ᠪᠠᠷ ᠲᠣᠬᠢᠷᠠᠭᠤᠯᠬᠤ︾ ᠡᠬᠡ ᠳᠠᠩᠰᠠ ᠶᠢ ᠴᠡᠪᠡᠷᠯᠡᠬᠦ ᠵᠡᠷᠭᠡ ᠠᠵᠢᠯ ᠢ ᠥᠷᠨᠢᠭᠦᠯᠵᠦ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨ ᠬᠦ ᠬᠦᠡᠭᠭᠡᠷᠡᠬᠦᠯᠵᠤ ᠴᠢᠳᠠᠬᠰᠠᠨ ᠪᠠᠶᠢᠯ᠎ᠠ᠃       ᠡᠭᠦᠨ ᠤ ᠬᠠᠮᠲᠤ ᠪᠠᠰᠨ ︽ᠨᠠᠮ ᠤᠨ ᠭᠡᠰᠢᠭᠦᠨ ᠺᠠᠳ᠋ᠷᠴᠤᠳ ᠤᠨ ᠴᠢᠳᠠᠪᠤᠷᠢ ᠶᠢ ᠳᠡᠭᠡᠭᠰᠢᠯᠡᠭᠦᠯᠬᠦ ᠣᠨ︾ ᠤ ᠠᠵᠢᠯᠯᠠᠭ᠎ᠠ ᠶᠢ ᠶᠡᠭᠡ ᠪᠠᠷ ᠵᠤᠬᠢᠶᠠᠨ ᠪᠠᠶᠢᠭᠤᠯᠤᠨ ᠦᠷᠨᠢᠬᠦᠯᠤᠬᠡᠳ᠂ ᠰᠢᠶᠠᠨ ᠭᠠᠵᠠᠷ ᠤᠨ ᠲᠡᠰ ᠤᠨ ᠤᠳᠤᠷᠢᠳᠤᠯᠭ᠎ᠠ ᠰᠤᠮᠤ᠂ ᠰᠢᠶᠠᠩ᠂ ᠪᠠᠯᠭᠠᠰᠤ ᠶᠢ ᠳᠠᠭᠠᠭᠠᠴᠢᠯᠠᠵᠤ᠂ ᠠᠵᠤ ᠦᠢᠯᠡᠰ ᠢ ᠳᠠᠭᠠᠭᠠᠴᠢᠯᠠᠵᠤ᠂ ᠲᠦᠷᠦᠯ ᠵᠦᠢᠯ ᠢ ᠳᠠᠭᠠᠭᠠᠴᠢᠯᠠᠵᠤ᠂ ᠪᠠᠶᠢᠭᠤᠯᠭ᠎ᠠ ᠨᠢᠭᠡᠴᠢ ᠶᠢᠨ ︽ᠨᠢᠭᠡᠳᠦᠭᠡᠷ ᠭᠠᠷ︾ ᠷᠠᠳᠢᠣ᠋ ᠪᠠᠷ ᠵᠠᠰᠠᠭ ᠤᠨ ᠶᠠᠪᠤᠳᠠᠯ ᠢ ᠰᠤᠨᠤᠰᠬᠤ  ᠳᠤ ᠪᠠᠨ ᠵᠠᠬᠢᠳᠠᠯ ᠰᠣᠷᠪᠤᠯᠵᠢᠯᠠᠭ᠎ᠠ ᠶᠢᠨ ᠬᠦᠴᠢᠷ ᠠᠰᠠᠭᠤᠳᠠᠯ᠂  ᠵᠠᠰᠠᠭ ᠤᠨ ᠶᠠᠪᠤᠳᠠᠯ ᠤᠨ ᠦᠷ᠎ᠡ ᠪᠦᠲᠦᠮᠵᠢ ᠶᠢ ᠠᠰᠠᠭᠤᠵᠤ᠂ ᠰᠠᠯᠠᠭᠠᠨ ᠤ ᠱᠠᠲᠤᠨ ᠤ ᠺᠠᠳ᠋ᠷ ᠵᠠᠬᠢᠳᠠᠯ ᠰᠣᠷᠪᠤᠯᠵᠢᠯᠠᠭ᠎ᠠ ᠶᠢᠨ ᠲᠠᠩᠭᠢᠮ᠂ ᠵᠠᠰᠠᠭ ᠤᠨ ᠶᠠᠪᠤᠳᠠᠯ ᠤᠨ ᠲᠠᠩᠭᠢᠮ᠂ ᠨᠡᠶᠢᠭᠡᠮ ᠲᠣᠭᠤᠷᠢᠭ ᠲᠣᠰᠬᠤᠨ ᠳᠤᠭᠤᠶᠢᠯᠠᠩ ᠳᠤ ᠬᠦᠷᠴᠦ᠂ ᠵᠠᠯᠠᠭᠤ ᠺᠠᠳ᠋ᠷᠴᠤᠳ ᠦᠵᠡᠯ ᠰᠠᠨᠠᠭ᠎ᠠ ᠤᠯᠤᠰ ᠲᠦᠷᠦ ᠂ ᠴᠢᠳᠠᠪᠤᠷᠢ ᠬᠡᠪ ᠴᠢᠨᠠᠷ᠂  ᠰᠤᠷᠲᠠᠯ ᠤᠨ ᠰᠠᠬᠢᠯᠭ᠎ᠠ ᠪᠠᠲᠤ ᠪᠠᠨ ᠳᠠᠪᠲᠠᠨ ᠪᠣᠯᠪᠠᠰᠤᠷᠠᠭᠤᠯᠵᠤ᠂ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠠᠵᠤ ᠠᠬᠤᠢ ᠨᠡᠶᠢᠭᠡᠮ ᠤᠨ ᠴᠢᠨᠠᠷᠯᠢᠭ ᠬᠥᠭᠵᠢᠯᠲᠡ ᠶᠢ ᠠᠬᠢᠭᠤᠯᠤᠬᠰᠠᠨ ᠪᠠᠶᠢᠨ᠎ᠠ᠃                  
 
ᠢᠷᠡᠯᠲᠡ᠄ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号